ᠦᠦᠰᠢᠨ ᠬᠤᠰᠢᠭᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2024/7/11
    ᠣᠶᠢᠷ᠎ᠠ ᠶᠢᠨ ᠡᠳᠦᠷ᠂ 1.6 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠲᠠᠢ ᠮᠤᠵᠢ ᠶᠢᠨ ᠲᠡᠰ ᠤᠨ ᠵᠠᠮ 215 ᠱᠤᠭᠤᠮ ᠤᠨ ᠲᠦᠩᠽᠢ ᠠᠴᠠ ᠬᠠᠢ ᠽᠧ ᠫᠠᠨ ᠬᠦᠷᠬᠦ ᠬᠡᠰᠡᠭ ᠤᠨ ᠰᠢᠷᠬᠤᠰᠤᠨ ᠭᠤᠣᠯ ᠤᠨ ᠶᠡᠭᠡ ᠬᠦᠭᠦᠷᠭᠡ ᠶᠢ ᠠᠮᠵᠢᠯᠲᠠ ᠲᠠᠢ ᠳᠡᠪᠢᠰᠴᠦ᠂ ᠪᠦᠬᠦ ᠱᠤᠭᠤᠮ ᠢᠶᠠᠷ ᠲᠡᠷᠭᠡ ᠨᠡᠪᠲᠡᠷᠡᠬᠦ ᠳᠤ ᠪᠡᠯᠡᠬᠡᠨ ᠪᠣᠯᠣᠯ᠎ᠠ᠃    ᠡᠨᠡ ᠵᠢᠯ ᠠᠴᠠ ᠨᠠᠭᠠᠰᠢ᠂ ᠦᠦᠰᠢᠨ ᠬᠤᠰᠢᠭᠤ ᠴᠠᠭ ᠲᠣᠬᠢᠶᠠᠯ ᠢ ᠠᠮᠵᠢᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠬᠢᠭᠤᠯᠵᠤ᠂ ᠮᠤᠵᠢ ᠶᠢᠨ ᠲᠡᠰ ᠤᠨ ᠵᠠᠮ 215 ᠱᠤᠭᠤᠮ ᠤᠨ ᠲᠦᠩᠽᠢ ᠠᠴᠠ ᠬᠠᠢ ᠽᠧ ᠫᠠᠨ ᠬᠦᠷᠬᠦ ᠬᠡᠰᠡᠭ᠂ ᠳ᠋ᠦᠩᠱᠧᠩ ᠲᠤᠭᠤᠷᠢᠭ ᠤᠨ ᠪᠤᠷᠵᠠᠩ ᠨᠠᠭᠤᠷ ᠪᠠᠯᠭᠠᠰᠤ ᠶᠢᠨ ᠴᠠᠶᠢᠳᠠᠮ ᠲᠤᠰᠬᠤᠨ ᠠᠴᠠ ᠲᠤᠭ ᠪᠠᠯᠭᠠᠰᠤ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ᠂ ᠮᠤᠵᠢ ᠶᠢᠨ ᠲᠡᠰ ᠤᠨ ᠵᠠᠮ 26 ᠱᠤᠭᠤᠮ ᠤᠨ ᠵᠡᠭᠦᠠᠭᠠᠷ ᠠᠴᠠ ᠢᠷᠭᠠᠢ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠯᠠᠨ ᠵᠢᠶᠠ ᠯᠢᠶᠠᠩ ᠠᠴᠠ ᠨᠠᠩᠰᠤ ᠬᠦᠷᠬᠦ ᠬᠡᠰᠡᠭ᠂ ᠮᠤᠵᠢ ᠶᠢᠨ ᠲᠡᠰ ᠤᠨ ᠵᠠᠮ 36 ᠱᠤᠭᠤᠮ ᠤᠨ ᠲᠡᠮᠡᠭᠡᠲᠦ ᠠᠴᠠ ᠦᠦᠰᠢᠨ ᠬᠤᠰᠢᠭᠤ ᠬᠦᠷᠬᠦ    ᠥᠨᠳᠥᠷ ᠬᠤᠷᠳᠤᠴᠠᠲᠤ ᠵᠠᠰᠠᠮᠠᠯ ᠵᠠᠮ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ ᠪᠠᠶᠢᠨ᠎ᠠ᠃ ᠡᠨᠡ ᠵᠢᠯ ᠤᠨ ᠦᠦᠰᠢᠨ ᠬᠤᠰᠢᠭᠤᠨ ᠤ ᠵᠠᠮ ᠬᠠᠷᠢᠯᠴᠠᠭᠠᠨ ᠤ ᠰᠠᠭᠤᠷᠢ ᠳᠥᠬᠦᠭᠡᠷᠦᠮᠵᠢ ᠶᠢᠨ ᠪᠡᠯᠡ ᠤᠷᠤᠭᠤᠯᠤᠯᠲᠠ 9.25 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠭᠤᠤᠯᠳᠠᠯᠭ᠎ᠠ ᠲᠠᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠤᠷᠤᠭᠤᠯᠤᠯᠲᠠ 6.45 ᠳ᠋ᠦᠩᠰᠢᠭᠤᠷ ᠲᠦᠭᠦᠷᠢᠭ᠂ ᠬᠥᠳᠡᠭᠡ ᠲᠤᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠠ ᠵᠠᠰᠠᠮᠠᠯ ᠵᠠᠮ ᠤᠨ ᠬᠠᠮᠠᠭᠠᠯᠠᠯᠲᠠ ᠵᠢᠴᠢ ᠠᠮᠤᠷ ᠳᠥᠪᠰᠢᠨ ᠤ ᠰᠡᠷᠭᠡᠶᠢᠯᠡᠯᠲᠡ ᠵᠡᠷᠭᠡ ᠢᠨᠵᠧᠨᠧᠷᠢᠩ ᠤᠨ ᠪᠡᠯᠡ ᠤᠷᠤᠭᠤᠯᠤᠯᠲᠠ 2.8 ᠳ᠋ᠦᠩᠰᠢᠭᠤᠷ ᠲᠥᠭᠦᠷᠢᠭ ᠲᠤ ᠬᠦᠷᠴᠦ᠂ ᠤᠳᠤᠬᠠᠨ ᠳᠤ ᠬᠥᠳᠡᠭᠡ ᠲᠤᠰᠬᠤᠨ ᠤ ᠵᠠᠰᠠᠮᠠᠯ ᠵᠠᠮ ᠤᠨ 7 ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ 159.8 ᠺᠢᠯᠣᠮᠧᠲᠷ ᠤᠨ ᠪᠠᠷᠢᠯᠭ᠎ᠠ ᠶᠢᠨ ᠠᠵᠢᠯ ᠢ ᠨᠢᠭᠡᠨᠲᠡ ᠡᠬᠢᠯᠡᠭᠦᠯᠪᠡ᠃
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ