ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 27 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 6 | ᠰᠠᠷ᠎ᠠ ᠶᠢᠨ 27 ᠤ ᠡᠳᠦᠷ ᠬᠤᠷᠠᠯ ᠬᠤᠷᠠᠯᠳᠤᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠰᠤᠳᠤᠯᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃ | | ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠢ 7 | ᠰᠠᠷ᠎ᠠ ᠶᠢᠨ 15 ᠠᠴᠠ 18 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠭᠤᠯᠬᠤ ᠪᠠᠷ ᠲᠣᠭᠲᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ︽ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠶᠢᠨ ᠲᠣᠭᠲᠠᠭᠠᠯ︾ ᠤᠨ ᠨᠣᠣᠷᠠᠭ ᠤᠨ ᠲᠤᠬᠠᠢ ᠨᠠᠮ ᠤᠨ ᠳᠣᠲᠣᠨ᠎ᠠ | ᠭᠠᠳᠠᠨᠠᠬᠢ ᠵᠣᠬᠢᠬᠤ ᠬᠡᠪᠴᠢᠶᠡᠨ ᠳᠤ ᠰᠠᠨᠠᠯ ᠬᠤᠷᠢᠶᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ᠂ ᠲᠣᠰ ᠤᠳᠠᠭᠠᠨ ᠤ ᠬᠤᠷᠠᠯ ᠳᠤ ᠶᠠᠷᠢᠯᠴᠠᠭᠰᠠᠨ | ᠰᠠᠨᠠᠯ ᠢ ᠦᠨᠳᠦᠰᠦᠯᠡᠨ ᠵᠠᠰᠠᠪᠤᠷᠢ ᠣᠷᠣᠭᠤᠯᠤᠭᠰᠠᠨ ᠤ ᠳᠠᠷᠠᠭ᠎ᠠ ᠪᠢᠴᠢᠭ ᠮᠠᠲ᠋ᠧᠷᠢᠶᠠᠯ ᠤᠨ ᠨᠣᠣᠷᠠᠭ ᠢ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ | ᠬᠤᠷᠠᠯ ᠠᠴᠠ᠂ ᠡᠨᠡ ᠤᠳᠠᠭ᠎ᠠ ᠰᠠᠨᠠᠯ ᠬᠤᠷᠢᠶᠠᠬᠤ ᠳᠠᠭᠠᠨ ᠨᠠᠮ ᠤᠨ ᠳᠣᠲᠣᠭᠠᠳᠤ ᠶᠢᠨ ᠠᠷᠠᠳᠴᠢᠯᠠᠯ᠂ ᠤᠯᠡᠠ ᠤ ᠤᠶᠤᠨ ᠤᠬᠠᠭᠠᠨ ᠢ ᠲᠥᠪᠯᠡᠷᠡᠭᠦᠯᠬᠦ | ᠰᠤᠷᠲᠠᠯ ᠢ ᠭᠦᠢᠴᠡᠳ ᠪᠠᠳᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠲᠣᠭᠲᠠᠭᠠᠯ ᠤᠨ ᠨᠣᠣᠷᠠᠭ ᠢ ᠭᠦᠢᠴᠡᠳ ᠨᠤᠲᠠᠯᠠᠵᠠᠢ | ᠭᠡᠵᠦ ᠵᠢᠭᠠᠵᠤ ᠭᠠᠷᠭᠠᠨ᠂ ᠲᠣᠭᠲᠠᠭᠠᠯ ᠤᠨ ᠨᠣᠣᠷᠠᠭ ᠲᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ | ᠪᠠᠶᠢᠳᠠᠯ ᠰᠢᠨ᠎ᠡ ᠠᠰᠠᠭᠤᠳᠠᠯ ᠢ ᠭᠦᠨᠵᠡᠭᠡᠢ ᠵᠠᠳᠠᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠥᠭᠡᠷᠡᠴᠢᠯᠡᠯᠲᠡ ᠶᠢ ᠴᠢᠨᠠᠭᠰᠢᠳᠠ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠰᠢᠨ᠎ᠡ ᠠᠶᠠᠨ ᠳᠤ ᠥᠭᠡᠷᠡᠴᠢᠯᠡᠯᠲᠡ ᠶᠢ | ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠵᠤ᠂ ᠰᠢ ᠶᠢᠨ ᠫᠢᠩ ᠨᠥᠬᠦᠷ ᠢᠶᠠᠷ | ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠬᠦ᠂ | ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠡᠦᠬᠡ ᠶᠢᠨ ᠰᠠᠨᠠᠭᠠᠴᠢᠯᠠᠭᠠᠲᠤ ᠴᠢᠨᠠᠷ᠂ | ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠷᠠᠭᠤᠯ ᠢᠷᠡᠭᠡᠳᠦᠢ ᠶᠢ | ᠨᠡᠭᠡᠭᠡᠬᠦ ᠴᠢᠩᠭ᠎ᠠ ᠬᠠᠲᠠᠭᠤ ᠡᠷᠡᠰ ᠵᠣᠷᠢᠭ ᠢ ᠭᠦᠢᠴᠡᠳ ᠢᠯᠡᠷᠡᠭᠦᠯᠵᠡᠢ ᠭᠡᠵᠦ ᠦᠵᠡᠪᠡ᠃ | ᠬᠤᠷᠠᠯ ᠠᠴᠠ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠢ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠳᠠᠯ ᠪᠣᠯᠣᠨ᠎ᠠ᠃ 2035 ᠣᠨ ᠪᠤᠯᠬᠤ ᠳᠤ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠦᠭᠦ ᠲᠠᠯ᠎ᠠ ᠪᠠᠷ ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ | ᠨᠠᠩ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ | ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠲᠣᠰ ᠵᠠᠭᠤᠨ ᠤ ᠳᠤᠮᠳᠠᠴᠢ ᠪᠤᠯᠬᠤ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ ᠭᠡᠵᠦ ᠴᠢᠬᠤᠯᠠᠴᠢᠯᠠᠪᠠ᠃ | ᠬᠤᠷᠠᠯ ᠠᠴᠠ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠠᠩᠭᠤᠶ᠎ᠠ | ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ᠂ ᠳᠣᠣᠷᠠᠬᠢ | ᠵᠠᠷᠴᠢᠮ ᠢ ᠲᠤᠭᠤᠰᠢᠯᠠᠭᠤᠯᠬᠤ ᠬᠡᠷᠡᠭᠲᠡᠢ᠄ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ | ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠪᠠᠳᠠᠷᠠᠭᠤᠯᠵᠤ᠂ ᠨᠠᠮ ᠤᠨ ᠤᠳᠤᠷᠢᠳᠤᠯᠭ᠎ᠠ ᠶᠢ ᠥᠭᠡᠷᠡᠴᠢᠯᠡᠯᠲᠡ ᠶᠢᠨ ᠡᠯ᠎ᠡ ᠲᠠᠯ᠎ᠠ ᠪᠦᠭᠦ ᠶᠠᠪᠤᠴᠠ ᠳᠤ | ᠲᠤᠭᠤᠰᠢᠯᠠᠭᠤᠯᠵᠤ᠂ ᠥᠭᠡᠷᠡᠴᠢᠯᠡᠯᠲᠡ ᠶᠢᠨ ᠢᠮᠠᠭᠲᠠ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠭᠡᠷᠡᠭᠲᠡᠢ︔ ᠠᠷᠠᠳ | ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ | ᠭᠦᠨᠳᠦᠳᠭᠡᠵᠦ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠥᠭᠡᠷᠡᠴᠢᠯᠡᠯᠲᠡ ᠨᠢ ᠬᠠᠷᠢᠭᠤ ᠲᠤᠰᠬᠠᠯ ᠲᠠᠢ ᠪᠠᠶᠢᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠢ | ᠠᠷᠠᠳ ᠲᠦᠮᠡᠨ ᠤ ᠲᠥᠯᠥᠭᠡ᠂ ᠥᠭᠡᠷᠡᠴᠢᠯᠡᠯᠲᠡ ᠨᠢ ᠠᠷᠠᠳ ᠲᠦᠮᠡᠨ ᠳᠤ ᠲᠦᠰᠢᠭᠯᠡᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ | ᠬᠠᠮᠲᠤ ᠪᠠᠷ ᠡᠳ᠋ᠯᠡᠭᠦᠯᠭᠦ ᠶᠢ ᠪᠡᠶᠡᠯᠡᠭᠦᠯᠬᠦ ᠭᠡᠷᠡᠭᠳᠡᠢ︔ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠢ ᠭᠤᠶᠢᠪᠢᠰᠢ ᠦᠭᠡᠢ ᠪᠠᠷᠢᠮᠲᠠᠯᠠᠨ᠂ ᠴᠠᠭ ᠦᠶ᠎ᠡ ᠶᠢᠨ ᠠᠯᠬᠤᠭ᠎ᠠ ᠶᠢ ᠴᠢᠩᠭ᠎ᠠ ᠲᠠᠭᠠᠵᠤ᠂ ᠦᠢᠯᠡᠳᠦᠯᠭᠡ ᠶᠢᠨ ᠬᠥᠭᠵᠢᠯᠲᠡ ᠲᠠᠢ ᠵᠣᠬᠢᠴᠠᠵᠤ᠂ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠣᠪᠤᠶᠢᠯᠭᠠᠨ᠂ ᠰᠢᠨ᠎ᠡ ᠡᠭᠢᠯᠡᠯᠲᠡ ᠶᠢᠨ ᠴᠡᠭ ᠳᠡᠭᠡᠷ᠎ᠡ ᠤᠨᠤᠯ ᠤᠨ ᠰᠢᠨ᠎ᠡ ᠶᠢ ᠡᠭᠦᠳᠬᠦ᠂ ᠦᠢᠯᠡᠳᠦᠯᠭᠡ ᠶᠢᠨ | ᠰᠢᠨ᠎ᠡ ᠶᠢ ᠡᠭᠦᠳᠬᠦ᠂ ᠳᠦᠷᠢᠮ ᠤᠨ ᠰᠢᠨ᠎ᠡ ᠶᠢ ᠡᠭᠦᠳᠬᠦ᠂ ᠰᠣᠶᠣᠯ ᠤᠨ ᠰᠢᠨ᠎ᠡ ᠶᠢ ᠡᠭᠦᠳᠬᠦ ᠪᠠ ᠪᠤᠰᠤᠳ ᠡᠯ᠎ᠡ ᠲᠠᠯ᠎ᠠ ᠳᠤ ᠰᠢᠨ᠎ᠡ ᠶᠢ ᠡᠭᠦᠳᠬᠦ ᠶᠢ ᠠᠬᠢᠭᠤᠯᠬᠤ | ᠭᠡᠷᠡᠭᠳᠡᠢ︔ ᠳᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠦᠵᠦ ᠲᠥᠯᠥᠪᠯᠡᠭᠡ ᠬᠢᠬᠦ᠂ ᠶᠡᠷᠦᠩᠬᠡᠢ ᠳᠤᠨᠢ ᠲᠥᠯᠥᠪᠵᠢᠭᠦᠯᠬᠦ᠂ | ᠡᠪᠳᠡᠵᠦ ᠪᠠᠶᠢᠭᠤᠯᠬᠤ ᠶᠢ ᠵᠡᠷᠭᠡ ᠪᠠᠷ ᠠᠳᠬᠤᠬᠤ᠂ ᠤᠷᠢᠳ ᠢᠶᠠᠷ ᠰᠢᠨ᠎ᠡ ᠶᠢ ᠪᠠᠶᠢᠭᠤᠯᠤᠨ ᠳᠠᠷᠠᠭ᠎ᠠ ᠨᠢ ᠬᠠᠭᠤᠴᠢᠨ ᠢ ᠡᠪᠳᠡᠬᠦ ᠶᠢ ᠴᠢᠩᠭᠠᠳᠬᠠᠵᠤ᠂ ᠦᠨᠳᠦᠰᠦ | ᠪᠤᠯᠬᠤ ᠳᠦᠷᠢᠮ ᠢ ᠪᠠᠬᠢᠵᠢᠭᠦᠯᠵᠦ᠂ ᠦᠨᠳᠦᠰᠦᠨ ᠳᠦᠷᠢᠮ ᠢ ᠲᠡᠭᠦᠯᠳᠡᠷᠵᠢᠭᠦᠯᠵᠦ᠂ ᠴᠢᠬᠤᠯᠠ ᠳᠦᠷᠢᠮ ᠤᠨ ᠰᠢᠨ᠎ᠡ ᠶᠢ ᠡᠭᠦᠳᠬᠦ ᠭᠡᠷᠡᠭᠳᠡᠢ︔ ᠪᠦᠭᠦ ᠲᠠᠯ᠎ᠠ ᠪᠠᠷ | ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠮ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠵᠤ᠂ ᠥᠭᠡᠷᠡᠴᠢᠯᠡᠯᠲᠡ ᠪᠠ ᠬᠠᠤᠯᠢ ᠪᠠᠷ ᠵᠠᠰᠠᠬᠤ ᠶᠢ ᠬᠠᠷᠢᠯᠴᠠᠨ ᠨᠢᠭᠡᠳᠬᠡᠬᠦ ᠶᠢ ᠪᠡᠶᠡᠯᠡᠭᠦᠯᠵᠦ᠂ ᠴᠢᠬᠤᠯᠠ ᠶᠡᠭᠡ ᠥᠭᠡᠷᠡᠴᠢᠯᠡᠯᠲᠡ ᠶᠢ | ᠬᠠᠤᠯᠢ ᠶᠢᠨ ᠦᠨᠳᠦᠰᠦᠯᠡᠯ ᠲᠠᠢ ᠪᠤᠯᠭᠠᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠴᠠᠭ ᠲᠤᠬᠠᠢ ᠳᠤᠨᠢ ᠬᠠᠤᠯᠢ ᠴᠠᠭᠠᠵᠠ ᠶᠢᠨ ᠳᠦᠷᠢᠮ ᠪᠣᠯᠭᠠᠨ | ᠳᠡᠭᠡᠭᠰᠢᠯᠡᠭᠦᠯᠭᠦ ᠭᠡᠷᠡᠭᠳᠡᠢ︔ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠠᠵᠤ ᠠᠬᠤᠢ ᠪᠠ ᠨᠡᠶᠢᠭᠡᠮ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ᠂ ᠦᠷ᠎ᠡ | ᠪᠦᠲᠦᠮᠵᠢ ᠪᠠ ᠲᠥᠪ ᠭᠤᠣᠯᠴᠢ᠂ ᠠᠮᠢᠵᠢᠷᠠᠯ ᠤᠨ ᠬᠦᠴᠦᠨ ᠪᠠ ᠡᠮᠬᠢ ᠳᠢᠭᠯᠢᠮ᠂ ᠬᠥᠭᠵᠢᠯᠲᠡ ᠪᠠ ᠠᠮᠤᠷ ᠲᠦᠪᠰᠢᠨ ᠵᠡᠷᠭᠡ ᠴᠢᠬᠤᠯᠠ ᠶᠡᠭᠡ ᠬᠠᠷᠢᠴᠠᠭ᠎ᠠ ᠶᠢ | ᠰᠠᠶᠢᠲᠤᠷ ᠰᠢᠢᠳᠪᠦᠷᠢᠯᠡᠵᠦ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠪᠠᠲᠤᠯᠠᠭ᠎ᠠ ᠮᠥᠨ᠃ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ | ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ | ᠬᠤᠪᠢᠰᠬᠠᠯ ᠢ ᠬᠥᠲᠥᠯᠥᠨ ᠳᠠᠭᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠢ ᠪᠠᠷᠢᠮᠲᠠᠯᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠨᠠᠮ ᠢ ᠬᠠᠮᠢᠶᠠᠷᠴᠤ ᠨᠠᠮ ᠢ | ᠵᠠᠰᠠᠬᠤ ᠶᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢ | ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |