ᠴᠠᠭᠠᠨ ᠯᠣᠣᠪᠠᠩ ᠤᠨ ᠠᠵᠤ ᠦᠢᠯᠡᠰ ᠴᠠᠭᠯᠠᠰᠢ ᠦᠭᠡᠢ ᠢᠷᠡᠭᠡᠳᠦᠢ ᠲᠠᠢ
ᠨᠡᠶᠢᠲᠡᠯᠡᠭᠰᠡᠨ ᠴᠠᠭ᠄
2024/7/11
    ᠴᠠᠭᠠᠨ ᠯᠣᠣᠪᠠᠩ ᠤᠨ ᠠᠵᠤ ᠦᠢᠯᠡᠰ ᠨᠢ ᠣᠲᠤᠭ ᠤᠨ ᠡᠮᠦᠨᠡᠲᠦ ᠬᠤᠰᠢᠭᠤᠨ ᠤ ᠪᠣᠷᠣᠪᠠᠯᠭᠠᠰᠤ ᠪᠠᠯᠭᠠᠰᠤ ᠶᠢᠨ ᠵᠡᠭᠡᠷᠭᠡᠨᠡᠲᠦ ᠲᠣᠰᠬᠤᠨ ᠤ ᠣᠨᠴᠠᠯᠢᠭᠲᠤ ᠲᠠᠷᠢᠮᠠᠯ᠂ ᠲᠣᠰᠬᠤᠨ ᠤ ᠠᠷᠠᠳ ᠤᠨ ᠵᠢᠷᠭᠠᠯᠲᠤ ᠠᠮᠢᠳᠤᠷᠠᠯ ᠢᠶᠠᠨ ᠴᠤᠭᠴᠠᠯᠠᠬᠤ ᠴᠢᠬᠤᠯᠠ ᠠᠵᠤ ᠦᠢᠯᠡᠰ ᠪᠣᠯᠣᠨ᠎ᠠ᠃ ᠣᠳᠣᠬᠠᠨ ᠳᠤ ᠶᠠᠭ ᠴᠠᠭᠠᠨ ᠯᠣᠣᠪᠠᠩ ᠬᠤᠷᠢᠶᠠᠬᠤ ᠴᠠᠭ ᠪᠣᠯᠵᠤ ᠵᠡᠭᠡᠷᠭᠡᠨᠡᠲᠦ ᠲᠣᠰᠬᠤᠨ ᠤ ᠲᠠᠷᠢᠶᠠᠴᠢᠳ ᠴᠠᠭᠠᠨ ᠯᠣᠣᠪᠠᠩ ᠢᠶᠠᠨ ᠬᠤᠷᠢᠶᠠᠵᠤ ᠶᠠᠭᠠᠷᠠᠯᠳᠤᠨ᠎ᠠ᠃ ᠡᠨᠡ ᠵᠢᠯ ᠭᠤᠣᠯᠳᠠᠭᠤ ᠹᠧᠩ ᠶᠠᠩ᠂ ᠳ᠋ᠦᠩ ᠹᠠᠩ ᠪᠠᠢ ᠵᠡᠷᠭᠡ ᠰᠢᠨ᠎ᠡ ᠲᠥᠷᠥᠯ ᠤᠨ ᠴᠠᠭᠠᠨ ᠯᠣᠣᠪᠠᠩ ᠲᠠᠷᠢᠵᠤ ᠤᠷᠭᠤᠯᠲᠠ ᠶᠢᠨ ᠬᠤᠭᠤᠴᠠᠭ᠎ᠠ ᠣᠬᠤᠷ᠂ ᠤᠨᠠᠯᠲᠠ ᠰᠠᠶᠢᠨ᠂ ᠠᠷᠠᠴᠢᠯᠠᠵᠤ ᠬᠠᠮᠠᠭᠠᠯᠠᠬᠤ ᠎ ᠳᠤ ᠳᠥᠭᠦᠮ ᠵᠡᠷᠭᠡ ᠳᠠᠪᠠᠭᠤᠯᠢᠭ ᠲᠠᠢ᠃    ᠲᠣᠰᠬᠤᠨ ᠤ ᠲᠠᠷᠢᠶᠠᠴᠢᠨ ᠯᠢᠤ ᠶᠠᠨ ᠯᠢᠨ 200 ᠭᠠᠷᠤᠢ ᠮᠦ ᠲᠠᠷᠢᠶᠠᠨ ᠭᠠᠵᠠᠷ ᠢᠶᠠᠨ ᠪᠦᠬᠦᠨ ᠢ ᠠᠵᠤ ᠠᠬᠤᠶᠢᠯᠠᠯ ᠳᠤ ᠲᠦᠷᠢᠶᠡᠰᠦᠯᠡᠨ ᠥᠭᠬᠦ ᠶᠢᠨ ᠬᠠᠮᠲᠤ ᠥᠪᠡᠷ ᠢᠶᠠᠨ ᠬᠥᠯᠥᠰᠦᠨ ᠠᠵᠢᠯ ᠬᠢᠵᠤ ᠬᠤᠶᠠᠷ ᠬᠤᠪᠢ ᠣᠷᠣᠯᠭ᠎ᠠ ᠣᠯᠳᠠᠭ ᠪᠠᠶᠢᠵᠠᠢ᠃ ︽ᠬᠤᠷᠢᠶᠠᠯᠲᠠ ᠶᠢᠨ ᠬᠤᠭᠤᠴᠠᠭᠠᠨ ᠳᠤ ᠤᠷᠤᠭᠰᠠᠨ ᠠᠴᠠ ᠨᠠᠭᠠᠰᠢ᠂ ᠡᠳᠦᠷ ᠪᠦᠷᠢ ᠤᠨᠠᠭᠰᠠᠨ ᠮᠠᠯᠠᠭᠠᠢ ᠠᠪᠬᠤ ᠵᠠᠪ ᠦᠭᠡᠢ ᠶᠠᠭᠠᠷᠠᠭᠰᠠᠨ ᠴᠦ ᠯᠣᠣᠪᠠᠩ ᠡᠯᠪᠡᠭ ᠬᠤᠷᠢᠶᠠᠭᠰᠠᠨ ᠢ ᠪᠣᠳᠣᠬᠤ ᠪᠠᠷ ᠰᠡᠳᠬᠢᠯ ᠳᠤ ᠳᠤᠯᠠᠭᠠᠬᠠᠨ︾ ᠭᠡᠵᠤ ᠯᠢᠦ ᠶᠠᠨ ᠯᠢᠨ ᠬᠠᠨᠤᠮᠵᠢᠲᠠᠢ ᠶᠠᠷᠢᠨ᠎ᠠ᠃    ᠵᠡᠭᠡᠷᠭᠡᠨᠡᠲᠦ ᠲᠤᠰᠬᠤᠨ ᠤ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠴᠠᠭᠠᠨ ᠯᠣᠣᠪᠠᠩ ᠡᠭᠡᠭᠡᠵᠤ ᠬᠠᠲᠠᠭᠠᠬᠤ ᠦᠢᠯᠡᠳᠪᠦᠷᠢ ᠨᠢ ᠡᠳᠦᠭᠡ ᠠᠰᠢᠭᠯᠠᠯᠲᠠ ᠳᠤ ᠣᠷᠣᠵᠣ᠂ ᠯᠣᠣᠪᠠᠩ ᠤᠨ ᠬᠠᠲᠠᠭᠠᠮᠠᠯ ᠨᠢ ᠥᠩᠭᠡ ᠢᠯᠭᠠᠷᠠᠨ ᠦᠵᠡᠮᠵᠢ ᠲᠡᠭᠦᠯᠳᠡᠷ ᠪᠠᠶᠢᠯ᠎ᠠ᠃ ︽ᠡᠳᠡᠭᠡᠷ ᠬᠠᠲᠠᠭᠠᠭᠰᠠᠨ ᠯᠣᠣᠪᠠᠩ ᠢ ᠤᠭᠤᠲᠠᠯᠠᠵᠤ᠂ ᠯᠢᠶᠣᠣᠨᠢᠩ᠂ ᠹᠦᠵᠢᠶᠠᠨ᠂ ᠭᠤᠸᠠᠩᠵᠧᠦ ᠵᠡᠷᠭᠡ ᠭᠠᠵᠠᠷ ᠲᠤ ᠪᠣᠷᠣᠯᠠᠭᠤᠯᠬᠤ ᠪᠠᠷ ᠪᠠᠶᠢᠨ᠎ᠠ︾ ᠭᠡᠵᠤ ᠦᠢᠯᠡᠳᠪᠦᠷᠢ ᠶᠢᠨ ᠬᠠᠷᠢᠭᠤᠴᠠᠯᠭᠠᠲᠠᠨ ᠲᠠᠨᠢᠯᠴᠠᠭᠤᠯᠤᠨ᠎ᠠ᠃    ᠣᠶᠢᠯᠭᠠᠭᠰᠠᠨ ᠢᠶᠠᠷ᠂ ᠴᠠᠭᠠᠨ ᠯᠣᠣᠪᠠᠩ ᠡᠭᠡᠭᠡᠵᠤ ᠬᠠᠲᠠᠭᠠᠬᠤ ᠦᠢᠯᠡᠳᠪᠦᠷᠢ ᠶᠢᠨ ᠶᠡᠷᠦᠩᠬᠡᠢ ᠪᠡᠯᠡ ᠤᠷᠤᠭᠤᠯᠤᠯᠲᠠ ᠨᠢ 300 ᠲᠦᠮᠡᠨ ᠲᠦᠭᠦᠷᠢᠭ ᠲᠤ ᠬᠦᠷᠴᠦ᠂ ᠣᠶᠢᠷ᠎ᠠ ᠬᠠᠪᠢ ᠶᠢᠨ 40 ᠭᠠᠷᠤᠢ ᠮᠠᠯᠴᠢᠨ ᠲᠠᠷᠢᠶᠠᠴᠢᠳ ᠳᠤ ᠠᠵᠢᠯ ᠤᠨ ᠪᠠᠶᠢᠷᠢ ᠬᠠᠩᠭᠠᠵᠤ᠂ ᠲᠤᠰᠬᠤᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠶᠢ ᠵᠢᠯ ᠪᠦᠷᠢ 3 ᠲᠦᠮᠡ ᠭᠠᠷᠤᠢ ᠲᠥᠬᠦᠷᠢᠭ ᠨᠡᠮᠡᠭᠳᠡᠭᠦᠯᠦᠨ᠎ᠡ᠃ ᠡ᠊ᠨᠳᠡᠬᠢ ᠠᠭᠤᠷ ᠠᠮᠢᠰᠬᠤᠯ ᠪᠣᠯᠣᠨ ᠬᠥᠷᠥᠰᠦᠨ ᠰᠢᠷᠤᠢ ᠶᠢᠨ ᠨᠥᠬᠦᠴᠡᠯ ᠨᠢ ᠴᠠᠭᠠᠨ ᠯᠤᠤᠪᠠᠩ ᠤᠨ ᠠᠵᠤ ᠦᠢᠯᠡᠰ ᠢ ᠬᠥᠭᠵᠢᠭᠦᠯᠬᠦ ᠠᠰᠢᠭ ᠲᠠᠢ ᠨᠥᠬᠦᠴᠡᠯ ᠢ ᠪᠦᠷᠢᠯᠳᠦᠭᠦᠯᠦᠭᠰᠡᠨ ᠲᠤᠯᠠ ᠵᠡᠭᠡᠷᠭᠡᠨᠡᠲᠦ ᠲᠤᠰᠬᠤᠨ ᠴᠠᠭᠠᠨ ᠯᠣᠣᠪᠠᠩ ᠤᠨ ᠲᠥᠷᠥᠯ ᠢ ᠳᠠᠰᠤᠷᠠᠯᠲᠠ ᠦᠭᠡᠢ ᠰᠢᠯᠢᠳᠡᠭᠵᠢᠭᠦᠯᠵᠦ᠂ ᠯᠣᠣᠪᠠᠩ ᠲᠠᠷᠢᠬᠤ ᠲᠠᠯᠠᠪᠠᠢ ᠶᠢ 3000 ᠭᠠᠷᠤᠢ ᠮᠦ ᠳᠤ ᠬᠦᠷᠭᠡᠵᠤ᠂ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠵᠦ ᠪᠠᠶᠢᠨ᠎ᠠ᠃
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ