ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 28 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 5 | ᠰᠠᠷ᠎ᠠ ᠶᠢᠨ 27 ᠤ ᠦᠳᠡ ᠶᠢᠨ ᠬᠤᠶᠢᠨ᠎ᠠ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠤᠬᠠᠢ ᠠᠷᠪᠠᠨ ᠳᠥᠷᠪᠡᠳᠦᠭᠡᠷ ᠤᠳᠠᠭ᠎ᠠ ᠶᠢᠨ | ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠴᠢᠨᠠᠷ ᠰᠠᠶᠢᠲᠠᠢ | ᠭᠦᠢᠴᠡᠳ ᠠᠵᠢᠯ ᠣᠯᠭᠤᠯᠲᠠ ᠶᠢ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠤ ᠠᠵᠢᠯ ᠣᠯᠭᠤᠬᠤ ᠠᠵᠢᠯ ᠤᠨ ᠰᠢᠨ᠎ᠡ ᠪᠠᠶᠢᠷᠢ ᠲᠣᠭᠲᠠᠭᠠᠯᠲᠠ᠂ ᠰᠢᠨ᠎ᠡ | ᠡᠭᠦᠷᠭᠡ ᠬᠠᠷᠢᠭᠤᠴᠠᠯᠭ᠎ᠠ ᠮᠥᠨ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠳᠡᠯᠮᠦᠷᠢᠴᠢᠳ ᠤᠨ ᠪᠡᠶ᠎ᠡ ᠪᠠᠨ | ᠳᠠᠭᠠᠭᠠᠵᠤ ᠠᠵᠢᠯ ᠣᠯᠬᠤ᠂ ᠵᠠᠬ᠎ᠠ ᠳᠡᠯᠭᠡᠭᠦᠷ ᠢᠶᠠᠷ ᠠᠵᠢᠯ ᠣᠯᠭᠤᠯᠲᠠ ᠶᠢ ᠲᠣᠬᠢᠷᠠᠭᠤᠯᠬᠤ᠂ ᠵᠠᠰᠠᠭ ᠤᠨ ᠣᠷᠳᠣᠨ ᠠᠴᠠ ᠠᠵᠢᠯ ᠣᠯᠭᠤᠯᠲᠠ ᠶᠢ ᠠᠬᠢᠭᠤᠯᠬᠤ ᠪᠠ | ᠦᠢᠯᠡᠰ ᠪᠣᠰᠬᠠᠬᠤ ᠶᠢ ᠵᠣᠷᠢᠭᠵᠢᠭᠤᠯᠬᠤ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠵᠢᠯ ᠣᠯᠭᠤᠯᠲᠠ ᠶᠢᠨ ᠶᠠᠰᠤ ᠴᠢᠨᠠᠷ ᠢ ᠪᠦᠲᠦᠮᠵᠢᠲᠡᠢ | ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠥᠷᠭᠡᠨ ᠤᠯᠠᠨ ᠬᠥᠳᠡᠯᠮᠦᠷᠢᠴᠢᠳ ᠤᠨ ᠬᠦᠷᠲᠡᠮᠵᠢ ᠶᠢᠨ | ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ | ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠤᠨ ᠭᠦᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠮᠦᠸᠧ ᠷᠦᠩ | ᠰᠤᠳᠤᠯᠤᠭᠴᠢ ᠡᠨᠡ ᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠠᠵᠢᠯ ᠣᠯᠭᠤᠯᠲᠠ ᠪᠣᠯ ᠬᠠᠮᠤᠭ ᠤᠨ | ᠦᠨᠳᠦᠰᠦᠨ ᠠᠷᠠᠳ ᠤᠨ ᠠᠮᠢᠳᠤᠷᠠᠯ ᠮᠥᠨ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠡᠷᠡᠭᠦᠯ ᠢᠶᠠᠷ | ᠬᠥᠭᠵᠢᠬᠦ ᠳᠤ ᠬᠤᠯᠪᠣᠭᠳᠠᠵᠤ᠂ ᠤᠯᠤᠰ ᠤᠨ ᠥᠨᠢ ᠤᠳᠠᠭᠠᠨ ᠤ ᠠᠮᠤᠷ ᠲᠦᠪᠰᠢᠨ ᠳᠤ ᠬᠤᠯᠪᠣᠭᠳᠠᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ᠂ ᠨᠠᠮ ᠤᠨ ᠲᠥᠪ ᠬᠤᠷᠢᠶ᠎ᠠ ᠠᠵᠢᠯ ᠣᠯᠭᠤᠯᠲᠠ ᠶᠢᠨ ᠠᠵᠢᠯ ᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠣᠪᠤᠶᠢᠮ᠎ᠠ ᠪᠠᠶᠢᠷᠢᠨ ᠳᠤ ᠲᠠᠯᠪᠢᠬᠤ ᠶᠢ | ᠪᠠᠷᠢᠮᠲᠠᠯᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠴᠢᠩᠭᠠᠳᠬᠠᠵᠤ᠂ ᠠᠵᠢᠯ ᠣᠯᠭᠤᠯᠲᠠ ᠶᠢ ᠠᠬᠢᠭᠤᠯᠬᠤ ᠲᠣᠭᠲᠠᠴᠠ ᠶᠢ | ᠪᠦᠷᠢᠨᠰᠢᠭᠦᠯᠵᠦ᠂ ᠡᠯ᠎ᠡ ᠵᠦᠢᠯ ᠤᠨ ᠳᠠᠷᠤᠯᠲᠠ ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ᠂ ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ | ᠣᠯᠭᠤᠯᠲᠠ ᠵᠢᠯ ᠳᠤᠮᠳᠠᠴᠢ ᠪᠠᠷ 1300 ᠲᠦᠮᠡᠨ ᠬᠥᠮᠥᠨ ᠳᠤ ᠬᠦᠷᠴᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠠᠵᠤ ᠠᠬᠤᠢ ᠶᠢᠨ ᠬᠥᠭᠵᠢᠯᠲᠡ ᠳᠤ | ᠴᠢᠬᠤᠯᠠ ᠲᠤᠯᠭᠠᠭᠤᠷᠢᠯᠠᠯ ᠬᠠᠩᠭᠠᠪᠠ᠃ ᠦᠢᠯᠡᠳᠦᠯᠭᠡ ᠶᠢᠨ ᠳᠤᠮᠳᠠ ᠰᠢᠨ᠎ᠡ ᠴᠠᠭ ᠦᠶ᠎ᠡ ᠶᠢᠨ ᠠᠵᠢᠯ ᠣᠯᠭᠤᠯᠲᠠ ᠶᠢᠨ ᠠᠵᠢᠯ ᠤᠨ ᠵᠢᠮ᠎ᠡ ᠶᠣᠰᠣᠨ ᠤ ᠲᠤᠬᠠᠢ | ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠠᠰᠢ ᠣᠯᠠᠨ ᠲᠤᠷᠰᠢᠯᠭ᠎ᠠ ᠬᠤᠷᠠᠮᠳᠤᠭᠤᠯᠪᠠ᠃ ᠡᠭᠦᠨ ᠳᠤ ᠭᠤᠣᠯᠳᠠᠭᠤ᠄ ᠠᠵᠢᠯ ᠣᠯᠭᠤᠯᠲᠠ ᠶᠢ | ᠠᠷᠠᠳ ᠤᠨ ᠠᠮᠢᠳᠤᠷᠠᠯ ᠤᠨ ᠦᠨᠳᠦᠰᠦ ᠪᠤᠯᠭᠠᠬᠤ ᠶᠢ ᠪᠠᠷᠢᠮᠲᠠᠯᠠᠨ᠎ᠠ︔ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ | ᠭᠡᠷᠡᠭᠵᠢᠭᠦᠯᠦᠨ᠎ᠡ︔ ᠬᠥᠭᠵᠢᠯᠲᠡ ᠳᠤ ᠲᠦᠰᠢᠭᠯᠡᠨ ᠠᠵᠢᠯ ᠣᠯᠭᠤᠯᠲᠠ ᠶᠢ ᠠᠬᠢᠭᠤᠯᠬᠤ ᠶᠢ ᠪᠠᠷᠢᠮᠲᠠᠯᠠᠨ᠎ᠠ︔ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠬᠦ | ᠪᠠ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠶᠢ ᠤᠶᠠᠯᠳᠤᠭᠤᠯᠬᠤ ᠶᠢ ᠪᠠᠷᠢᠮᠲᠠᠯᠠᠨ᠎ᠠ︔ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ | ᠲᠣᠪᠤᠶᠢᠯᠭᠠᠨ ᠰᠠᠶᠢᠲᠤᠷ ᠠᠳᠬᠤᠬᠤ ᠶᠢ ᠪᠠᠷᠢᠮᠲᠠᠯᠠᠨ᠎ᠠ︔ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠪᠠᠷᠢᠮᠲᠠᠯᠠᠨ᠎ᠠ︔ ᠡᠷᠬᠡ ᠲᠡᠭᠰᠢ ᠪᠠᠷ | ᠠᠵᠢᠯ ᠣᠯᠭᠤᠬᠤ ᠣᠷᠴᠢᠨ ᠨᠥᠬᠦᠴᠡᠯ ᠢ ᠪᠤᠢ ᠪᠤᠯᠭᠠᠬᠤ ᠶᠢ ᠪᠠᠷᠢᠮᠲᠠᠯᠠᠨ᠎ᠠ︔ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢ ᠪᠠᠷᠢᠮᠲᠠᠯᠠᠬᠤ | ᠵᠡᠷᠭᠡ ᠪᠠᠭᠲᠠᠨ᠎ᠠ᠃ ᠡᠳᠡᠭᠡᠷ ᠲᠤᠷᠰᠢᠯᠭ᠎ᠠ ᠪᠣᠯ ᠲᠦᠢᠯ ᠤᠨ ᠡᠷᠬᠢᠮ ᠨᠠᠨᠳᠢᠨ ᠶᠤᠮ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠲᠠᠰᠤᠷᠠᠯᠳᠠ ᠦᠭᠡᠢ | ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ ᠲᠤᠭᠤᠰᠢᠯᠠᠭᠤᠯᠵᠤ᠂ ᠨᠡᠩ ᠢᠯᠡᠭᠦᠦ ᠤᠬᠠᠮᠰᠠᠷ ᠠᠴᠠ ᠪᠠᠨ ᠴᠢᠨᠠᠷ | ᠰᠠᠶᠢᠲᠠᠢ ᠭᠦᠢᠴᠡᠳ ᠠᠵᠢᠯ ᠣᠯᠭᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠡᠷᠢᠭᠦᠨ ᠬᠠᠷᠠᠯᠲᠠ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ | ᠶᠠᠪᠤᠴᠠ ᠶᠢ ᠠᠵᠢᠯ ᠣᠯᠭᠤᠯᠲᠠ ᠶᠢᠨ ᠴᠢᠨᠠᠷ ᠢ ᠳᠡᠭᠡᠭᠰᠢᠯᠡᠭᠦᠯᠵᠦ ᠪᠠᠭᠲᠠᠭᠠᠮᠵᠢ ᠶᠢ ᠥᠷᠭᠡᠳᠬᠡᠬᠦ ᠶᠠᠪᠤᠴᠠ ᠪᠤᠯᠭᠠᠵᠤ᠂ ᠬᠥᠭᠵᠢᠯᠲᠡ ᠪᠠᠷ ᠠᠵᠢᠯ ᠣᠯᠭᠤᠯᠲᠠ ᠶᠢ | ᠳᠠᠶᠢᠴᠢᠯᠠᠬᠤ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ | ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠡᠩ | ᠤᠯᠠᠨ ᠴᠢᠨᠠᠷ ᠰᠠᠶᠢᠲᠠᠢ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠴᠢᠷᠮᠠᠶᠢᠨ ᠡᠭᠦᠳᠬᠦ ᠬᠡᠷᠡᠭᠲᠡᠢ᠃ ᠠᠵᠢᠯ ᠣᠯᠭᠤᠬᠤ ᠴᠢᠳᠠᠪᠤᠷᠢ ᠪᠠᠷ ᠴᠢᠩᠭ᠎ᠠ ᠠᠵᠤ | ᠦᠢᠯᠡᠰ ᠪᠣᠯᠣᠨ ᠠᠵᠤ ᠠᠬᠤᠶᠢᠯᠠᠯ ᠢ ᠳᠡᠮᠵᠢᠨ ᠬᠥᠭᠵᠢᠭᠦᠯᠵᠦ᠂ ᠠᠵᠢᠯ ᠣᠯᠭᠤᠬᠤ ᠪᠠᠭᠲᠠᠭᠠᠮᠵᠢ ᠶᠢ ᠲᠣᠭᠲᠠᠪᠤᠷᠢᠵᠢᠭᠤᠯᠤᠨ ᠥᠷᠭᠡᠳᠬᠡᠬᠦ ᠬᠡᠷᠡᠭᠲᠡᠢ᠃ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠰᠢᠨ᠎ᠡ ᠬᠠᠨᠳᠤᠰᠢ ᠪᠠ ᠠᠷᠠᠳ ᠣᠯᠠᠨ ᠤ ᠴᠢᠨᠠᠷ ᠰᠠᠶᠢᠲᠠᠢ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠦᠨᠳᠦᠰᠦᠯᠡᠨ᠂ ᠰᠢᠨ᠎ᠡ | ᠡᠵᠡᠩᠨᠡᠯᠲᠡ ᠶᠢᠨ ᠪᠠᠶᠢᠳᠠᠯ᠂ ᠰᠢᠨ᠎ᠡ ᠵᠠᠭᠪᠤᠷ ᠢ ᠶᠡᠭᠡ ᠪᠠᠷ ᠬᠥᠭᠵᠢᠭᠦᠯᠵᠦ᠂ ᠠᠵᠢᠯ ᠮᠡᠷᠭᠡᠵᠢᠯ ᠤᠨ ᠰᠢᠨ᠎ᠡ ᠴᠤᠪᠤᠷᠠᠯ ᠢ ᠢᠳᠡᠪᠬᠢᠲᠡᠢ ᠪᠠᠷ ᠠᠭᠤᠳᠠᠯᠬᠤ ᠪᠠ | ᠪᠤᠶᠢᠵᠢᠭᠤᠯᠵᠤ᠂ ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ ᠴᠡᠭ ᠢ ᠨᠡᠭᠡᠭᠡᠨ ᠬᠥᠭᠵᠢᠭᠦᠯᠬᠦ ᠬᠡᠷᠡᠭᠲᠡᠢ᠃ ᠴᠢᠬᠤᠯᠠ ᠶᠡᠭᠡ ᠲᠦᠷᠦ ᠶᠢᠨ ᠪᠣᠳᠣᠯᠭ᠎ᠠ᠂ ᠴᠢᠬᠤᠯᠠ | ᠶᠡᠭᠡ ᠲᠦᠷᠦᠯ ᠵᠦᠢᠯ᠂ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠤᠨ ᠠᠵᠢᠯ ᠣᠯᠭᠤᠯᠲᠠ ᠳᠤ ᠦᠵᠡᠭᠦᠯᠭᠦ ᠨᠥᠯᠥᠭᠡ ᠶᠢ ᠦᠨᠡᠯᠡᠨ ᠵᠢᠱᠢᠬᠦ ᠶᠢ | ᠴᠢᠩᠭᠠᠳᠬᠠᠵᠤ᠂ ᠡᠳ᠋ ᠤᠨ ᠵᠠᠰᠠᠭ᠂ ᠵᠣᠭᠤᠰ᠂ ᠪᠡᠯᠡ ᠣᠷᠣᠭᠤᠯᠤᠯᠲᠠ᠂ ᠬᠡᠷᠡᠭᠯᠡᠭᠡ᠂ ᠠᠵᠤ ᠦᠢᠯᠡᠰ᠂ ᠣᠷᠣᠨ ᠪᠦᠰᠡ ᠵᠡᠷᠭᠡ ᠶᠢᠨ ᠲᠦᠷᠦ ᠶᠢᠨ ᠪᠣᠳᠣᠯᠭ᠎ᠠ ᠶᠢ | ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠯᠤᠭ᠎ᠠ ᠵᠣᠬᠢᠴᠠᠭᠤᠯᠤᠨ ᠬᠤᠯᠪᠣᠯᠳᠤᠭᠤᠯᠵᠤ᠂ ᠠᠳᠠᠯᠢ ᠴᠢᠭᠯᠡᠯ ᠢᠶᠠᠷ ᠬᠦᠴᠦᠯᠡᠨ᠂ ᠠᠵᠢᠯ ᠣᠯᠭᠤᠯᠲᠠ ᠶᠢᠨ | ᠨᠥᠭᠦᠷᠰᠡᠭ ᠭᠡᠯᠪᠡᠷᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠡᠪ ᠪᠣᠯᠪᠠᠰᠤᠷᠠᠯ ᠰᠢᠯᠢᠳᠡᠭ ᠰᠠᠶᠢᠨ᠂ ᠶᠡᠷᠦᠩᠬᠡᠢ ᠬᠡᠮᠵᠢᠶ᠎ᠡ ᠶᠡᠭᠡ᠂ ᠪᠦᠲᠦᠴᠡ ᠰᠢᠯᠢᠳᠡᠭ᠂ ᠲᠠᠷᠬᠠᠯᠲᠠ ᠵᠣᠬᠢᠰᠲᠠᠢ ᠣᠳᠣᠬᠢᠴᠢᠯᠠᠭᠰᠠᠨ | ᠬᠥᠮᠥᠨ ᠤ ᠬᠦᠴᠦᠨ ᠤ ᠡᠬᠢ ᠪᠠᠶᠠᠯᠢᠭ ᠢ ᠲᠦᠷᠭᠡᠨ ᠪᠤᠢ ᠪᠤᠯᠭᠠᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠵᠣᠬᠢᠴᠠᠬᠤ ᠦᠭᠡᠢ | ᠪᠠᠶᠢᠬᠤ ᠡᠨᠡ ᠬᠦ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠳᠤ ᠵᠣᠬᠢᠴᠠᠭᠤᠯᠤᠨ᠂ ᠬᠥᠮᠥᠨ ᠤ ᠬᠦᠴᠦᠨ ᠤ ᠡᠬᠢ ᠪᠠᠶᠠᠯᠢᠭ ᠤᠨ | ᠬᠥᠭᠵᠢᠯᠲᠡ ᠶᠢᠨ ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠰᠤᠷᠭᠠᠨ ᠬᠥᠮᠦᠵᠢᠯ᠂ ᠪᠣᠯᠪᠠᠰᠤᠷᠠᠯ ᠪᠣᠯᠣᠨ ᠠᠵᠢᠯ ᠣᠯᠭᠤᠯᠲᠠ ᠶᠢ | ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠪᠣᠯᠣᠨ ᠡᠬᠢ ᠪᠠᠶᠠᠯᠢᠭ ᠤᠨ ᠪᠦᠲᠦᠴᠡ ᠶᠢᠨ | ᠪᠠᠶᠢᠷᠢᠰᠢᠭᠤᠯᠤᠯᠲᠠ ᠶᠢ ᠬᠥᠳᠡᠯᠦᠩᠭᠦᠢ ᠪᠠᠷ ᠲᠣᠬᠢᠷᠠᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠨᠠᠰᠤᠨ ᠲᠤᠷᠰᠢ ᠶᠢᠨ | ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠤᠨ ᠳᠦᠷᠢᠮ ᠢ ᠪᠦᠷᠢᠨᠰᠢᠭᠦᠯᠬᠦ ᠬᠡᠷᠡᠭᠲᠡᠢ᠃ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠬᠥᠮᠥᠨ ᠪᠠ ᠠᠵᠢᠯ ᠤᠨ ᠪᠠᠶᠢᠷᠢ ᠬᠠᠷᠢᠯᠴᠠᠨ ᠲᠣᠬᠢᠷᠠᠯᠴᠠᠬᠤ᠂ ᠬᠥᠮᠥᠨ ᠤ ᠳᠠᠪᠠᠭᠤᠯᠢᠭ ᠲᠠᠯ᠎ᠠ ᠶᠢ ᠨᠢ ᠮᠡᠳᠡᠷᠡᠵᠦ ᠬᠡᠷᠡᠭᠯᠡᠬᠦ᠂ ᠬᠥᠮᠥᠨ ᠤ | ᠴᠢᠳᠠᠪᠤᠷᠢ ᠶᠢ ᠨᠢ ᠭᠦᠢᠴᠡᠳ ᠪᠠᠳᠠᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠠᠵᠢᠯ ᠣᠯᠭᠤᠯᠲᠠ ᠶᠢᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠭᠦ | ᠬᠡᠷᠡᠭᠲᠡᠢ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠭᠦ ᠨᠡᠶᠢᠭᠡᠮ ᠤᠨ ᠠᠵᠢᠯ ᠣᠯᠭᠤᠯᠲᠠ ᠶᠢᠨ ᠵᠥᠪ ᠦᠵᠡᠯᠲᠡ ᠶᠢ ᠪᠠᠲᠤ ᠪᠠᠬᠢ ᠪᠤᠢ ᠪᠤᠯᠭᠠᠬᠤ ᠶᠢ | ᠬᠥᠲᠥᠯᠥᠨ ᠵᠢᠯᠤᠭᠤᠳᠴᠤ᠂ ᠠᠵᠢᠯ ᠰᠣᠩᠭᠤᠬᠤ ᠰᠢᠨ᠎ᠡ ᠣᠶᠢᠯᠠᠭᠠᠭᠳᠠᠬᠤᠨ ᠢᠶᠠᠷ ᠠᠵᠢᠯ ᠣᠯᠭᠤᠯᠲᠠ ᠶᠢᠨ ᠰᠢᠨ᠎ᠡ ᠣᠷᠣᠨ ᠵᠠᠢ ᠶᠢ ᠨᠡᠭᠡᠭᠡᠬᠦ ᠬᠡᠷᠡᠭᠲᠡᠢ᠃ ᠵᠠᠷᠢᠮ | ᠠᠵᠢᠯ ᠲᠥᠷᠥᠯ ᠳᠠᠬᠢ ᠠᠵᠢᠯᠴᠢᠨ ᠳᠤᠲᠠᠭᠳᠠᠭᠰᠠᠨ ᠰᠢᠯᠲᠠᠭᠠᠨ ᠢ ᠭᠦᠨᠵᠡᠭᠡᠢ ᠵᠠᠳᠠᠯᠵᠤ᠂ ︽ᠠᠵᠢᠯ ᠪᠠᠶᠢᠬᠤ ᠳᠤ ᠬᠢᠬᠦ ᠬᠥᠮᠥᠨ ᠦᠭᠡᠢ︾ ᠠᠰᠠᠭᠤᠳᠠᠯ ᠢ | ᠰᠢᠢᠳᠪᠦᠷᠢᠯᠡᠬᠦ ᠠᠴᠠ ᠭᠠᠷᠳᠠᠵᠤ᠂ ︽ᠬᠥᠮᠥᠨ ᠪᠠᠶᠢᠪᠠᠴᠤ ᠬᠢᠬᠦ ᠠᠵᠢᠯ ᠦᠭᠡᠢ︾ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠭᠤᠯᠲᠠ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ᠂ | ᠰᠤᠷᠤᠬᠰᠠᠨ ᠵᠦᠢᠯ ᠪᠠ ᠳᠠᠪᠠᠭᠤᠯᠢᠭ ᠲᠠᠯ᠎ᠠ ᠪᠠᠨ ᠪᠠᠳᠠᠷᠠᠭᠤᠯᠬᠤ ᠳᠤ ᠠᠰᠢᠭᠲᠠᠢ ᠠᠵᠢᠯ ᠤᠨ ᠪᠠᠶᠢᠷᠢ ᠶᠢ ᠨᠡᠩ ᠤᠯᠠᠨ ᠨᠡᠭᠡᠭᠡᠵᠦ᠂ ᠵᠠᠯᠠᠭᠤᠴᠤᠳ ᠤᠨ | ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠦᠷᠦᠯ᠂ ᠬᠤᠳᠠ ᠬᠥᠳᠡᠭᠡ ᠶᠢᠨ ᠦᠨᠳᠦᠰᠦᠨ ᠱᠠᠲᠤ ᠪᠣᠯᠣᠨ ᠳᠤᠮᠳᠠ ᠪᠠᠭ᠎ᠠ ᠵᠢᠵᠢᠭ ᠠᠵᠤ | ᠠᠬᠤᠶᠢᠯᠠᠯ ᠳᠤ ᠠᠵᠢᠯ ᠣᠯᠬᠤ ᠦᠢᠯᠡᠰ ᠪᠣᠰᠬᠠᠬᠤ ᠳᠤ ᠣᠷᠤᠯᠴᠠᠬᠤ ᠶᠢ ᠵᠣᠷᠢᠭᠵᠢᠭᠤᠯᠵᠤ᠂ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢᠨ | ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠲᠠᠢ ᠤᠶᠠᠯᠳᠤᠭᠤᠯᠤᠨ᠂ ᠭᠠᠳᠠᠭᠰᠢ ᠭᠠᠷᠴᠤ ᠠᠵᠢᠯ ᠣᠯᠬᠤ ᠪᠠ ᠲᠤᠬᠠᠢ ᠶᠢᠨ ᠭᠠᠵᠠᠷ ᠤᠨ ᠣᠶᠢᠷ᠎ᠠ ᠬᠠᠪᠢ ᠳᠠᠭᠠᠨ ᠠᠵᠢᠯ ᠣᠯᠬᠤ ᠶᠢ | ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠥᠯᠥᠰᠦᠨ ᠲᠠᠷᠢᠶᠠᠴᠢᠨ ᠤ ᠠᠵᠢᠯ ᠣᠯᠣᠯᠲᠠ ᠶᠢ | ᠠᠬᠢᠭᠤᠯᠵᠤ᠂ ᠭᠠᠳᠠᠭᠰᠢ ᠭᠠᠷᠤᠭᠰᠠᠨ ᠴᠢᠳᠠᠪᠤᠷᠢᠲᠠᠨ ᠤ ᠨᠤᠲᠤᠭ ᠲᠠᠭᠠᠨ ᠪᠤᠴᠠᠵᠤ᠂ ᠬᠤᠲᠠ ᠶᠢᠨ ᠴᠢᠳᠠᠪᠤᠷᠢᠲᠠᠨ ᠤ ᠬᠥᠳᠡᠭᠡ ᠪᠠᠭᠤᠵᠤ ᠦᠢᠯᠡᠰ ᠪᠣᠰᠬᠠᠬᠤ ᠶᠢ | ᠬᠥᠲᠥᠯᠥᠨ ᠵᠢᠯᠤᠭᠤᠳᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠬᠥᠯᠥᠰᠦᠨ ᠠᠵᠢᠯ ᠬᠢᠬᠦ ᠬᠡᠪᠴᠢᠶ᠎ᠡ ᠪᠠ ᠬᠥᠯᠥᠰᠦᠨ ᠠᠵᠢᠯ ᠬᠢᠭᠰᠡᠨ | ᠣᠷᠣᠯᠭ᠎ᠠ ᠶᠢ ᠲᠣᠭᠲᠠᠪᠤᠷᠢᠵᠢᠭᠤᠯᠵᠤ᠂ ᠠᠵᠢᠯ ᠠᠯᠳᠠᠭᠰᠠᠨ ᠠᠴᠠ ᠪᠣᠯᠵᠤ ᠬᠡᠪᠴᠢᠶᠡᠵᠢᠯ ᠤᠨ ᠴᠢᠨᠠᠷᠲᠠᠢ ᠪᠠᠷ ᠲᠠᠭᠢᠨ ᠶᠠᠳᠠᠭᠤᠷᠠᠬᠤ ᠠᠴᠠ ᠰᠡᠷᠭᠡᠶᠢᠯᠡᠬᠦ ᠬᠡᠷᠡᠭᠲᠡᠢ᠃ | ᠨᠠᠰᠤ ᠠᠬᠢᠭᠰᠠᠨ᠂ ᠵᠡᠮᠳᠡᠭ ᠪᠣᠯᠤᠭᠰᠠᠨ᠂ ᠨᠡᠯᠢᠶᠡᠳ ᠣᠷᠳᠣ ᠬᠤᠭᠤᠴᠠᠭ᠎ᠠ ᠪᠠᠷ ᠠᠵᠢᠯ ᠠᠯᠳᠠᠭᠰᠠᠨ ᠵᠡᠷᠭᠡ ᠠᠵᠢᠯ ᠣᠯᠬᠤ ᠳᠤ ᠬᠦᠴᠢᠷᠲᠡᠢ ᠬᠥᠮᠥᠰ ᠢ ᠬᠠᠪᠰᠤᠷᠤᠨ | ᠲᠡᠳᠬᠦᠬᠦ ᠪᠠᠨ ᠴᠢᠩᠭᠠᠳᠬᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ | ᠠᠵᠢᠯ ᠲᠠᠢ ᠬᠥᠮᠥᠨ ᠦᠭᠡᠢ ᠭᠡᠷ ᠪᠦᠯᠢ ᠶᠢ ᠦᠭᠡᠢ ᠪᠤᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠴᠡᠷᠢᠭ ᠤᠨ ᠠᠯᠪᠠᠨ ᠠᠴᠠ ᠪᠠᠭᠤᠭᠰᠠᠳ᠂ ᠡᠮᠡᠭᠲᠡᠶᠢᠴᠦᠳ | ᠵᠡᠷᠭᠡ ᠬᠥᠮᠥᠰ ᠲᠤ ᠠᠵᠢᠯ ᠣᠯᠭᠤᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠵᠢᠯ ᠣᠯᠭᠤᠯᠲᠠ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠠᠵᠢᠯ ᠣᠯᠭᠤᠯᠲᠠ ᠶᠢᠨ | ᠤᠯᠠᠨ ᠨᠡᠶᠢᠲᠡ ᠶᠢᠨ ᠦᠢᠯᠡᠴᠢᠯᠡᠭᠡᠨ ᠤ ᠳᠦᠷᠢᠮ ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠬᠦ ᠬᠡᠷᠡᠭᠲᠡᠢ᠃ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠦᠢᠯᠡᠰ ᠪᠣᠰᠬᠠᠬᠤ | ᠦᠢᠯᠡᠴᠢᠯᠡᠭᠡ ᠶᠢ ᠰᠢᠯᠢᠳᠡᠭᠵᠢᠭᠦᠯᠦᠨ᠂ ᠦᠢᠯᠡᠰ ᠪᠣᠰᠬᠠᠬᠤ ᠶᠠᠰᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠬᠥᠮᠥᠨ ᠤ ᠬᠦᠴᠦᠨ ᠤ ᠡᠬᠢ ᠪᠠᠶᠠᠯᠢᠭ ᠤᠨ ᠨᠢᠭᠡᠳᠦᠯᠲᠡᠢ | ᠪᠥᠭᠡᠳ ᠵᠢᠷᠤᠮᠵᠢᠬᠰᠠᠨ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠡᠷᠬᠡ ᠲᠡᠭᠰᠢ ᠪᠠᠷ ᠠᠵᠢᠯ ᠣᠯᠭᠤᠬᠤ ᠣᠷᠴᠢᠨ ᠨᠥᠬᠦᠴᠡᠯ ᠢ ᠪᠤᠢ ᠪᠤᠯᠭᠠᠵᠤ᠂ | ᠬᠥᠮᠥᠨ ᠪᠦᠭᠦᠨ ᠢ ᠴᠥᠮ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠳᠠᠮᠵᠢᠨ ᠲᠤᠰ ᠪᠡᠶ᠎ᠡ ᠶᠢᠨ ᠬᠥᠭᠵᠢᠯᠲᠡ ᠪᠠᠨ ᠪᠡᠶᠡᠯᠡᠭᠦᠯᠬᠦ ᠲᠣᠭᠢᠶᠠᠯ ᠲᠠᠢ ᠪᠤᠯᠭᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠭᠦᠳᠡᠯᠮᠦᠷᠢ ᠶᠢᠨ ᠬᠠᠤᠯᠢ ᠴᠠᠭᠠᠵᠠ ᠬᠠᠤᠯᠢ | ᠲᠣᠭᠲᠠᠭᠠᠯ ᠢ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠶᠢᠨ ᠠᠵᠢᠯ ᠣᠯᠭᠤᠯᠲᠠ ᠶᠢᠨ ᠭᠦᠳᠡᠯᠮᠦᠷᠢ ᠶᠢᠨ ᠰᠠᠭᠤᠷᠢ ᠪᠠᠷᠢᠮᠵᠢᠶ᠎ᠠ ᠶᠢ ᠵᠢᠷᠤᠮᠵᠢᠭᠤᠯᠤᠨ᠂ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠠᠮᠢᠳᠤᠯᠢᠭ ᠠᠵᠢᠯ | ᠣᠯᠭᠤᠯᠲᠠ ᠪᠠ ᠰᠢᠨ᠎ᠡ ᠭᠡᠯᠪᠡᠷᠢ ᠶᠢᠨ ᠠᠵᠢᠯ ᠣᠯᠭᠤᠯᠲᠠ ᠶᠢᠨ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠤᠨ ᠭᠡᠮᠲᠦᠯ ᠤᠨ | ᠪᠠᠲᠤᠯᠠᠭ᠎ᠠ ᠶᠢᠨ ᠲᠤᠷᠰᠢᠯᠲᠠ ᠶᠢᠨ ᠴᠡᠭ ᠢ ᠥᠷᠭᠡᠳᠬᠡᠨ᠂ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ᠂ ᠳᠦᠷᠢᠮ ᠢ ᠪᠦᠷᠢᠯᠳᠦᠭᠦᠯᠬᠦ ᠬᠡᠷᠡᠭᠲᠡᠢ᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠭᠦᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠠᠵᠢᠯ | ᠣᠯᠭᠤᠯᠲᠠ ᠶᠢᠨ ᠭᠠᠳᠠᠭᠤᠷᠴᠢᠯᠠᠯ᠂ ᠴᠠᠯᠢᠩ ᠥᠷᠢᠲᠦᠬᠦ ᠳᠠᠭᠠᠳᠬᠠᠯ ᠥᠷᠢᠲᠦᠬᠦ᠂ ᠬᠠᠤᠯᠢ ᠶᠢ ᠵᠥᠷᠢᠴᠡᠨ ᠠᠵᠢᠯᠲᠠᠨ ᠢ ᠬᠠᠰᠤᠬᠤ ᠵᠡᠷᠭᠡ ᠰᠠᠮᠠᠭᠤᠨ ᠦᠵᠡᠭᠳᠡᠯ ᠢ | ᠪᠦᠲᠦᠮᠵᠢᠲᠡᠢ ᠵᠠᠰᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠵᠢᠯ ᠣᠯᠭᠤᠯᠲᠠ ᠶᠢ ᠠᠷᠠᠳ ᠤᠨ | ᠠᠮᠢᠳᠤᠷᠠᠯ ᠤᠨ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠳᠦᠷᠢᠮ ᠲᠣᠭᠲᠠᠴᠠ ᠪᠠᠨ | ᠪᠦᠷᠢᠨᠰᠢᠭᠦᠯᠵᠦ᠂ ᠠᠵᠢᠯ ᠤᠨ ᠬᠠᠮᠲᠤᠷᠠᠯ ᠬᠦᠴᠦᠨ ᠢᠶᠠᠨ ᠴᠢᠩᠭᠠᠳᠬᠠᠬᠤ ᠬᠡᠷᠡᠭᠲᠡᠢ᠃ ᠳᠤᠮᠳᠠᠳᠤ ᠤᠯᠤᠰ ᠤᠨ ᠠᠵᠢᠯ ᠣᠯᠭᠤᠯᠲᠠ ᠶᠢᠨ ᠤᠨᠤᠯ ᠤᠨ ᠰᠢᠰᠲ᠋ᠧᠮ ᠢ | ᠲᠦᠷᠭᠡᠳᠬᠡᠨ ᠪᠠᠶᠢᠭᠤᠯᠵᠤ᠂ ᠮᠠᠨ ᠤ ᠤᠯᠤᠰ ᠤᠨ ᠠᠵᠢᠯ ᠣᠯᠭᠤᠯᠲᠠ ᠶᠢᠨ ᠬᠦᠷᠢᠶᠡᠨ ᠳᠠᠬᠢ ᠳᠡᠯᠡᠬᠡᠢ ᠳᠡᠭᠡᠷᠡᠬᠢ ᠦᠭᠡ ᠬᠡᠯᠡᠬᠦ ᠡᠷᠬᠡ ᠪᠠ ᠨᠥᠯᠥᠭᠡᠯᠡᠬᠦ ᠬᠦᠴᠦᠨ ᠢ | ᠪᠦᠲᠦᠮᠵᠢᠲᠡᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | | |