ᠥᠷᠭᠡᠨ ᠬᠡᠷᠡᠭᠯᠡᠭᠡᠨ ᠤ ᠲᠠᠸᠠᠷ ᠢ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢ ᠳᠡᠮᠵᠢᠬᠦ ᠲᠥᠷᠥ ᠶᠢᠨ ᠪᠣᠳᠣᠯᠭ᠎ᠠ ᠨᠤᠭᠤᠳ ᠢ ᠳᠠᠷᠤᠮᠠᠯᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/7/16

ᠤᠷᠳᠤᠰ ᠵᠠᠰᠠᠭ ᠲᠠᠷᠬᠠᠭᠠᠭᠰᠠᠨ ﹇2024﹈ 8 ᠳ᠋ᠤᠭᠠᠷ ᠲᠤᠭᠠᠳᠤ

ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ

ᠬᠠᠷᠢᠶ᠎ᠠ ᠨᠢᠭᠡᠴᠢ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄

     ᠡᠳᠦᠭᠡ ︽ᠣᠷᠳᠣᠰ ᠬᠤᠲᠠ ᠶᠢᠨ ᠥᠷᠭᠡᠨ ᠬᠡᠷᠡᠭᠯᠡᠭᠡᠨ ᠤ ᠲᠠᠸᠠᠷ ᠢ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢ ᠳᠡᠮᠵᠢᠬᠦ

ᠲᠥᠷᠥ ᠶᠢᠨ ᠪᠣᠳᠣᠯᠭ᠎ᠠ ᠨᠤᠭᠤᠳ︾᠎ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ

ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠰᠠᠶᠢᠲᠤᠷ 

ᠲᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃

  

                                                      ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ

                                                          2024 ᠣᠨ ᠤ 2 ᠳ᠋ᠤᠭᠠᠷ ᠰᠠᠷ᠎ᠠ ᠶᠢᠨ 7᠎ ᠤ ᠡᠳᠦᠷ

 ᠥᠷᠭᠡᠨ ᠬᠡᠷᠡᠭᠯᠡᠭᠡᠨ ᠤ ᠳᠡᠸᠡᠷ ᠢ ᠭᠠᠳᠡᠭᠠᠳᠦ ᠠᠴᠠ ᠤᠷᠤᠭᠤᠯᠵᠤ ᠭᠠᠳᠡᠭᠠᠳᠦ ᠳᠤ ᠭᠠᠷᠭᠠᠬᠤ ᠠᠷᠡᠯᠵᠢᠶ᠎ᠡ ᠶᠢ ᠳᠡᠮᠵᠢᠬᠦ ᠳᠦᠷᠦ ᠶᠢᠨ ᠪᠦ᠋ᠳᠦᠯᠭ᠎ᠠ ᠨᠤᠭᠤᠳ

   

     ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ

ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2023﹈ 16 ᠳ᠋ᠤᠭᠠᠷ ᠲᠣᠭᠠᠲᠤ︶᠎ ᠢ ᠭᠦᠨᠵᠡᠭᠡᠶ

ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠥᠷᠭᠡᠨ ᠬᠡᠷᠡᠭᠯᠡᠭᠡᠨ ᠤ

ᠲᠠᠸᠠᠷ ᠤᠨ ᠠᠷᠠᠯᠵᠢᠶᠠᠨ ᠤ ᠬᠡᠪᠴᠢᠶ᠎ᠡ ᠪᠠ ᠵᠠᠬ᠎ᠠ ᠳᠡᠯᠭᠡᠭᠦᠷ ᠢ ᠥᠷᠭᠡᠳᠬᠡᠵᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠠᠬᠢᠭᠤᠯᠵᠤ᠂ ᠪᠥᠬᠦ ᠬᠤᠲᠠ ᠶᠢᠨ

ᠥᠷᠭᠡᠨ ᠬᠡᠷᠡᠭᠯᠡᠭᠡᠨ ᠤ ᠲᠠᠸᠠᠷ ᠢ ᠭᠠᠳᠠᠭᠠᠳᠤ ᠠᠴᠠ ᠤᠷᠤᠭᠤᠯᠵᠤ  ᠭᠠᠳᠠᠭᠠᠳᠤ ᠳᠤ ᠭᠠᠷᠭᠠᠬᠤ ᠠᠷᠠᠯᠵᠢᠶ᠎ᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠤᠰᠠᠳᠠ

᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ ᠮᠡᠲᠦ ᠲᠥᠷᠥ ᠶᠢᠨ ᠪᠣᠳᠣᠯᠭ᠎ᠠ ᠶᠢ ᠲᠣᠭᠲᠠᠭᠠᠪᠠ᠃

     ᠨᠢᠭᠡ᠂ ᠥᠷᠭᠡᠨ ᠬᠡᠷᠡᠭᠯᠡᠭᠡᠨ ᠤ ᠲᠠᠸᠠᠷ ᠤᠨ ᠠᠷᠠᠯᠵᠢᠶ᠎ᠠ ᠶᠢᠨ ᠬᠥᠲᠥᠴᠢ ᠠᠵᠤ ᠠᠬᠤᠶᠢᠯᠠᠯ ᠤᠨ ᠨᠤᠲᠤᠭᠰᠢᠬᠤ ᠶᠢ ᠳᠡᠮᠵᠢᠨ᠎ᠡ᠃ ᠨᠠᠷᠠᠲᠤ ᠥᠷᠭᠡᠨ

ᠬᠡᠷᠡᠭᠯᠡᠭᠡᠨ ᠤ ᠲᠠᠸᠠᠷ ᠤᠨ ᠠᠷᠠᠯᠵᠢᠶᠠᠨ ᠤ ᠠᠵᠤ ᠠᠬᠤᠶᠢᠯᠠᠯ ᠤᠨ ᠨᠤᠲᠤᠭᠰᠢᠬᠤ ᠶᠢ ᠳᠡᠮᠵᠢᠵᠦ᠂ ᠪᠥᠬᠦ ᠤᠯᠤᠰ ᠤᠨ ᠭᠠᠳᠠᠭᠠᠳᠤ ᠠᠷᠠᠯᠵᠢᠶᠠᠨ ᠤ ᠵᠠᠭᠤᠨ ᠬᠦᠴᠦᠷᠬᠡᠭ

ᠵᠡᠷᠭᠡ ᠭᠠᠳᠠᠭᠠᠳᠤ ᠠᠷᠠᠯᠵᠢᠶᠠᠨ ᠤ ᠬᠥᠲᠥᠴᠢ ᠠᠵᠤ ᠠᠬᠤᠶᠢᠯᠠᠯ ᠤᠨ ᠮᠠᠨ ᠤ ᠬᠤᠲᠠ ᠳᠤ ᠣᠷᠣᠨ ᠪᠦᠰᠡ ᠶᠢᠨ ᠴᠢᠨᠠᠷᠲᠠᠶ ᠠᠷᠠᠯᠵᠢᠶᠠᠨ ᠤ ᠶᠡᠷᠦᠩᠬᠡᠶ ᠬᠡᠯᠲᠡᠰ ᠤᠨ

ᠪᠠᠶᠢᠭᠤᠯᠤᠮᠵᠢ ᠪᠠᠶᠢᠭᠤᠯᠵᠤ᠂ ᠪᠠᠶᠢᠭᠤᠯᠤᠭᠰᠠᠨ ᠲᠤᠬᠠᠶ ᠶᠢᠨ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ 10 ᠳ᠋ᠦᠩᠰᠢᠭᠤᠷ

ᠲᠥᠭᠦᠷᠢᠭ ᠢ ᠳᠠᠪᠠᠭᠰᠠᠨ ᠪᠠᠶᠢᠬᠤ ᠳᠤ ᠬᠦᠷᠪᠡᠯ᠂ ᠬᠠᠮᠤᠭ ᠤᠨ ᠥᠨᠳᠥᠷ ᠲᠡᠭᠡᠨ ᠨᠢᠭᠡ ᠤᠳᠠᠭ᠎ᠠ ᠶᠢᠨ ᠴᠢᠨᠠᠷᠲᠠᠶ ᠪᠠᠷ 500 ᠲᠦᠮᠡᠨ ᠲᠥᠭᠦᠷᠢᠭ ᠤᠨ

ᠨᠤᠲᠤᠭᠰᠢᠭᠰᠠᠨ ᠱᠠᠩᠨᠠᠯ ᠣᠯᠭᠤᠨ᠎ᠠ᠃

     ᠬᠤᠶᠠᠷ᠂ ᠥᠷᠭᠡᠨ ᠬᠡᠷᠡᠭᠯᠡᠭᠡᠨ ᠤ ᠲᠠᠸᠠᠷ ᠤᠨ ᠠᠷᠠᠯᠵᠢᠶ᠎ᠠ ᠲᠥᠪᠯᠡᠷᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠣᠷᠳᠣᠰ ᠤᠨ ᠳᠡᠭᠡᠳᠦ

ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ᠂ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ᠮᠠᠰᠢᠨ

ᠲᠡᠷᠭᠡ ᠵᠢᠴᠢ ᠲᠡᠭᠦᠨ ᠤ ᠰᠡᠯᠪᠢᠭ ᠲᠣᠨᠤᠭ᠂ ᠮᠣᠳᠣᠨ ᠮᠠᠲ᠋ᠧᠷᠢᠶᠠᠯ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ᠂ ᠡᠨᠧᠷᠭᠢ ᠬᠢᠮᠢ ᠶᠢᠨ ᠠᠵᠤ

ᠦᠢᠯᠡᠳᠪᠦᠷᠢ ᠵᠢᠴᠢ ᠠᠭᠤᠷᠬᠠᠢ ᠶᠢᠨ ᠭᠠᠷᠤᠯᠲᠠ ᠵᠡᠷᠭᠡ ᠥᠷᠭᠡᠨ ᠬᠡᠷᠡᠭᠯᠡᠭᠡᠨ ᠤ ᠲᠠᠸᠠᠷ ᠤᠨ ᠠᠷᠠᠯᠵᠢᠶ᠎ᠠ ᠲᠥᠪᠯᠡᠷᠡᠭᠰᠡᠨ ᠣᠷᠣᠨ ᠢ ᠪᠠᠶᠢᠭᠤᠯᠤᠨ᠎ᠠ᠃  ᠠᠷᠠᠯᠵᠢᠶ᠎ᠠ

ᠲᠥᠪᠯᠡᠷᠡᠭᠰᠡᠨ ᠤᠷᠤᠨ ᠳᠤ ᠰᠠᠭᠤᠷᠢᠰᠢᠵᠤ ᠲᠤᠬᠠᠢ ᠶᠢᠨ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ 1 ᠳ᠋ᠦᠩᠰᠢᠭᠤᠷ

ᠲᠥᠭᠦᠷᠢᠭ ᠢ ᠳᠠᠪᠠᠭᠰᠠᠨ ᠥᠷᠭᠡᠨ ᠬᠡᠷᠡᠭᠯᠡᠭᠡᠨ ᠤ ᠲᠠᠸᠠᠷ ᠤᠨ ᠠᠷᠠᠯᠵᠢᠶᠠᠨ ᠤ ᠠᠵᠤ ᠠᠬᠤᠶᠢᠯᠠᠯ ᠳᠤ ᠪᠣᠳᠠᠲᠠᠶ ᠲᠦᠷᠢᠶᠡᠰᠦᠯᠡᠭᠰᠡᠨ ᠲᠠᠯᠠᠪᠠᠶ ᠶᠢᠨ ᠪᠣᠳᠠᠲᠠᠶ

ᠲᠤᠰᠢᠶᠠᠭᠰᠠᠨ ᠲᠦᠷᠢᠶᠡᠰᠦᠨ ᠮᠥᠩᠭᠦ ᠶᠢᠨ 80%᠎ ᠶᠢᠨ ᠳᠡᠮᠵᠢᠯᠭᠡ ᠦᠵᠡᠭᠦᠯᠵᠦ᠂ ᠭᠤᠷᠪᠠᠨ ᠵᠢᠯ ᠳᠠᠷᠠᠭᠠᠯᠠᠨ ᠳᠡᠮᠵᠢᠵᠦ᠂ ᠠᠵᠤ ᠠᠬᠤᠶᠢᠯᠠᠯ ᠨᠢᠭᠡᠪᠦᠷᠢ ᠳᠤ ᠵᠢᠯ

᠎ ᠳᠡᠭᠡᠨ ᠬᠠᠮᠤᠭ ᠶᠡᠭᠡ ᠳᠡᠭᠡᠨ 200 ᠲᠦᠮᠡᠨ ᠲᠥᠭᠦᠷᠢᠭ ᠨᠥᠭᠦᠪᠦᠷᠢᠯᠡᠨ᠎ᠡ᠃

     ᠭᠤᠷᠪᠠ᠂ ᠥᠷᠭᠡᠨ ᠬᠡᠷᠡᠭᠯᠡᠭᠡᠨ ᠤ ᠲᠠᠸᠠᠷ ᠤᠨ ᠠᠷᠠᠯᠵᠢᠶᠠᠨ ᠤ ᠲᠣᠭᠠᠴᠢᠯᠠᠭᠰᠠᠨ ᠲᠠᠪᠴᠠᠩ ᠤᠨ ᠪᠠᠶᠢᠭᠤᠯᠤᠯᠲᠠ ᠶᠢ ᠳᠡᠮᠵᠢᠨ᠎ᠡ᠃ ᠥᠷᠭᠡᠨ ᠬᠡᠷᠡᠭᠯᠡᠭᠡᠨ ᠤ

ᠲᠠᠸᠠᠷ ᠤᠨ ᠠᠷᠠᠯᠵᠢᠶᠠᠨ ᠤ ᠠᠵᠤ ᠠᠬᠤᠶᠢᠯᠠᠯ᠂ ᠠᠷᠠᠯᠵᠢᠶᠠᠨ ᠤ ᠲᠠᠯᠠᠪᠤᠷ ᠭᠠᠵᠠᠷ ᠵᠢᠴᠢ ᠬᠠᠩᠭᠠᠯᠭ᠎ᠠ ᠶᠢᠨ ᠬᠡᠯᠬᠢᠶ᠎ᠡ ᠶᠢᠨ ᠠᠵᠤ ᠠᠬᠤᠶᠢᠯᠠᠯ ᠤᠨ ᠥᠷᠭᠡᠨ

ᠬᠡᠷᠡᠭᠯᠡᠭᠡᠨ ᠤ ᠲᠠᠸᠠᠷ ᠤᠨ ᠠᠷᠠᠯᠵᠢᠶ᠎ᠠ ᠶᠢᠨ ᠬᠤᠳᠠᠯᠳᠤᠨ ᠠᠪᠬᠤ᠂ ᠪᠣᠷᠣᠯᠠᠭᠤᠯᠬᠤ᠂ ᠪᠠᠷᠠᠭᠠᠨ ᠤ ᠭᠦᠢᠯᠭᠡᠭᠡ᠂ ᠠᠷᠠᠯᠵᠢᠶ᠎ᠠ᠂ ᠳ᠋ᠦᠩᠨᠡᠨ ᠪᠤᠳᠤᠬᠤ᠂ ᠪᠡᠯᠡ

ᠲᠣᠬᠢᠷᠠᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠦᠢᠯᠡᠴᠢᠯᠡᠬᠦ ᠲᠣᠭᠠᠴᠢᠯᠠᠭᠰᠠᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠳᠡᠮᠵᠢᠵᠦ᠂ ᠭᠠᠭᠴᠠ ᠨᠢᠭᠡᠨ

ᠲᠠᠪᠴᠠᠩ ᠤᠨ ᠰᠢᠰᠲ᠋ᠧᠮ ᠤᠨ ᠨᠡᠭᠡᠭᠡᠨ ᠬᠥᠭᠵᠢᠭᠦᠯᠬᠦ ᠵᠠᠷᠤᠳᠠᠯ ᠨᠢ 100 ᠲᠦᠮᠡᠨ ᠲᠥᠭᠦᠷᠢᠭ ᠢ ᠳᠠᠪᠠᠭᠰᠠᠨ ᠪᠦᠭᠡᠳ ᠲᠠᠪᠴᠠᠩ ᠤᠨ ᠵᠢᠯ ᠤᠨ ᠥᠷᠭᠡᠨ

ᠬᠡᠷᠡᠭᠯᠡᠭᠡᠨ ᠤ ᠠᠷᠠᠯᠵᠢᠶᠠᠨ ᠤ ᠲᠤᠭ᠎ᠠ ᠨᠢ 5 ᠳ᠋ᠦᠩᠰᠢᠭᠤᠷ ᠲᠥᠭᠦᠷᠢᠭ ᠢ ᠳᠠᠪᠠᠭᠰᠠᠨ ᠪᠤᠯ᠂ ᠲᠠᠪᠴᠠᠩ ᠤᠨ ᠰᠢᠰᠲ᠋ᠧᠮ ᠤᠨ ᠨᠡᠭᠡᠭᠡᠨ ᠬᠥᠭᠵᠢᠭᠦᠯᠬᠦ ᠵᠠᠷᠤᠳᠠᠯ ᠤᠨ

30%᠎ ᠪᠠᠷ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠵᠤ᠂ ᠠᠵᠤ ᠠᠬᠤᠶᠢᠯᠠᠯ ᠨᠢᠭᠡᠪᠦᠷᠢ ᠳᠤ ᠬᠠᠮᠤᠭ ᠶᠡᠭᠡ ᠳᠡᠭᠡᠨ 300 ᠲᠦᠮᠡᠨ ᠲᠦᠭᠦᠷᠢᠭ

ᠨᠥᠭᠦᠪᠦᠷᠢᠯᠡᠨ᠎ᠡ᠃

     ᠳᠥᠷᠪᠡ᠂ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠶᠢ ᠳᠡᠮᠵᠢᠨ᠎ᠡ᠃  ᠵᠢᠯ ᠤᠨ ᠭᠠᠳᠠᠭᠠᠳᠤ ᠳᠤ ᠭᠠᠷᠭᠠᠭᠰᠠᠨ ᠮᠠᠰᠢᠨ ᠲᠡᠷᠭᠡ ︵ᠭᠠᠷ ᠳᠠᠮᠵᠢᠭᠰᠠᠨ

ᠮᠠᠰᠢᠨ ᠲᠡᠷᠭᠡ ᠪᠠᠭᠲᠠᠨ᠎ᠠ︶᠎ ᠶᠢᠨ ᠲᠤᠭ᠎ᠠ 2 ᠲᠦᠮᠡᠨ ︵ᠪᠠᠭᠲᠠᠨ᠎ᠠ︶ ᠬᠦᠷᠦᠭᠰᠡᠨ ᠠᠵᠤ ᠠᠬᠤᠶᠢᠯᠠᠯ ᠳᠤ ᠭᠠᠳᠠᠭᠠᠳᠤ ᠳᠤ ᠭᠠᠷᠭᠠᠭᠰᠠᠨ ᠵᠣᠭᠤᠰ ᠤᠨ ᠲᠤᠭ᠎ᠠ ᠶᠢᠨ

0.05 ᠠᠷᠠᠳ ᠤᠨ ᠵᠣᠭᠤᠰ / ᠳ᠋ᠣᠯᠯᠠᠷ ᠤᠨ ᠪᠠᠷᠢᠮᠵᠢᠶ᠎ᠠ ᠪᠠᠷ ᠭᠠᠳᠠᠭᠠᠳᠤ ᠳᠤ ᠭᠠᠷᠭᠠᠯᠲᠠ ᠶᠢᠨ ᠱᠠᠩᠨᠠᠯ ᠣᠯᠭᠤᠨ᠎ᠠ︔ ᠵᠢᠯ ᠳᠤ 2 ᠲᠦᠮᠡ ᠠᠴᠠ 5  ᠲᠦᠮᠡᠨ

ᠮᠠᠰᠢᠨ ᠲᠡᠷᠭᠡ ᠶᠢ ︵ᠪᠠᠭᠲᠠᠨ᠎ᠠ︶ ᠭᠠᠳᠠᠭᠠᠳᠤ ᠳᠤ ᠭᠠᠷᠭᠠᠭᠰᠠᠨ ᠠᠵᠤ ᠠᠬᠤᠶᠢᠯᠠᠯ ᠳᠤ ᠭᠠᠳᠠᠭᠠᠳᠤ ᠳᠤ ᠭᠠᠷᠭᠠᠭᠰᠠᠨ ᠵᠣᠭᠤᠰ ᠤᠨ ᠲᠤᠭ᠎ᠠ ᠶᠢᠨ 0.06 ᠲᠥᠭᠦᠷᠢᠭ

ᠠᠷᠠᠳ ᠤᠨ ᠵᠣᠭᠤᠰ / ᠳ᠋ᠣᠯᠯᠠᠷ ᠤᠨ ᠪᠠᠷᠢᠮᠵᠢᠶ᠎ᠠ ᠪᠠᠷ ᠭᠠᠳᠠᠭᠠᠳᠤ ᠳᠤ ᠭᠠᠷᠭᠠᠯᠲᠠ ᠶᠢᠨ ᠱᠠᠩᠨᠠᠯ ᠣᠯᠭᠤᠨ᠎ᠠ︔ ᠵᠢᠯ ᠤᠨ ᠭᠠᠳᠠᠭᠠᠳᠤ ᠳᠤ ᠭᠠᠷᠭᠠᠭᠰᠠᠨ ᠮᠠᠰᠢᠨ

ᠲᠡᠷᠭᠡᠨ ᠤ ᠲᠤᠭ᠎ᠠ 5 ᠲᠦᠮᠡ ᠶᠢ ᠳᠠᠪᠠᠭᠰᠠᠨ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠳᠤ ᠭᠠᠳᠠᠭᠠᠳᠤ ᠭᠠᠷᠭᠠᠯᠲᠠ ᠵᠢᠨ‌ᠵᠣᠭᠤᠰ ᠤᠨ ᠲᠤᠭ᠎ᠠ ᠶᠢᠨ 0.08

ᠲᠥᠭᠦᠷᠢᠭ / ᠳ᠋ᠣᠯᠯᠠᠷ ᠤᠨ ᠪᠠᠷᠢᠮᠵᠢᠶ᠎ᠠ ᠪᠠᠷ ᠭᠠᠳᠠᠭᠠᠳᠤ ᠭᠠᠷᠭᠠᠯᠲᠠ ᠶᠢᠨ ᠱᠠᠩᠨᠠᠯ ᠣᠯᠭᠤᠵᠤ᠂ ᠡᠭᠦᠨ ᠤ ᠰᠠᠭᠤᠷᠢᠨ ᠳᠡᠭᠡᠷ᠎ᠡ᠂ ᠵᠢᠯ ᠤᠨ ᠭᠠᠳᠠᠭᠠᠳᠤ

ᠭᠠᠷᠭᠠᠯᠲᠠ ᠶᠢᠨ ᠵᠣᠭᠤᠰ ᠤᠨ ᠲᠤᠭ᠎ᠠ ᠠᠩᠬ᠎ᠠ ᠤᠳᠠᠭ᠎ᠠ 10 ᠳ᠋ᠦᠩᠰᠢᠭᠤᠷ ᠲᠥᠭᠦᠷᠢᠭ᠂ 20 ᠳ᠋ᠦᠩᠰᠢᠭᠤᠷ ᠲᠥᠭᠦᠷᠢᠭ᠂ 50 ᠳ᠋ᠦᠩᠰᠢᠭᠤᠷ ᠲᠥᠭᠦᠷᠢᠭ

ᠬᠦᠷᠦᠭᠰᠡᠨ ᠪᠤᠯ ᠨᠢᠭᠡ ᠯᠠ ᠤᠳᠠᠭ᠎ᠠ ᠶᠢᠨ ᠴᠢᠨᠠᠷᠲᠠᠶ ᠪᠠᠷ ᠠᠷᠠᠳ ᠤᠨ ᠵᠣᠭᠤᠰ ᠢᠶᠠᠷ ᠲᠣᠰ ᠲᠣᠰ 200 ᠲᠦᠮᠡᠨ ᠲᠥᠭᠦᠷᠢᠭ᠂ 500 ᠲᠦᠮᠡᠨ ᠲᠥᠭᠦᠷᠢᠭ᠂

800 ᠲᠦᠮᠡᠨ ᠲᠥᠭᠦᠷᠢᠭ ᠤᠨ  ᠱᠠᠩᠨᠠᠯ ᠣᠯᠭᠤᠵᠤ᠂ ᠠᠵᠤ ᠠᠬᠤᠶᠢᠯᠠᠯ ᠨᠢᠭᠡᠪᠦᠷᠢ ᠳᠤ ᠵᠢᠯ ᠳᠡᠭᠡᠨ ᠬᠠᠮᠤᠭ ᠶᠡᠭᠡ ᠳᠡᠭᠡᠨ 1 ᠳ᠋ᠦᠩᠰᠢᠭᠤᠷ ᠲᠥᠭᠦᠷᠢᠭ

ᠨᠥᠬᠦᠪᠦᠷᠢᠯᠡᠨ᠎ᠡ᠃

     ᠲᠠᠪᠤ᠂ ᠰᠢᠨ᠎ᠡ ᠡᠨᠧᠷᠭᠢ ᠵᠢᠴᠢ ᠠᠭᠤᠷᠬᠠᠶ ᠶᠢᠨ ᠦᠢᠯᠡᠳᠬᠦᠨ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠳᠡᠮᠵᠢᠨ᠎ᠡ᠃

ᠭᠠᠳᠠᠭᠠᠳᠤ ᠠᠴᠠ ᠯᠢᠲ᠋ᠢ᠂ ᠨᠢᠺᠧᠯ ᠪᠠ ᠺᠤᠪᠠᠯᠲ ᠤᠨ ᠠᠭᠤᠷᠬᠠᠢ ᠵᠡᠷᠭᠡ ᠰᠢᠨ᠎ᠡ ᠡᠨᠧᠷᠭᠢ ᠶᠢᠨ ᠠᠭᠤᠷᠬᠠᠶ ᠶᠢᠨ ᠦᠢᠯᠡᠳᠬᠦᠨ ᠢ ᠤᠷᠤᠭᠤᠯᠤᠭᠰᠠᠨ ᠠᠵᠤ

ᠠᠬᠤᠶᠢᠯᠠᠯ ᠳᠤ᠂ ᠵᠢᠯ ᠤᠨ ᠭᠠᠳᠠᠭᠠᠳᠤ ᠠᠴᠠ ᠣᠷᠣᠭᠤᠯᠤᠭᠰᠠᠨ ᠲᠤᠭ᠎ᠠ ᠨᠢ 1 ᠳ᠋ᠦᠩᠰᠢᠭᠤᠷ ᠲᠥᠭᠦᠷᠢᠭ᠂ 3 ᠳ᠋ᠦᠩᠰᠢᠭᠤᠷ ᠲᠥᠭᠦᠷᠢᠭ᠂ 10 ᠳ᠋ᠦᠩᠰᠢᠭᠤᠷ

ᠲᠥᠭᠦᠷᠢᠭ ᠢ ᠳᠠᠪᠠᠭᠰᠠᠨ ᠪᠤᠯ᠂ ᠲᠣᠰ ᠲᠣᠰ 100 ᠲᠦᠮᠡᠨ ᠲᠥᠭᠦᠷᠢᠭ᠂ 300 ᠲᠦᠮᠡᠨ ᠲᠥᠭᠦᠷᠢᠭ᠂ 1000 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔

ᠭᠠᠳᠠᠭᠠᠳᠤ ᠠᠴᠠ ᠨᠡᠭᠦᠷᠡᠰᠦ᠂ ᠲᠡᠮᠦᠷ ᠤᠨ ᠬᠦᠳᠡᠷ᠂ ᠮᠠᠩᠭᠠᠨ ᠬᠦᠳᠡᠷ᠂ ᠵᠡᠰ ᠤᠨ ᠨᠤᠨᠲᠠᠭ ᠵᠡᠷᠭᠡ ᠡᠩ ᠤᠨ ᠠᠭᠤᠷᠬᠠᠶ ᠶᠢᠨ ᠦᠢᠯᠡᠳᠬᠦᠨ ᠢ ᠤᠷᠤᠭᠤᠯᠤᠭᠰᠠᠨ

ᠠᠵᠤ ᠠᠬᠤᠶᠢᠯᠠᠯ ᠳᠤ ᠭᠠᠳᠠᠭᠠᠳᠤ ᠠᠴᠠ ᠣᠷᠣᠭᠤᠯᠤᠭᠰᠠᠨ ᠵᠤᠭᠤᠰ ᠤᠨ ᠲᠤᠭ᠎ᠠ ᠶᠢᠨ 0.06 ᠲᠥᠭᠦᠷᠢᠭ ᠠᠷᠠᠳ ᠤᠨ ᠵᠣᠭᠤᠰ / ᠳ᠋ᠣᠯᠯᠠᠷ ᠤᠨ ᠪᠠᠷᠢᠮᠵᠢᠶ᠎ᠠ ᠪᠠᠷ

ᠱᠠᠩᠨᠠᠯ ᠣᠯᠭᠤᠵᠤ᠂ ᠠᠵᠤ ᠠᠬᠤᠶᠢᠯᠠᠯ ᠨᠢᠭᠡᠪᠦᠷᠢ ᠳᠤ ᠵᠢᠯ ᠳᠡᠭᠡᠨ ᠬᠠᠮᠤᠭ ᠶᠡᠭᠡ ᠳᠡᠭᠡᠨ 500 ᠲᠦᠮᠡᠨ ᠲᠥᠭᠦᠷᠢᠭ ᠨᠥᠭᠦᠪᠦᠷᠢᠯᠡᠨ᠎ᠡ︔ ᠭᠡᠷᠡᠯ ᠸᠣᠯᠲ᠂ ᠯᠢᠲ᠋ᠢ

ᠴᠠᠬᠢᠯᠭᠠᠨ ᠴᠡᠨᠡᠭ ᠵᠡᠷᠭᠡ ᠰᠢᠨ᠎ᠡ ᠡᠨᠧᠷᠭᠢ ᠶᠢᠨ ᠦᠢᠯᠡᠳᠬᠦᠨ ᠢ ᠭᠠᠳᠠᠭᠠᠳᠤ ᠳᠤ ᠭᠠᠷᠭᠠᠭᠰᠠᠨ ᠠᠵᠤ ᠠᠬᠤᠶᠢᠯᠠᠯ ᠳᠤ ᠭᠠᠳᠠᠭᠠᠳᠤ ᠳᠤ ᠭᠠᠷᠭᠠᠭᠰᠠᠨ ᠵᠤᠭᠤᠰ ᠤᠨ

ᠲᠤᠭ᠎ᠠ ᠶᠢᠨ 0.08 ᠲᠥᠭᠦᠷᠢᠭ ᠠᠷᠠᠳ ᠤᠨ ᠵᠣᠭᠤᠰ / ᠳ᠋ᠣᠯᠯᠠᠷ ᠤᠨ ᠪᠠᠷᠢᠮᠵᠢᠶ᠎ᠠ ᠪᠠᠷ ᠱᠠᠩᠨᠠᠯ ᠣᠯᠭᠤᠵᠤ᠂ ᠠᠵᠤ ᠠᠬᠤᠶᠢᠯᠠᠯ ᠨᠢᠭᠡᠪᠦᠷᠢ ᠳᠤ ᠵᠢᠯ ᠳᠡᠭᠡᠨ ᠬᠠᠮᠤᠭ

ᠶᠡᠭᠡ ᠳᠡᠭᠡᠨ 500 ᠲᠦᠮᠡᠨ ᠲᠥᠭᠦᠷᠢᠭ ᠨᠥᠬᠦᠪᠦᠷᠢᠯᠡᠨ᠎ᠡ᠃

     ᠵᠢᠷᠭᠤᠭ᠎ᠠ᠂ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠢ ᠭᠠᠳᠠᠭᠠᠳᠤ ᠳᠤ ᠭᠠᠷᠭᠠᠬᠤ ᠶᠢ ᠳᠡᠮᠵᠢᠨ᠎ᠡ᠃ PVC᠂ ᠪᠥᠭᠡᠭᠡᠨᠡᠷᠡᠯ ᠫᠷᠣᠫᠧᠨ ᠵᠡᠷᠭᠡ

ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠢ ᠭᠠᠳᠠᠭᠠᠳᠤ ᠳᠤ ᠭᠠᠷᠭᠠᠭᠰᠠᠨ ᠠᠵᠤ ᠠᠬᠤᠶᠢᠯᠠᠯ ᠳᠤ᠂ ᠵᠢᠯ ᠳᠡᠭᠡᠨ 1 ᠲᠦᠮᠡᠨ ᠲᠣᠨ ᠠᠴᠠ ᠳᠡᠭᠡᠭᠰᠢ

ᠭᠠᠳᠠᠭᠠᠳᠤ ᠳᠤ ᠭᠠᠷᠭᠠᠪᠠᠯ᠂ ᠲᠡᠭᠦᠨ ᠤ ᠭᠠᠳᠠᠭᠠᠳᠤ ᠳᠤ ᠭᠠᠷᠭᠠᠭᠰᠠᠨ ᠵᠤᠭᠤᠰ ᠤᠨ ᠲᠤᠭ᠎ᠠ ᠶᠢᠨ 0.06 ᠲᠦᠮᠡᠨ ᠲᠥᠭᠦᠷᠢᠭ ᠠᠷᠠᠳ ᠤᠨ ᠵᠣᠭᠤᠰ / ᠳ᠋ᠣᠯᠯᠠᠷ ᠤᠨ

ᠪᠠᠷᠢᠮᠵᠢᠶ᠎ᠠ ᠪᠠᠷ ᠱᠠᠩᠨᠠᠯ ᠣᠯᠭᠤᠵᠤ᠂ ᠠᠵᠤ ᠠᠬᠤᠶᠢᠯᠠᠯ ᠨᠢᠭᠡᠪᠦᠷᠢ ᠳᠤ ᠵᠢᠯ ᠳᠡᠭᠡᠨ ᠬᠠᠮᠤᠭ ᠶᠡᠭᠡ ᠳᠡᠭᠡᠨ 500 ᠲᠦᠮᠡᠨ ᠲᠥᠭᠦᠷᠢᠭ ᠨᠥᠭᠦᠪᠦᠷᠢᠯᠡᠨ᠎ᠡ᠃

     ᠳᠣᠯᠤᠭ᠎ᠠ᠂ ᠮᠣᠳᠣᠨ ᠮᠠᠲ᠋ᠧᠷᠢᠶᠠᠯ ᠤᠨ ᠦᠢᠯᠡᠳᠬᠦᠨ ᠢ ᠭᠠᠳᠠᠭᠠᠳᠤ ᠠᠴᠠ ᠣᠷᠣᠭᠤᠯᠬᠤ ᠶᠢ ᠳᠡᠮᠵᠢᠨ᠎ᠡ᠃ ᠮᠣᠳᠣᠨ ᠮᠠᠲ᠋ᠧᠷᠢᠶᠠᠯ ᠤᠨ ᠪᠦᠲᠦᠭᠡᠭᠳᠡᠬᠦᠨ ᠢ ︵

ᠪᠦᠬᠦᠯᠢ ᠮᠣᠳᠣ᠂ ᠬᠠᠪᠲᠠᠰᠤ ᠵᠡᠷᠭᠡ ᠪᠠᠭᠲᠠᠨ᠎ᠠ︶ ᠭᠠᠳᠠᠭᠠᠳᠤ ᠠᠴᠠ ᠤᠷᠤᠭᠤᠯᠬᠤ ᠠᠵᠤ ᠠᠬᠤᠶᠢᠯᠠᠯ ᠵᠢᠯ ᠳᠤ 1 ᠲᠦᠮᠡᠨ ᠺᠦᠪ ᠮᠧᠲᠷ ᠠᠴᠠ ᠳᠡᠭᠡᠭᠰᠢ

ᠭᠠᠳᠠᠭᠠᠳᠤ ᠠᠴᠠ ᠣᠷᠣᠭᠤᠯᠤᠭᠰᠠᠨ ᠪᠣᠯ 100 ᠲᠥᠭᠦᠷᠢᠭ / ᠺᠦᠪ ᠮᠧᠲᠷ ᠤᠨ ᠪᠠᠷᠢᠮᠵᠢᠶ᠎ᠠ ᠪᠠᠷ ᠱᠠᠩᠨᠠᠯ ᠣᠯᠭᠤᠵᠤ᠂  ᠠᠵᠤ ᠠᠬᠤᠶᠢᠯᠠᠯ ᠨᠢᠭᠡᠪᠦᠷᠢ ᠳᠤ ᠵᠢᠯ

᠎ ᠳᠡᠭᠡᠨ ᠬᠠᠮᠤᠭ ᠶᠡᠭᠡ ᠳᠡᠭᠡᠨ 500 ᠲᠦᠮᠡᠨ ᠲᠥᠭᠦᠷᠢᠭ ᠨᠥᠬᠦᠪᠦᠷᠢᠯᠡᠨ᠎ᠡ᠃

     ᠨᠠᠢᠮᠠ᠂ ᠠᠮᠤ ᠪᠤᠳᠠᠭ᠎ᠠ ᠲᠣᠰᠣ ᠪᠣᠯᠤᠨ ᠲᠠᠷᠢᠶᠠᠯᠠᠩ ᠤᠨ ᠲᠤᠰᠠᠯᠠᠬᠤ ᠦᠢᠯᠡᠳᠪᠦᠷᠢᠯᠡᠯ ᠤᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠵᠤ

ᠭᠠᠳᠠᠭᠠᠳᠤ ᠳᠤ ᠭᠠᠷᠭᠠᠬᠤ ᠶᠢ ᠳᠡᠮᠵᠢᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠮᠤ ᠪᠤᠳᠠᠭ᠎ᠠ᠂ ᠲᠠᠷᠢᠶᠠᠯᠠᠩ ᠲᠤᠰᠠᠯᠠᠬᠤ ᠠᠵᠤ ᠠᠬᠤᠢ

᠎ ᠶᠢᠨ ᠪᠦᠲᠦᠭᠡᠭᠳᠡᠭᠦᠨ ᠤ ᠠᠵᠤ ᠠᠬᠤᠶᠢᠯᠠᠯ ᠤᠨ ᠵᠢᠯ ᠤᠨ ᠭᠠᠳᠠᠭᠠᠳᠤ ᠠᠴᠠ ᠤᠷᠤᠭᠤᠯᠤᠭᠰᠠᠨ ᠬᠡᠮᠵᠢᠶ᠎ᠡ ᠨᠢ 1000 ᠲᠣᠨ ᠢ ᠳᠠᠪᠠᠭᠰᠠᠨ ᠪᠤᠯ᠂ ᠤᠯᠤᠰ ᠤᠨ

ᠨᠦᠬᠦᠪᠦᠷᠢ ᠥᠭᠬᠦ ᠲᠦᠷᠦ ᠶᠢᠨ ᠪᠣᠳᠣᠯᠭ᠎ᠠ ᠶᠢ ᠬᠦᠷᠲᠡᠬᠦ ᠠᠴᠠ ᠭᠠᠳᠠᠨ᠎ᠠ᠂ ᠪᠠᠰᠠ ᠲᠣᠨ ᠪᠦᠷᠢ ᠳᠡᠭᠡᠨ 80 ᠲᠥᠭᠦᠷᠢᠭ / ᠲᠣᠨ ᠤ ᠪᠠᠷᠢᠮᠵᠢᠶ᠎ᠠ ᠪᠠᠷ ᠱᠠᠩᠨᠠᠵᠤ᠂

ᠠᠵᠤ ᠠᠬᠤᠶᠢᠯᠠᠯ ᠨᠢᠭᠡᠪᠦᠷᠢ ᠳᠤ ᠵᠢᠯ ᠳᠡᠭᠡᠨ ᠬᠠᠮᠤᠭ ᠶᠡᠭᠡ ᠳᠡᠭᠡᠨ 500 ᠲᠦᠮᠡᠨ ᠲᠥᠭᠦᠷᠢᠭ ᠨᠥᠭᠦᠪᠦᠷᠢᠯᠡᠨ᠎ᠡ︔ ᠠᠭᠠᠷ ᠤᠨ ᠠᠶᠠᠯᠠᠯ ᠤᠨ ᠪᠣᠭᠤᠮᠲᠠ ᠶᠢᠨ

ᠲᠤᠭᠲᠠᠭᠠᠭᠰᠠᠨ ᠬᠢᠨᠠᠨ ᠬᠠᠮᠢᠶᠠᠷᠬᠤ ᠭᠠᠵᠠᠷ ᠲᠤ ᠵᠢᠮᠢᠰ᠂ ᠤᠰᠤᠨ ᠭᠠᠷᠤᠯᠲᠠ ᠤᠷᠤᠭᠤᠯᠤᠭᠰᠠᠨ ᠪᠦᠭᠡᠳ ᠵᠢᠯ ᠤᠨ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠨᠢ

500 ᠲᠣᠨ ᠢ ᠳᠠᠪᠠᠭᠰᠠᠨ ᠠᠵᠤ ᠠᠬᠤᠶᠢᠯᠠᠯ ᠳᠤ 2000 / ᠲᠣᠨ ᠲᠥᠭᠦᠷᠢᠭ ᠤᠨ ᠪᠠᠷᠢᠮᠵᠢᠶ᠎ᠠ ᠪᠠᠷ ᠱᠠᠩᠨᠠᠯ ᠣᠯᠭᠤᠵᠤ᠂ ᠠᠵᠤ ᠠᠬᠤᠶᠢᠯᠠᠯ ᠨᠢᠭᠡᠪᠦᠷᠢ ᠳᠤ ᠵᠢᠯ

᠎ ᠳᠡᠭᠡᠨ ᠬᠠᠮᠤᠭ ᠶᠡᠭᠡ ᠳᠡᠭᠡᠨ 500 ᠲᠦᠮᠡᠨ ᠲᠥᠭᠦᠷᠢᠭ ᠨᠥᠭᠦᠪᠦᠷᠢᠯᠡᠨ᠎ᠡ᠃

     ᠶᠢᠰᠦ᠂ ᠣᠯᠠᠨ ᠤᠯᠤᠰ ᠤᠨ ᠠᠵᠤ ᠠᠬᠤᠶ ᠠᠷᠠᠯᠵᠢᠶᠠᠨ ᠤ ᠳᠦᠷᠢᠮ ᠯᠦᠭᠡ ᠵᠣᠯᠭᠠᠭᠤᠯᠬᠤ ᠶᠢ ᠳᠡᠮᠵᠢᠨ᠎ᠡ᠃   AEO ᠳᠡᠭᠡᠳᠦ ᠵᠡᠷᠭᠡ ᠶᠢᠨ ᠭᠡᠷᠡᠴᠢᠯᠡᠯ ᠢᠶᠠᠷ

ᠳᠠᠮᠵᠢᠭᠰᠠᠨ ᠪᠤᠯ᠂ ᠨᠢᠭᠡ ᠯᠡ ᠤᠳᠠᠭ᠎ᠠ ᠳᠤ 30 ᠲᠦᠮᠡᠨ ᠲᠥᠭᠦᠷᠢᠭ ᠳᠡᠮᠵᠢᠨ᠎ᠡ︔ RCEP᠎ ᠶᠢᠨ ︽ᠬᠢᠨᠠᠨ ᠵᠥᠪᠰᠢᠶᠡᠷᠡᠯ ᠢᠶᠠᠷ ᠳᠠᠮᠵᠢᠭᠰᠠᠨ ᠭᠠᠳᠠᠭᠠᠳᠤ ᠳᠤ

ᠭᠠᠷᠭᠠᠬᠤ ᠬᠤᠳᠠᠯᠳᠤᠭᠠᠴᠢᠨ︾᠎ ᠤ ᠮᠠᠭᠠᠳᠯᠠᠨ ᠲᠣᠭᠲᠠᠭᠠᠯᠲᠠ ᠶᠢ ᠤᠯᠤᠭᠰᠠᠨ ᠪᠤᠯ᠂ ᠠᠰ ᠲᠠᠭᠠᠨ ᠪᠠᠰᠠ 10 ᠲᠦᠮᠡᠨ ᠲᠥᠭᠦᠷᠢᠭ ᠳᠡᠮᠵᠢᠨ᠎ᠡ᠃

     ᠠᠷᠪᠠ᠂ ᠥᠷᠭᠡᠨ ᠬᠡᠷᠡᠭᠯᠡᠭᠡᠨ ᠤ ᠲᠠᠸᠠᠷ ᠤᠨ ᠠᠷᠠᠯᠵᠢᠶᠠᠨ ᠤ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠶᠢ ᠳᠡᠮᠵᠢᠨ᠎ᠡ᠃ ᠥᠷᠭᠡᠨ ᠬᠡᠷᠡᠭᠯᠡᠭᠡᠨ ᠤ

ᠲᠠᠸᠠᠷ ᠤᠨ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢᠨ ᠲᠤᠭ᠎ᠠ ᠨᠢ 2 ᠳ᠋ᠦᠩᠰᠢᠭᠤᠷ ᠲᠥᠭᠦᠷᠢᠭ ᠢ ᠳᠠᠪᠠᠭᠰᠠᠨ ᠪᠦᠭᠡᠳ

ᠠᠳᠠᠭ ᠲᠠᠭᠠᠨ 500 ᠲᠦᠮᠡᠨ ᠲᠥᠭᠦᠷᠢᠭ ᠎ ᠤᠨ ᠵᠢᠭᠡᠯᠡᠯᠭᠡ ᠲᠠᠢ ᠠᠵᠤ ᠠᠬᠤᠶᠢᠯᠠᠯ ᠳᠤ ᠳᠠᠮ ᠬᠦᠦ ᠶᠢᠨ ᠮᠥᠩᠭᠦ ᠶᠢ ᠨᠢ ᠤᠷᠤᠯᠠᠨ ᠥᠭᠬᠦ ᠳᠡᠮᠵᠢᠯᠭᠡ ᠦᠵᠡᠭᠦᠯᠵᠤ

᠂ ᠠᠵᠤ ᠠᠬᠤᠶᠢᠯᠠᠯ ᠤᠨ ᠵᠢᠭᠡᠯᠡᠯᠭᠡ ᠶᠢᠨ ᠲᠤᠰ ᠰᠠᠷ᠎ᠠ ᠶᠢᠨ 1 ᠵᠢᠯ ᠤᠨ ᠬᠤᠭᠤᠴᠠᠭᠠᠨ ᠤ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ ︵

LPR︶᠎ ᠶᠢᠨ 60%᠎ ᠪᠠᠷ ᠳᠠᠮ ᠬᠦᠦ ᠮᠥᠩᠭᠦ ᠶᠢ ᠨᠢ ᠤᠷᠤᠯᠠᠨ ᠥᠭᠬᠦ ᠳᠡᠮᠵᠢᠯᠭᠡ ᠦᠵᠡᠭᠦᠯᠵᠤ᠂ ᠬᠡᠷᠪᠡ ᠵᠢᠭᠡᠯᠡᠯᠭᠡ ᠶᠢᠨ ᠬᠦᠦ ᠶᠢᠨ ᠨᠣᠷᠮ᠎ᠠ ᠨᠢ LPR᠎ ᠠᠴᠠ

ᠳᠣᠤᠷ᠎ᠠ ᠪᠠᠶᠢᠪᠠᠯ᠂ ᠪᠣᠳᠠᠲᠠᠶ ᠬᠦᠦ ᠶᠢᠨ ᠨᠣᠷᠮ᠎ᠠ ᠶᠢᠨ 60%᠎ ᠪᠠᠷ ᠳᠠᠮ ᠬᠦᠦ  ᠮᠥᠩᠭᠦ ᠶᠢ ᠨᠢ ᠤᠷᠤᠯᠠᠨ ᠥᠭᠬᠦ ᠳᠡᠮᠵᠢᠯᠭᠡ ᠦᠵᠡᠭᠦᠯᠵᠤ᠂ ᠠᠵᠤ ᠠᠬᠤᠶᠢᠯᠠᠯ

ᠨᠢᠭᠡᠪᠦᠷᠢ ᠳᠤ ᠵᠢᠯ ᠳᠡᠭᠡᠨ ᠬᠠᠮᠤᠭ ᠶᠡᠭᠡ ᠳᠡᠭᠡᠨ 300 ᠲᠦᠮᠡᠨ ᠲᠥᠭᠦᠷᠢᠭ ᠨᠥᠬᠦᠪᠦᠷᠢᠯᠡᠨ᠎ᠡ᠃

     ᠲᠤᠰ ᠲᠥᠷᠥ ᠶᠢᠨ ᠪᠣᠳᠣᠯᠭ᠎ᠠ ᠳᠤ ᠬᠡᠯᠡᠵᠦ ᠪᠠᠶᠢᠭ᠎ᠠ ︽ᠥᠷᠭᠡᠨ ᠬᠡᠷᠡᠭᠯᠡᠭᠡᠨ ᠤ ᠲᠠᠸᠠᠷ︾ ᠭᠡᠳᠡᠭ ᠨᠢ ᠭᠦᠢᠯᠭᠡᠭᠡᠨ ᠤ ᠬᠦᠷᠢᠶᠡᠨ ᠳᠤ ᠪᠠᠭᠲᠠᠬᠤ ᠪᠥᠭᠡᠳ

ᠵᠢᠵᠢᠭᠯᠡᠨ ᠬᠤᠳᠠᠯᠳᠤᠬᠤ ᠭᠤᠭᠴᠤᠭ᠎ᠠ ᠠᠴᠠ ᠢᠯᠭᠠᠭ᠎ᠠ ᠲᠠᠢ ᠲᠠᠸᠠᠷ ᠤᠨ ᠰᠢᠨᠵᠢ ᠴᠢᠨᠠᠷ ᠲᠠᠢ᠂ ᠲᠡᠷᠡᠴᠢᠯᠡᠨ ᠠᠵᠤ ᠦᠢᠯᠡᠳᠪᠦᠷᠢ ᠲᠠᠷᠢᠶᠠᠯᠠᠩ ᠤᠨ ᠦᠢᠯᠡᠳᠪᠦᠷᠢᠯᠡᠯ

ᠪᠣᠯᠤᠨ ᠬᠡᠷᠡᠭᠯᠡᠭᠡᠨ ᠳᠤ ᠬᠡᠷᠡᠭᠯᠡᠬᠦ ᠶᠡᠭᠡ ᠬᠡᠮᠵᠢᠶ᠎ᠡ ᠪᠠᠷ ᠬᠤᠳᠠᠯᠳᠤᠭᠠᠯᠠᠬᠤ ᠳᠠᠸᠠᠷ ᠢ ᠵᠢᠭᠠᠵᠤ ᠪᠤᠶ᠂ ᠲᠡᠭᠦᠨ ᠳᠤ ᠬᠠᠩᠭᠠᠯᠭ᠎ᠠ ᠬᠡᠷᠡᠭᠴᠡᠭᠡ ᠶᠢᠨ ᠬᠡᠪᠴᠢᠶ᠎ᠡ ᠨᠢ ᠶᠡᠭᠡ᠂

ᠦᠨ᠎ᠡ ᠬᠠᠩᠰᠢ ᠶᠢᠨ ᠬᠡᠯᠪᠡᠯᠵᠡᠯ ᠨᠢ ᠶᠡᠭᠡ᠂ ᠳᠡᠰ ᠬᠤᠪᠢᠶᠠᠬᠤ ᠪᠠ ᠪᠠᠷᠢᠮᠵᠢᠶᠠᠵᠢᠭᠤᠯᠬᠤ ᠳᠤ ᠬᠢᠯᠪᠠᠷ᠂ ᠮᠥᠩᠭᠦᠨ ᠭᠦᠢᠯᠭᠡᠭᠡᠨ ᠤ ᠰᠢᠨᠵᠢ ᠴᠢᠨᠠᠷ ᠢᠶᠠᠷ ᠴᠢᠩᠭ᠎ᠠ

ᠵᠡᠷᠭᠡ ᠣᠨᠴᠠᠯᠢᠭ ᠲᠠᠢ ᠶᠤᠮ᠃ ᠭᠤᠤᠯᠳᠠᠭᠤ᠄ ︵1︶ ᠡᠨᠧᠷᠭᠢ ᠶᠢᠨ ᠦᠢᠯᠡᠳᠬᠦᠨ᠃ ᠨᠡᠭᠦᠷᠡᠰᠦ᠂ ᠲᠦᠭᠦᠬᠡᠶ ᠲᠣᠰᠣ᠂ ᠪᠣᠯᠪᠠᠰᠤᠷᠠᠭᠤᠯᠤᠭᠰᠠᠨ ᠲᠣᠰᠣ᠂

ᠪᠠᠶᠢᠭᠠᠯᠢ ᠶᠢᠨ ᠰᠢᠲᠠᠮᠠᠬᠠᠶ ᠬᠡᠢ ︵ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠶ ᠬᠡᠢ᠂ ᠬᠡᠶᠢᠵᠢᠮᠡᠯ ᠪᠠᠶᠢᠭᠠᠯᠢ ᠶᠢᠨ ᠰᠢᠲᠠᠮᠠᠬᠠᠶ ᠬᠡᠢ︶᠂ ᠬᠢᠮᠢ ᠶᠢᠨ ᠠᠵᠤ

ᠦᠢᠯᠡᠳᠪᠦᠷᠢ ᠶᠢᠨ ᠦᠢᠯᠡᠳᠬᠦᠨ ᠵᠡᠷᠭᠡ︔ ︵2︶ ᠲᠡᠮᠦᠷᠯᠢᠭ ᠠᠭᠤᠷᠬᠠᠶ ᠵᠢᠴᠢ ᠡᠷᠦᠳᠡᠰᠦ ᠬᠠᠶᠢᠷ᠃ ᠡᠭᠦᠨ ᠳᠤ ᠭᠤᠣᠯᠳᠠᠭᠤ ᠲᠡᠮᠦᠷ ᠤᠨ ᠬᠦᠳᠡᠷ ᠤᠨ ᠬᠠᠶᠢᠷ

ᠬᠢᠭᠡᠳ ᠲᠡᠭᠦᠨ ᠤ ᠨᠠᠷᠢᠨ ᠬᠦᠳᠡᠷ᠂ ᠮᠠᠩᠭᠠᠨ ᠤ ᠬᠦᠳᠡᠷ᠂ ᠵᠡᠰ ᠤᠨ ᠬᠦᠳᠡᠷ ᠬᠢᠭᠡᠳ ᠲᠡᠭᠦᠨ ᠤ ᠨᠠᠷᠢᠯᠢᠭ ᠬᠦᠳᠡᠷ᠂ ᠬᠦᠩᠭᠡᠨ ᠴᠠᠭᠠᠨ ᠤ ᠬᠦᠳᠡᠷ ᠬᠢᠭᠡᠳ

ᠲᠡᠭᠦᠨ ᠤ ᠨᠠᠷᠢᠯᠢᠭ ᠬᠦᠳᠡᠷ ᠵᠡᠷᠭᠡ ᠪᠠᠭᠲᠠᠨ᠎ᠠ᠃ ︵3︶ ᠠᠮᠤ ᠪᠤᠳᠠᠭ᠎ᠠ ᠬᠢᠭᠡᠳ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠬᠦᠨ᠃ ᠭᠤᠣᠯᠳᠠᠭᠤ

ᠲᠥᠮᠥᠰᠥ ᠶᠢᠨ ᠲᠥᠷᠥᠯ᠂ ᠠᠮᠤ ᠪᠤᠳᠠᠭ᠎ᠠ ᠵᠢᠴᠢ ᠠᠮᠤ ᠪᠤᠳᠠᠭᠠᠨ ᠤ ᠳᠠᠯᠬ᠎ᠠ ︵ᠪᠤᠭᠤᠳᠠᠢ᠂ ᠠᠷᠪᠠᠢ᠂ ᠡᠷᠳᠡᠨᠢ ᠰᠢᠰᠢ᠂ ᠲᠤᠲᠤᠷᠭ᠎ᠠ᠂ ᠰᠢᠰᠢ ᠵᠡᠷᠭᠡ ᠶᠢ ᠪᠠᠭᠲᠠᠭᠠᠨ᠎ᠠ

︶᠂ ᠪᠤᠷᠴᠠᠭ ᠤᠨ ᠲᠥᠷᠥᠯ ︵ᠰᠢᠷ᠎ᠠ ᠪᠤᠷᠴᠠᠭ ᠵᠡᠷᠭᠡ ᠪᠠᠭᠲᠠᠨ᠎ᠠ︶᠂ ᠤᠷᠭᠤᠮᠠᠯ ᠤᠨ ᠲᠣᠰᠣ ︵ᠬᠢᠯᠭᠠᠰᠤᠲᠤ ᠮᠣᠳᠣᠨ ᠤ ᠲᠣᠰᠣ᠂ ᠰᠢᠷ᠎ᠠ ᠪᠤᠷᠴᠠᠭ ᠤᠨ ᠲᠣᠰᠣ

ᠵᠡᠷᠭᠡ ᠪᠠᠭᠲᠠᠨ᠎ᠠ︶᠂ ᠵᠢᠮᠢᠰ᠂ ᠤᠰᠤᠨ ᠭᠠᠷᠤᠯᠲᠠ ᠪᠠᠭᠲᠠᠨ᠎ᠠ᠃ ︵4︶ ᠮᠠᠰᠢᠨ ᠲᠡᠷᠭᠡ ᠬᠢᠭᠡᠳ ᠲᠡᠭᠦᠨ ᠤ ᠰᠡᠯᠪᠢᠭ ᠲᠣᠨᠤᠭ ᠵᠡᠷᠭᠡ᠃   ︵5︶ ᠮᠣᠳᠣᠨ

ᠮᠠᠲ᠋ᠧᠷᠢᠶᠠᠯ᠂ ᠪᠠᠷᠢᠯᠭ᠎ᠠ ᠶᠢᠨ ᠮᠠᠲ᠋ᠧᠷᠢᠶᠠᠯ ᠵᠡᠷᠭᠡ᠃ ︵6︶ ᠭᠡᠷᠡᠯ ᠴᠡᠨᠡᠭ᠂ ᠰᠢᠨ᠎ᠡ ᠡᠨᠧᠷᠭᠢ ᠶᠢᠨ ᠴᠠᠬᠢᠯᠭᠠᠨ ᠴᠡᠨᠡᠭ ᠵᠡᠷᠭᠡ  ᠪᠠᠭᠲᠠᠨ᠎ᠠ᠃᠃

     ᠲᠣᠰ ᠲᠥᠷᠥ ᠶᠢᠨ ᠪᠣᠳᠣᠯᠭ᠎ᠠ ᠶᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠪᠠ

ᠬᠤᠯᠪᠣᠭᠳᠠᠯ ᠪᠥᠬᠦᠶ ᠬᠤᠰᠢᠭᠤ ᠲᠣᠭᠤᠷᠢᠭ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠵᠢᠯ ᠢᠶᠠᠷ ᠲᠤᠯᠭᠠᠨ

ᠭᠠᠷᠳᠠᠭᠤᠯᠤᠨ᠎ᠠ ︵ᠵᠢᠯ ᠪᠦᠷᠢ ᠶᠢᠨ ᠨᠢᠭᠡᠳᠦᠭᠡᠷ ᠤᠯᠠᠷᠢᠯ ᠳᠤ ᠳᠡᠭᠡᠷ᠎ᠡ ᠨᠢᠭᠡ ᠵᠢᠯ ᠤᠨ ᠨᠥᠬᠦᠪᠥᠷᠢ ᠶᠢᠨ ᠪᠠᠯᠠ ᠮᠥᠩᠭᠦ ᠶᠢ ᠨᠠᠶᠢᠳᠠᠪᠤᠷᠢᠵᠢᠭᠤᠯᠤᠨ᠎ᠠ︶᠃ 

ᠨᠥᠬᠦᠪᠥᠷᠢ ᠶᠢᠨ ᠪᠠᠯᠠ ᠮᠥᠩᠭᠦ ᠶᠢ ᠮᠡᠬᠡᠯᠡᠨ ᠠᠪᠤᠭᠰᠠᠨ ᠢ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ ᠬᠡᠷᠡᠭᠰᠡᠬᠦ ᠪᠠᠯᠠ ᠮᠥᠩᠭᠦ ᠶᠢ ᠬᠤᠲᠠ᠂

ᠬᠤᠰᠢᠭᠤ ᠲᠣᠭᠤᠷᠢᠭ 1᠄ 1 ᠶᠣᠰᠣᠭᠠᠷ ᠡᠭᠦᠷᠭᠡᠯᠡᠵᠦ᠂ ᠪᠠᠯᠠ ᠮᠥᠩᠭᠦ ᠶᠢᠨ ᠬᠠᠮᠢᠶᠠᠷᠤᠯᠲᠠ ᠶᠢ ᠬᠤᠲᠠ ᠶᠢᠨ ᠲᠣᠰ ᠱᠠᠲᠤᠨ ᠤ ᠭᠠᠳᠠᠭᠠᠳᠤ ᠠᠵᠤ ᠠᠬᠤᠶ

ᠠᠷᠠᠯᠵᠢᠶᠠᠨ ᠤ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠵᠦ᠂

ᠥᠪᠡᠷᠲᠡᠭᠡᠨ ᠵᠠᠰᠠᠬᠤ ᠣᠷᠣᠨ᠂ ᠬᠤᠲᠠ᠂ ᠡᠯ᠎ᠡ ᠬᠤᠰᠢᠭᠤ ᠲᠣᠭᠤᠷᠢᠭ ᠤᠨ ᠠᠳᠠᠯᠢ ᠲᠥᠷᠥᠯ ᠤᠨ ᠲᠥᠷᠥ ᠶᠢᠨ ᠪᠣᠳᠣᠯᠭ᠎ᠠ ᠶᠢᠨ ᠱᠠᠩᠨᠠᠯ ᠯᠤᠭ᠎ᠠ ᠥᠨᠳᠥᠷ

ᠪᠠᠷᠢᠮᠵᠢᠶ᠎ᠠ ᠪᠠᠷ ᠨᠢ ᠤᠯᠭᠤᠵᠤ ᠳᠠᠪᠬᠤᠷᠳᠠᠭᠤᠯᠤᠨ ᠣᠯᠭᠤᠬᠤ ᠦᠭᠡᠢ᠂ ᠭᠤᠶᠤᠴᠢᠯᠠᠨ ᠮᠡᠳᠡᠭᠦᠯᠬᠦ ᠭᠤᠤᠯ ᠴᠣᠭᠴᠠ ᠨᠢ ᠮᠠᠨ ᠤ ᠬᠤᠲᠠ ᠳᠤ ᠳᠠᠩᠰᠠᠯᠠᠭᠤᠯᠤᠭᠰᠠᠨ

ᠭᠠᠶᠢᠯᠢ ᠲᠤᠰᠢᠶᠠᠬᠤ ᠭᠤᠤᠯ ᠴᠣᠭᠴᠠ ᠪᠤᠯᠬᠤ ᠮᠥᠷᠲᠡᠭᠡᠨ ᠪᠣᠳᠠᠲᠠᠶ ᠡᠵᠡᠩᠨᠡᠯᠲᠡ ᠬᠢᠭᠰᠡᠨ ᠪᠠᠶᠢᠬᠤ ᠬᠡᠷᠡᠭᠲᠡᠢ᠃ ᠲᠣᠰ ᠲᠥᠷᠥ ᠶᠢᠨ ᠪᠣᠳᠣᠯᠭ᠎ᠠ ᠶᠢ ᠳᠠᠷᠤᠮᠠᠯᠯᠠᠨ

ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠤ ᠬᠤᠭᠤᠴᠠᠭ᠎ᠠ ᠨᠢ ᠭᠤᠷᠪᠠᠨ ᠵᠢᠯ ᠪᠣᠯᠤᠨ᠎ᠠ᠃ 2023 ᠣᠨ ᠤ 7 ᠰᠠᠷ᠎ᠠ ᠶᠢᠨ 26᠎ ᠤ ᠡᠳᠦᠷ

ᠨᠡᠶᠢᠲᠡᠯᠡᠭᠰᠡᠨ ︽ᠣᠷᠳᠣᠰ ᠬᠤᠲᠠ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠳᠡᠮᠵᠢᠬᠦ

ᠲᠥᠷᠥ ᠶᠢᠨ ᠪᠣᠳᠣᠯᠭ᠎ᠠ ᠨᠤᠭᠤᠳ︾ ︵ᠣᠷᠳᠣᠰ ᠵᠠᠰᠠᠭ ᠲᠠᠷᠬᠠᠭᠠᠭᠰᠠᠨ ﹇2023﹈ 48 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠢ ᠬᠠᠮᠲᠤ ᠳᠤ ᠨᠢ

ᠬᠦᠴᠦᠨ ᠥᠬᠡᠶ ᠪᠣᠯᠭᠠᠨ᠎ᠠ᠃

 

ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ