ᠴᠠᠭᠠᠨ ᠯᠣᠣᠪᠠᠩ ᠤᠨ ᠠᠵᠤ ᠦᠢᠯᠡᠰ ᠨᠢ ᠣᠲᠤᠭ ᠤᠨ ᠡᠮᠦᠨᠡᠲᠦ ᠬᠤᠰᠢᠭᠤᠨ ᠤ ᠪᠣᠷᠣᠪᠠᠯᠭᠠᠰᠤ ᠪᠠᠯᠭᠠᠰᠤ ᠶᠢᠨ ᠵᠡᠭᠡᠷᠭᠡᠨᠡᠲᠦ ᠲᠣᠰᠬᠤᠨ ᠤ ᠣᠨᠴᠠᠯᠢᠭᠲᠤ | ᠲᠠᠷᠢᠮᠠᠯ᠂ ᠲᠣᠰᠬᠤᠨ ᠤ ᠠᠷᠠᠳ ᠤᠨ ᠵᠢᠷᠭᠠᠯᠲᠤ ᠠᠮᠢᠳᠤᠷᠠᠯ ᠢᠶᠠᠨ ᠴᠤᠭᠴᠠᠯᠠᠬᠤ ᠴᠢᠬᠤᠯᠠ ᠠᠵᠤ ᠦᠢᠯᠡᠰ ᠪᠣᠯᠣᠨ᠎ᠠ᠃ ᠣᠳᠣᠬᠠᠨ ᠳᠤ ᠶᠠᠭ ᠴᠠᠭᠠᠨ ᠯᠣᠣᠪᠠᠩ | ᠬᠤᠷᠢᠶᠠᠬᠤ ᠴᠠᠭ ᠪᠣᠯᠵᠤ ᠵᠡᠭᠡᠷᠭᠡᠨᠡᠲᠦ ᠲᠣᠰᠬᠤᠨ ᠤ ᠲᠠᠷᠢᠶᠠᠴᠢᠳ ᠴᠠᠭᠠᠨ ᠯᠣᠣᠪᠠᠩ ᠢᠶᠠᠨ ᠬᠤᠷᠢᠶᠠᠵᠤ ᠶᠠᠭᠠᠷᠠᠯᠳᠤᠨ᠎ᠠ᠃ ᠡᠨᠡ ᠵᠢᠯ ᠭᠤᠣᠯᠳᠠᠭᠤ ᠹᠧᠩ ᠶᠠᠩ᠂ | ᠳ᠋ᠦᠩ ᠹᠠᠩ ᠪᠠᠢ ᠵᠡᠷᠭᠡ ᠰᠢᠨ᠎ᠡ ᠲᠥᠷᠥᠯ ᠤᠨ ᠴᠠᠭᠠᠨ ᠯᠣᠣᠪᠠᠩ ᠲᠠᠷᠢᠵᠤ ᠤᠷᠭᠤᠯᠲᠠ ᠶᠢᠨ ᠬᠤᠭᠤᠴᠠᠭ᠎ᠠ ᠣᠬᠤᠷ᠂ ᠤᠨᠠᠯᠲᠠ ᠰᠠᠶᠢᠨ᠂ ᠠᠷᠠᠴᠢᠯᠠᠵᠤ ᠬᠠᠮᠠᠭᠠᠯᠠᠬᠤ | ᠳᠤ ᠳᠥᠭᠦᠮ ᠵᠡᠷᠭᠡ ᠳᠠᠪᠠᠭᠤᠯᠢᠭ ᠲᠠᠢ᠃ | ᠲᠣᠰᠬᠤᠨ ᠤ ᠲᠠᠷᠢᠶᠠᠴᠢᠨ ᠯᠢᠤ ᠶᠠᠨ ᠯᠢᠨ 200 ᠭᠠᠷᠤᠢ ᠮᠦ ᠲᠠᠷᠢᠶᠠᠨ ᠭᠠᠵᠠᠷ ᠢᠶᠠᠨ ᠪᠦᠬᠦᠨ ᠢ ᠠᠵᠤ ᠠᠬᠤᠶᠢᠯᠠᠯ ᠳᠤ ᠲᠦᠷᠢᠶᠡᠰᠦᠯᠡᠨ ᠥᠭᠬᠦ ᠶᠢᠨ ᠬᠠᠮᠲᠤ | ᠥᠪᠡᠷ ᠢᠶᠠᠨ ᠬᠥᠯᠥᠰᠦᠨ ᠠᠵᠢᠯ ᠬᠢᠵᠤ ᠬᠤᠶᠠᠷ ᠬᠤᠪᠢ ᠣᠷᠣᠯᠭ᠎ᠠ ᠣᠯᠳᠠᠭ ᠪᠠᠶᠢᠵᠠᠢ᠃ ︽ᠬᠤᠷᠢᠶᠠᠯᠲᠠ ᠶᠢᠨ ᠬᠤᠭᠤᠴᠠᠭᠠᠨ ᠳᠤ ᠤᠷᠤᠭᠰᠠᠨ ᠠᠴᠠ ᠨᠠᠭᠠᠰᠢ᠂ | ᠡᠳᠦᠷ ᠪᠦᠷᠢ ᠤᠨᠠᠭᠰᠠᠨ ᠮᠠᠯᠠᠭᠠᠢ ᠠᠪᠬᠤ ᠵᠠᠪ ᠦᠭᠡᠢ ᠶᠠᠭᠠᠷᠠᠭᠰᠠᠨ ᠴᠦ ᠯᠣᠣᠪᠠᠩ ᠡᠯᠪᠡᠭ ᠬᠤᠷᠢᠶᠠᠭᠰᠠᠨ ᠢ ᠪᠣᠳᠣᠬᠤ ᠪᠠᠷ ᠰᠡᠳᠬᠢᠯ ᠳᠤ ᠳᠤᠯᠠᠭᠠᠬᠠᠨ︾ ᠭᠡᠵᠤ | ᠯᠢᠦ ᠶᠠᠨ ᠯᠢᠨ ᠬᠠᠨᠤᠮᠵᠢᠲᠠᠢ ᠶᠠᠷᠢᠨ᠎ᠠ᠃ | ᠵᠡᠭᠡᠷᠭᠡᠨᠡᠲᠦ ᠲᠤᠰᠬᠤᠨ ᠤ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠴᠠᠭᠠᠨ ᠯᠣᠣᠪᠠᠩ ᠡᠭᠡᠭᠡᠵᠤ | ᠬᠠᠲᠠᠭᠠᠬᠤ ᠦᠢᠯᠡᠳᠪᠦᠷᠢ ᠨᠢ ᠡᠳᠦᠭᠡ ᠠᠰᠢᠭᠯᠠᠯᠲᠠ ᠳᠤ ᠣᠷᠣᠵᠣ᠂ ᠯᠣᠣᠪᠠᠩ ᠤᠨ ᠬᠠᠲᠠᠭᠠᠮᠠᠯ ᠨᠢ ᠥᠩᠭᠡ ᠢᠯᠭᠠᠷᠠᠨ ᠦᠵᠡᠮᠵᠢ ᠲᠡᠭᠦᠯᠳᠡᠷ ᠪᠠᠶᠢᠯ᠎ᠠ᠃ ︽ᠡᠳᠡᠭᠡᠷ | ᠬᠠᠲᠠᠭᠠᠭᠰᠠᠨ ᠯᠣᠣᠪᠠᠩ ᠢ ᠤᠭᠤᠲᠠᠯᠠᠵᠤ᠂ ᠯᠢᠶᠣᠣᠨᠢᠩ᠂ ᠹᠦᠵᠢᠶᠠᠨ᠂ ᠭᠤᠸᠠᠩᠵᠧᠦ ᠵᠡᠷᠭᠡ ᠭᠠᠵᠠᠷ ᠲᠤ ᠪᠣᠷᠣᠯᠠᠭᠤᠯᠬᠤ ᠪᠠᠷ ᠪᠠᠶᠢᠨ᠎ᠠ︾ ᠭᠡᠵᠤ ᠦᠢᠯᠡᠳᠪᠦᠷᠢ ᠶᠢᠨ | ᠬᠠᠷᠢᠭᠤᠴᠠᠯᠭᠠᠲᠠᠨ ᠲᠠᠨᠢᠯᠴᠠᠭᠤᠯᠤᠨ᠎ᠠ᠃ | ᠣᠶᠢᠯᠭᠠᠭᠰᠠᠨ ᠢᠶᠠᠷ᠂ ᠴᠠᠭᠠᠨ ᠯᠣᠣᠪᠠᠩ ᠡᠭᠡᠭᠡᠵᠤ ᠬᠠᠲᠠᠭᠠᠬᠤ ᠦᠢᠯᠡᠳᠪᠦᠷᠢ ᠶᠢᠨ ᠶᠡᠷᠦᠩᠬᠡᠢ ᠪᠡᠯᠡ ᠤᠷᠤᠭᠤᠯᠤᠯᠲᠠ ᠨᠢ 300 ᠲᠦᠮᠡᠨ ᠲᠦᠭᠦᠷᠢᠭ ᠲᠤ | ᠬᠦᠷᠴᠦ᠂ ᠣᠶᠢᠷ᠎ᠠ ᠬᠠᠪᠢ ᠶᠢᠨ 40 ᠭᠠᠷᠤᠢ ᠮᠠᠯᠴᠢᠨ ᠲᠠᠷᠢᠶᠠᠴᠢᠳ ᠲᠤ ᠠᠵᠢᠯ ᠤᠨ ᠪᠠᠶᠢᠷᠢ ᠬᠠᠩᠭᠠᠵᠤ᠂ ᠲᠤᠰᠬᠤᠨ ᠤ ᠬᠠᠮᠲᠤ ᠶᠢᠨ ᠠᠵᠤ ᠠᠬᠤᠢ ᠶᠢᠨ | ᠤᠷᠤᠯᠭ᠎ᠠ ᠶᠢ ᠵᠢᠯ ᠪᠦᠷᠢ 3 ᠲᠦᠮᠡ ᠭᠠᠷᠤᠢ ᠲᠥᠬᠦᠷᠢᠭ ᠨᠡᠮᠡᠭᠳᠡᠭᠦᠯᠦᠨ᠎ᠡ᠃ ᠡ᠊ᠨᠳᠡᠬᠢ ᠠᠭᠤᠷ ᠠᠮᠢᠰᠬᠤᠯ ᠪᠣᠯᠣᠨ ᠬᠥᠷᠥᠰᠦᠨ ᠰᠢᠷᠤᠢ ᠶᠢᠨ ᠨᠥᠬᠦᠴᠡᠯ ᠨᠢ ᠴᠠᠭᠠᠨ | ᠯᠤᠤᠪᠠᠩ ᠤᠨ ᠠᠵᠤ ᠦᠢᠯᠡᠰ ᠢ ᠬᠥᠭᠵᠢᠭᠦᠯᠬᠦ ᠠᠰᠢᠭ ᠲᠠᠢ ᠨᠥᠬᠦᠴᠡᠯ ᠢ ᠪᠦᠷᠢᠯᠳᠦᠭᠦᠯᠦᠭᠰᠡᠨ ᠲᠤᠯᠠ ᠵᠡᠭᠡᠷᠭᠡᠨᠡᠲᠦ ᠲᠤᠰᠬᠤᠨ ᠴᠠᠭᠠᠨ ᠯᠣᠣᠪᠠᠩ ᠤᠨ ᠲᠥᠷᠥᠯ ᠢ | ᠳᠠᠰᠤᠷᠠᠯᠲᠠ ᠦᠭᠡᠢ ᠰᠢᠯᠢᠳᠡᠭᠵᠢᠭᠦᠯᠵᠦ᠂ ᠯᠣᠣᠪᠠᠩ ᠲᠠᠷᠢᠬᠤ ᠲᠠᠯᠠᠪᠠᠢ ᠶᠢ 3000 ᠭᠠᠷᠤᠢ ᠮᠦ ᠳᠤ ᠬᠦᠷᠭᠡᠵᠤ᠂ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠵᠦ | ᠪᠠᠶᠢᠨ᠎ᠠ᠃ | | | | | | | | | | | | | | | | | | | | | | | | | | | | | | | | | |