ᠲᠣᠭᠤᠶᠢᠲᠠᠯ᠎ᠠ ᠪᠠᠯᠭᠠᠰᠤ : ᠲᠠᠷᠢᠮᠠᠯ ᠤᠨ ᠠᠷᠭ᠎ᠠ ᠪᠠᠨ ᠬᠤᠪᠢᠷᠠᠭᠤᠯᠤᠨ ᠬᠤᠵᠢᠷᠯᠢᠭ ᠭᠠᠵᠠᠷ ᠢ ᠥᠭᠡᠷᠡᠴᠢᠯᠠᠨ ᠠᠰᠢᠭᠯᠠᠵᠤ ᠪᠠᠶᠢᠨ᠎ᠠ
ᠨᠡᠶᠢᠲᠡᠯᠡᠭᠰᠡᠨ ᠴᠠᠭ᠄
2024/6/28
    ᠬᠠᠩᠭᠢᠨ‌ᠬᠤᠰᠢᠭᠤᠨ ᠤ ᠲᠣᠭᠤᠶᠢᠳᠠᠯ᠎ᠡ ᠪᠠᠯᠭᠠᠰᠤ ᠬᠤᠵᠢᠷᠯᠢᠭ ᠭᠠᠵᠠᠷ ᠢ ᠶᠠᠷᠤᠩᠭᠡᠶᠢᠯᠠᠨ ᠥᠭᠡᠷᠡᠴᠢᠯᠡᠨ ᠠᠰᠢᠭᠯᠠᠬᠤ ᠠᠵᠢᠯ ᠢ ᠰᠠᠶᠢᠳᠤᠷ ᠠᠳᠬᠤᠵᠤ᠂ ᠬᠤᠵᠢᠷᠯᠢᠭ ᠭᠠᠵᠠᠷ ᠢ ᠨᠡᠭᠡᠭᠡᠨ  ᠠᠰᠢᠭᠯᠠᠬᠤ ᠳᠠᠯᠳᠠ ᠬᠦᠴᠦᠨ ᠢ ᠭᠦᠢᠴᠡᠳ ᠠᠭᠤᠳᠠᠯᠯᠠᠵᠤ᠂ ᠲᠠᠷᠢᠶᠠᠨ ᠴᠢᠬᠢ ᠶᠢ ᠰᠢᠯᠵᠢᠭᠦᠯᠦᠨ ᠲᠠᠷᠢᠬᠤt ᠲᠤᠷᠰᠢᠯᠲᠠ ᠶᠢᠨ ᠲᠠᠷᠢᠶᠠᠨ ᠭᠠᠵᠠᠷ ᠪᠠᠶᠢᠭᠤᠯᠤᠨ᠂ ᠲᠠᠷᠢᠮᠠᠯ ᠤᠨ ᠤᠷᠭᠤᠴᠠ ᠶᠢᠨ ᠨᠤᠷᠮ᠎ᠠ ᠶᠢ ᠳᠡᠭᠡᠭᠰᠢᠯᠡᠭᠦᠯᠦᠨ᠂ ᠤᠨᠠᠯᠲᠠ ᠶᠢ ᠪᠠᠲᠤᠯᠠᠵᠤ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠵᠠᠮ ᠢ ᠬᠠᠶᠢᠨ ᠰᠥᠪᠡᠭᠴᠢᠯᠡᠭᠰᠡᠨ ᠪᠠᠶᠢᠨ᠎ᠠ᠃    ᠲᠣᠭᠤᠶᠢᠳᠠᠯ᠎ᠠ ᠪᠠᠯᠭᠠᠰᠤ ᠨᠢ ᠬᠠᠲᠤᠨ ᠭᠤᠣᠯ ᠤᠨ ᠶᠠᠮᠤᠨ᠎ᠠ ᠠᠷᠭᠢ ᠳᠤ ᠪᠠᠶᠢᠷᠢᠯᠡᠵᠤ᠂ ᠬᠠᠲᠤᠨ ᠭᠤᠣᠯ ᠤᠨ ᠦᠶᠡᠷ ᠬᠠᠯᠢᠶ᠎ᠡ ᠶᠢᠨ ᠨᠣᠯᠦᠭᠡ ᠪᠠᠷ ᠭᠠᠵᠠᠷ ᠰᠢᠷᠣᠢ ᠶᠢᠨ ᠬᠤᠵᠢᠷᠰᠢᠯ ᠤᠨ ᠬᠡᠮᠵᠢᠶ᠎ᠡ ᠨᠠᠯᠢᠶᠠᠤᠨ ᠥᠨᠳᠥᠷ ᠪᠠᠶᠢᠳᠠᠭ ᠠᠴᠠ ᠬᠥᠷᠥᠰᠥ ᠰᠢᠷᠣᠢ ᠨᠢ ᠠᠮᠠᠷᠬᠠᠨ ᠳᠠᠭᠰᠢᠷᠠᠵᠤ ᠬᠠᠲᠠᠭᠤᠷᠠᠨ᠂ ᠲᠠᠷᠢᠶᠠᠨ ᠴᠢᠬᠢ ᠬᠥᠷᠥᠰᠥ ᠶᠢ ᠨᠡᠪᠲᠡᠯᠵᠤ ᠴᠣᠬᠤᠶᠢᠨ ᠭᠠᠷᠬᠤ ᠳᠤ ᠬᠦᠴᠢᠷ ᠪᠠᠶᠢᠵᠤ᠂ ᠲᠠᠷᠢᠮᠠᠯ ᠤᠨ ᠤᠷᠭᠤᠴᠠ ᠶᠢ ᠨᠢ ᠶᠡᠬᠡᠪᠡᠷ ᠨᠥᠯᠥᠭᠡᠯᠡᠳᠡᠭ᠃ ᠳᠤᠭᠤᠶᠢᠲᠠᠯ᠎ᠠ ᠪᠠᠯᠭᠠᠰᠤ ᠨᠢ ᠦᠷ᠎ᠡ ᠲᠠᠷᠢᠬᠤ ᠤᠯᠠᠮᠵᠢᠯᠠᠯᠲᠤ ᠲᠠᠷᠢᠮᠠᠯ ᠤᠨ ᠠᠷᠭ᠎ᠠ ᠪᠠᠨ ᠥᠭᠡᠷᠡᠴᠢᠯᠡᠨ ᠰᠦᠯᠢᠶᠣᠣ ᠪᠦᠷᠬᠦᠪᠴᠢ ᠶᠢᠨ ᠳᠣᠣᠷ᠎ᠠ ᠲᠣᠰᠣᠯᠭᠠᠨ ᠤᠰᠤᠯᠠᠬᠤ ᠮᠡᠷᠭᠡᠵᠢᠯ ᠢ ᠠᠰᠢᠭᠯᠠᠵᠤ᠂ ᠪᠣᠷᠳᠣᠭᠤᠷ ᠪᠣᠯᠣᠨ ᠤᠰᠤ ᠶᠢ ᠨᠢᠭᠡ ᠴᠤᠭᠴᠠᠵᠢᠭᠤᠯᠵᠤ᠂ ᠬᠦᠮᠦᠨ ᠤ ᠬᠦᠴᠦ ᠪᠠᠷ ᠰᠦᠯᠢᠶᠣᠣ ᠪᠦᠷᠬᠦᠪᠴᠢ ᠶᠢ ᠨᠡᠪᠲᠡᠯᠦᠨ ᠨᠦᠬᠡ ᠮᠠᠯᠲᠠᠵᠤ ᠨᠠᠷᠠᠨ ᠬᠤᠸᠠᠷ ᠤᠨ ᠴᠢᠬᠢ ᠶᠢ ᠰᠢᠯᠵᠢᠭᠦᠯᠦᠨ ᠲᠠᠷᠢᠭᠠᠳ ᠬᠥᠷᠥᠰᠦᠨ ᠤ ᠬᠤᠵᠢᠷ ᠤᠨ ᠬᠡᠮᠵᠢᠶ᠎ᠡ ᠶᠢ ᠪᠠᠭᠠᠰᠬᠠᠨ᠂ ᠲᠠᠷᠢᠮᠠᠯ ᠤᠨ ᠤᠷᠭᠤᠴᠠ ᠶᠢ ᠰᠠᠶᠢᠵᠢᠷᠠᠭᠤᠯᠬᠤ ᠰᠥᠪᠡᠭᠴᠢᠯᠡᠯᠲᠡ ᠬᠢᠭᠰᠡᠨ ᠪᠠᠶᠢᠨ᠎ᠠ᠃    ᠣᠶᠢᠷ᠎ᠠ ᠶᠢᠨ ᠵᠢᠯ ᠤᠳ ᠲᠤ᠂ ᠳᠤᠭᠤᠶᠢᠲᠠᠯ᠎ᠠ ᠪᠠᠯᠭᠠᠰᠤ ᠨᠢ ᠬᠤᠵᠢᠷᠯᠢᠭ ᠭᠠᠵᠠᠷ ᠲᠤ ᠤᠰᠤᠨ ᠲᠤᠲᠤᠷᠭ᠎ᠠ ᠶᠢ ᠲᠤᠷᠰᠢᠨ ᠲᠠᠷᠢᠬᠤ᠂ ᠡᠮᠦᠨᠡᠲᠦ ᠠᠮᠧᠷᠢᠺᠠ ᠶᠢᠨ ᠰᠡᠮ ᠬᠤᠷᠣᠬᠠᠢ ᠲᠡᠵᠢᠭᠡᠬᠦ ᠵᠡᠷᠭᠡ ᠶᠢᠨ ᠲᠥᠷᠥᠯ ᠵᠦᠢᠯ ᠢᠶᠠᠷ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠨ ᠠᠰᠢᠭᠯᠠᠬᠤ ᠠᠵᠢᠯ ᠢ ᠡᠷᠴᠢᠮᠲᠠᠢ ᠠᠳᠬᠤᠵᠤ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠵᠠᠮ ᠢ ᠲᠠᠰᠤᠷᠠᠯᠲᠠ ᠦᠭᠡᠢ ᠬᠠᠶᠢᠨ ᠰᠥᠪᠡᠭᠴᠢᠯᠡᠵᠦ ᠪᠠᠶᠢᠭ᠎ᠠ ᠪᠢᠯᠡ᠃
 
ᠢᠷᠡᠯᠲᠡ᠄ ᠤᠷᠳᠤᠰ ᠬᠤᠳ᠋ᠨ ᠶᠢᠨ ᠬᠠᠮ ᠵᠠᠭᠤᠴᠢᠯᠠᠭᠤᠷ ᠤᠨ ᠲᠥᠪ