ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠡᠬᠢᠯᠡᠯ᠎ᠡ
ᠨᠡᠶᠢᠲᠡᠯᠡᠭᠰᠡᠨ ᠴᠠᠭ᠄
2024/7/15
     7 ᠰᠠᠷ᠎ᠠ ᠶᠢᠨ 14᠎ ᠤ ᠡᠳᠦᠷ᠂ ︽ᠲᠠᠯ᠎ᠠ ᠨᠤᠲᠤᠭ ᠲᠤ ᠪᠣᠯᠵᠣᠵᠣ ᠨᠠᠭᠠᠳᠤᠮ ᠲᠠᠢ ᠵᠣᠯᠭᠠᠶ᠎ᠠ︾ ᠭᠡᠬᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠎ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠰᠢᠯᠢ ᠶᠢᠨ ᠭᠤᠣᠯ ᠠᠶᠢᠮᠠᠭ ᠤᠨ ᠰᠢᠯᠢᠩᠬᠤᠲᠠ ᠳᠤ ᠡᠬᠢᠯᠡᠪᠡ᠃ ᠲᠤᠰ ᠬᠤᠭᠤᠴᠠᠭᠠᠨ ᠤ ᠨᠠᠭᠠᠳᠤᠮ ᠳᠤ ᠪᠦᠬᠡ ᠪᠠᠷᠢᠯᠳᠤᠬᠤ᠂ ᠰᠤᠷ ᠬᠠᠷᠪᠤᠬᠤ᠂ ᠮᠣᠷᠢ ᠤᠷᠤᠯᠳᠤᠬᠤ ᠵᠡᠷᠭᠡ ᠤᠯᠠᠮᠵᠢᠯᠠᠯᠲᠤ ᠠᠵᠢᠯᠯᠠᠭ᠎ᠠ ᠠᠴᠠ ᠭᠠᠳᠠᠨ᠎ᠠ᠂ ᠪᠤᠳᠠᠰ ᠤᠨ ᠪᠤᠰᠤ ᠰᠤᠶᠤᠯ ᠤᠨ ᠥᠪ ᠤᠨ ᠦᠵᠡᠭᠦᠯᠭᠡ ᠦᠵᠡᠰᠬᠦᠯᠡᠩ᠂ ᠬᠤᠯᠠᠨ ᠰᠢᠷᠭ᠎ᠠ ᠳᠠᠭ᠎ᠠ ᠶᠢᠨ ᠡᠯᠡᠰᠦ ᠶᠢ ᠳᠤᠭᠤᠯᠬᠤ ᠲᠤᠭᠤᠷᠢᠨ ᠠᠶᠠᠯᠠᠯ᠂ ᠮᠠᠰᠢᠨ ᠲᠡᠷᠭᠡᠨ ᠤ ᠨᠠᠭᠠᠳᠤᠮ᠂ ᠲᠠᠯ᠎ᠠ ᠨᠤᠲᠤᠭ ᠤᠨ ᠨᠠᠭᠠᠳᠤᠮ ᠤᠨ ᠳᠠᠭᠤᠤ ᠬᠥᠭᠵᠢᠮ ᠤᠨ ᠨᠠᠶᠢᠷ᠂ ᠵᠢᠭᠤᠯᠴᠢᠯᠠᠭᠰᠠᠳ ᠤᠨ ᠭᠤᠷᠪᠠᠨ ᠲᠥᠷᠥᠯ ᠤᠨ ᠤᠷᠤᠯᠳᠤᠭᠠᠨ ᠵᠡᠷᠭᠡ ᠤᠯᠠᠨ ᠲᠥᠷᠥᠯ ᠤᠨ ᠰᠤᠶᠤᠯ ᠵᠢᠭᠤᠯᠴᠢᠯᠠᠯ ᠤᠨ ᠠᠵᠢᠯᠯᠠᠭ᠎ᠠ ᠳᠤᠬᠢᠷᠠᠭᠤᠯᠵᠤ᠂ ᠵᠢᠭᠤᠯᠴᠢᠯᠠᠭᠰᠠᠳ ᠲᠤ ᠪᠡᠶᠡᠴᠢᠯᠡᠨ ᠣᠶᠢᠯᠭᠠᠬᠤ ᠮᠠᠶ᠋ᠢᠭ ᠢᠶᠠᠷ ᠬᠦᠷᠲᠡᠭᠡᠯ ᠪᠣᠯᠭᠠᠨ ᠡᠨᠡᠬᠦ ᠲᠠᠯ᠎ᠠ ᠨᠤᠲᠤᠭ ᠤᠨ ᠥᠪᠡᠳᠡᠭᠰᠢ ᠨᠠᠶᠢᠷ ᠨᠠᠭᠠᠳᠤᠮ ᠢ ᠮᠡᠳᠡᠷᠡᠭᠦᠯᠬᠦ ᠪᠣᠯᠣᠨ᠎ᠠ᠃
微信图片_20240715101522.jpg
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ ᠤ ᠸᠢᠴᠠᠲ ᠳᠠᠪᠴᠠᠩ