ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/7/16

ᠤᠷᠳᠤᠰ ᠵᠠᠰᠠᠭ ᠠᠯᠪᠠᠨ ᠲᠠᠷᠬᠠᠭᠠᠭᠰᠠᠨ ﹇2024﹈ 16 ᠳ᠋ᠤᠭᠠᠷ ᠲᠤᠭᠠᠳᠤ

 

ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄

     ᠡᠳᠦᠭᠡ ︽ᠣᠷᠳᠣᠰ ᠬᠤᠲᠠ ᠶᠢᠨ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠲᠦᠷᠢᠮ ᠤᠨ ᠬᠡᠷᠡᠭᠵᠢᠭᠦᠯᠬᠦ ᠲᠥᠰᠦᠯ︾᠎ ᠢ

ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ ᠪᠠᠶᠢᠭᠤᠯᠤᠨ

ᠬᠡᠷᠡᠭᠵᠢᠭᠦᠯᠲᠦᠭᠡᠶ᠃

   

                                                ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ

                                                         2024 ᠣᠨ ᠤ 3 ᠳ᠋ᠤᠭᠠᠷ ᠰᠠᠷ᠎ᠠ ᠶᠢᠨ 1᠎ ᠤ ᠡᠳᠦᠷ

   

 

ᠣᠷᠳᠣᠰ ᠬᠤᠲᠠ ᠶᠢᠨ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠲᠦᠷᠢᠮ ᠤᠨ ᠬᠡᠷᠡᠭᠵᠢᠭᠦᠯᠬᠦ ᠲᠥᠰᠦᠯ

   

     ᠰᠢ ᠶᠢᠨ ᠫᠢᠩ ᠶᠡᠷᠦᠩᠬᠡᠶ ᠱᠦᠵᠢ ᠶᠢᠨ ᠲᠠᠷᠢᠶᠠᠨ ᠭᠠᠵᠠᠷ ᠢ ᠬᠠᠮᠠᠭᠠᠯᠠᠬᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ

ᠲᠤᠭᠤᠰᠢᠯᠠᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂  ᠲᠠᠷᠢᠶᠠᠨ ᠭᠠᠵᠠᠷ ᠵᠢᠴᠢ

ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠤᠯᠢ ᠪᠤᠰᠤ ᠪᠠᠷ ᠡᠵᠡᠯᠡᠬᠦ ᠪᠠ ᠡᠪᠳᠡᠬᠦ ᠶᠢ ᠴᠢᠩᠭ᠎ᠠ ᠰᠡᠷᠭᠡᠶᠢᠯᠡᠵᠦ᠂ ᠲᠠᠷᠢᠶᠠᠨ ᠭᠠᠵᠠᠷ ᠢ ︽ᠲᠠᠷᠢᠶᠠᠯᠠᠩ ᠤᠨ

ᠪᠤᠰᠤ ᠪᠣᠯᠭᠠᠬᠤ︾᠎ ᠶᠢ ᠬᠤᠷᠢᠭᠯᠠᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾᠎ ᠶᠢ ᠰᠡᠷᠭᠡᠶᠢᠯᠡᠵᠦ᠂ ᠲᠠᠷᠢᠶᠠᠨ ᠭᠠᠵᠠᠷ ᠪᠣᠯᠤᠨ ᠡᠭᠦᠷᠢᠳᠡ ᠶᠢᠨ

ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠠᠵᠢᠯ ᠤᠨ ᠳᠦᠷᠢᠮᠵᠢᠭᠦᠯᠦᠯᠲᠡ ᠶᠢᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠨ ᠭᠠᠵᠠᠷ ᠢ ︽

ᠲᠠᠷᠢᠶᠠᠯᠠᠩ ᠤᠨ ᠪᠤᠰᠤ ᠪᠣᠯᠭᠠᠬᠤ︾ ᠠᠵᠢᠯᠯᠠᠭ᠎ᠠ ᠶᠢ ᠡᠷᠡᠰ ᠬᠤᠷᠢᠭᠯᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵

ᠲᠥᠷᠥ ᠠᠯᠪᠠᠨ ᠲᠠᠷᠬᠠᠭᠠᠬᠤ ᠢᠯᠡ ᠴᠠᠬᠢᠯᠭᠠᠨ ﹇2020﹈ 24 ᠳ᠋ᠤᠭᠡᠷ ᠲᠣᠭᠠᠲᠤ︶᠂ ︽ᠲᠠᠷᠢᠶᠠᠨ ᠭᠠᠵᠠᠷ ᠢ ︿ᠠᠮᠤ ᠪᠤᠳᠠᠭᠠᠨ ᠤ ᠪᠤᠰᠤ ᠪᠣᠯᠭᠠᠬᠤ﹀᠎ ᠶᠢ

ᠰᠡᠷᠭᠡᠶᠢᠯᠡᠵᠤ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠲᠤᠬᠠᠶ ᠰᠠᠨᠠᠯ︾ ︵ᠲᠥᠷᠥ ᠠᠯᠪᠠᠨ ᠲᠠᠷᠬᠠᠭᠠᠭᠰᠠᠨ  ﹇2020﹈ 44 ᠳ᠋ᠤᠭᠡᠷ

ᠲᠣᠭᠠᠲᠤ︶ ᠪᠣᠯᠤᠨ ︽ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ  ﹇2023﹈ 6

ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ

ᠲᠣᠭᠲᠠᠭᠠᠪᠠ᠃ 

     ᠨᠢᠭᠡ᠂ ᠶᠡᠷᠦᠩᠬᠡᠢ ᠱᠠᠭᠠᠷᠳᠠᠯᠭ᠎ᠠ

      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ

ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠲᠠᠷᠢᠶᠠᠨ ᠭᠠᠵᠠᠷ ᠢ ᠬᠠᠮᠠᠭᠠᠯᠠᠬᠤ ᠲᠤᠬᠠᠶ ︽ᠲᠤᠭ᠎ᠠ ᠬᠡᠮᠵᠢᠶ᠎ᠡ ᠪᠠ ᠶᠠᠰᠤ

ᠴᠢᠨᠠᠷ ᠢ ᠵᠡᠷᠭᠡ ᠪᠠᠷ ᠴᠢᠬᠤᠯᠠᠴᠢᠯᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠰᠢᠰᠲ᠋ᠧᠮ ᠲᠠᠢ ᠠᠬᠢᠭᠤᠯᠬᠤ᠂ ᠡᠭᠦᠷᠢᠳᠡ ᠦᠷᠭᠦᠯᠵᠢᠯᠡᠨ ᠠᠰᠢᠭᠯᠠᠬᠤ︾ ᠵᠡᠷᠭᠡ

ᠴᠢᠬᠤᠯᠠ ᠶᠡᠭᠡ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ

ᠠᠬᠤᠶ ᠶᠢᠨ ︽ᠭᠤᠷᠪᠠ ᠶᠢ ᠨᠢᠭᠡ ᠴᠤᠭᠴᠠᠵᠢᠭᠤᠯᠬᠤ︾ ᠬᠠᠮᠠᠭᠠᠯᠠᠯᠲᠠ ᠶᠢ ᠴᠢᠩᠭᠠᠳᠬᠠᠵᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠨ

ᠭᠠᠵᠠᠷ ᠢ ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠠᠬᠢᠵᠢᠭᠦᠯᠵᠦ᠂ ᠬᠥᠳᠡᠭᠡ ᠲᠣᠰᠬᠤᠨ ᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ

ᠲᠠᠷᠢᠶᠠᠴᠢᠳ ᠤᠨ ᠲᠠᠷᠢᠶᠠᠨ ᠭᠠᠵᠠᠷ ᠢ ᠬᠠᠮᠠᠭᠠᠯᠠᠬᠤ ᠢᠳᠡᠪᠬᠢᠵᠢᠯ ᠢ ᠭᠦᠢᠴᠡᠳ ᠳᠠᠶᠢᠴᠢᠯᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠨᠢᠭᠲᠠ ᠬᠠᠮᠲᠤᠷᠠᠯᠴᠠᠬᠤ᠂

ᠠᠵᠢᠯ ᠬᠤᠪᠢᠶᠠᠷᠢᠯᠠᠨ ᠬᠠᠷᠢᠭᠤᠴᠠᠬᠤ ᠪᠠ ᠵᠡᠷᠭᠡᠪᠡᠷ ᠠᠳᠬᠤᠵᠤ ᠬᠠᠮᠲᠤ ᠪᠠᠷ ᠬᠠᠮᠢᠶᠠᠷᠬᠤ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ

ᠬᠠᠮᠠᠭᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ᠂ ᠪᠥᠬᠦ ᠬᠤᠲᠠ ᠶᠢᠨ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ

ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠪᠠᠭᠠᠰᠬᠠᠬᠤ ᠥᠬᠡᠶ ᠪᠦᠭᠡᠳ ᠶᠠᠰᠤ ᠴᠢᠨᠠᠷ ᠢ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠵᠤ᠂ ᠲᠠᠷᠢᠶᠠᠨ ᠭᠠᠵᠠᠷ ᠤᠨ

ᠬᠠᠮᠠᠭᠠᠯᠠᠯᠲᠠ ᠶᠢᠨ ᠤᠯᠠᠭᠠᠨ ᠱᠤᠭᠤᠮ ᠪᠠ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃

      ︵ᠬᠤᠶᠠᠷ︶ ᠦᠨᠳᠦᠰᠦᠨ ᠵᠠᠷᠴᠢᠮ

     — ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ

ᠲᠦᠷᠢᠮ ᠢ ᠬᠡᠷᠡᠭᠵᠢᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠳᠤ ᠲᠤᠭ᠎ᠠ ᠬᠡᠮᠵᠢᠶ᠎ᠡ ᠶᠢ ᠪᠠᠲᠤᠯᠠᠬᠤ ᠪᠠᠷ ᠪᠠᠷᠠᠬᠤ ᠥᠬᠡᠶ ᠪᠠᠰᠠ ᠶᠠᠰᠤ ᠴᠢᠨᠠᠷ ᠢ ᠳᠡᠭᠡᠭᠰᠢᠯᠡᠭᠦᠯᠵᠦ᠂

ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠶᠢ ᠲᠤᠭ᠎ᠠ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠵᠤ ᠪᠠᠶᠢᠭᠰᠠᠨ ᠠᠴᠠ ᠶᠠᠰᠤ

ᠴᠢᠨᠠᠷ ᠢ ᠲᠡᠩᠴᠡᠭᠦᠷᠢᠰᠢᠭᠦᠯᠬᠦ᠂ ᠦᠢᠯᠡᠳᠪᠦᠷᠢᠯᠡᠬᠦ ᠴᠢᠳᠠᠪᠤᠷᠢ ᠶᠢ ᠲᠡᠩᠴᠡᠭᠦᠷᠢᠲᠡᠶ ᠪᠠᠶᠢᠯᠭᠠᠬᠤ ᠳᠠᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ᠃ ᠬᠤᠪᠢᠶᠠᠷᠢᠯᠠᠨ

ᠲᠣᠠᠠᠳᠠᠭᠠᠠᠠᠰᠠᠨ ᠡᠬᠦᠷᠢᠳᠡ ᠶᠢᠨ ᠦᠨᠳᠣᠰᠣᠡ ᠳᠡᠷᠢᠶᠡᠨ ᠭᠠᠵᠡᠷ ᠲᠤ ᠣᠨᠴᠣᠭᠤᠢ ᠬᠠᠮᠠᠭᠠᠯᠠᠯᠳᠡ ᠶᠢ ᠭᠡᠷᠡᠭᠵᠢᠬᠦᠯᠵᠦ᠂ ᠲᠣᠷ᠎ᠠ ᠪᠠᠷ ᠢᠶᠠᠨ ᠡᠵᠡᠯᠡᠨ ᠭᠡᠷᠡᠭᠯᠡᠬᠦ ᠪᠤᠶᠤ

ᠭᠡᠷᠡᠭᠴᠡᠭᠡ ᠶᠢ ᠨᠢ ᠬᠤᠪᠢᠷᠡᠭᠤᠯᠵᠦ ᠪᠤᠯᠬᠤ ᠦᠭᠡᠢ᠃

     — ᠭᠠᠵᠠᠷ ᠣᠷᠣᠨ ᠤ ᠪᠠᠶᠢᠳᠠᠯ ᠳᠤ ᠨᠢ ᠲᠤᠬᠢᠷᠠᠭᠤᠯᠤᠨ᠎ᠠ᠃ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠠᠵᠠᠷ ᠲᠠᠷᠢᠶᠠᠨ ᠤ

ᠳᠠᠷᠤᠭ᠎ᠠ ᠶᠢᠨ ᠲᠠᠰ ᠳᠠᠪᠬᠤᠷᠭ᠎ᠠ ᠶᠢ ᠵᠦᠶ ᠵᠣᠬᠢᠰᠲᠠᠶ ᠳᠣᠭᠢᠷᠠᠭᠤᠯᠵᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠬᠠᠨᠳᠤᠯᠭᠠᠲᠤ ᠴᠢᠨᠠᠷᠲᠠᠶ ᠲᠠᠷᠢᠶᠠᠨ

ᠭᠠᠵᠠᠷ ᠤᠨ ᠬᠠᠮᠠᠭᠠᠯᠠᠯᠲᠠ ᠶᠢᠨ ᠭᠠᠵᠠᠷ ᠲᠠᠷᠢᠶᠠᠨ ᠤ ᠳᠠᠷᠤᠭ᠎ᠠ ᠶᠢᠨ ᠲᠦᠷᠢᠮ ᠤᠨ ᠬᠡᠷᠡᠭᠵᠢᠭᠦᠯᠬᠦ ᠠᠷᠭ᠎ᠠ ᠶᠢ ᠲᠣᠭᠲᠠᠭᠠᠬᠤ ᠬᠡᠷᠡᠭᠲᠡᠶ᠃

     — ᠬᠠᠮᠵᠢᠯᠴᠠᠨ ᠬᠠᠮᠲᠤᠷᠠᠯᠴᠠᠬᠤ ᠶᠢ ᠪᠠᠷᠢᠮᠲᠠᠯᠠᠨ᠎ᠠ᠃ ᠵᠠᠰᠠᠭ ᠤᠨ ᠣᠷᠳᠣᠨ᠂ ᠰᠠᠯᠠᠭ᠎ᠠ ᠮᠥᠴᠢᠷ ᠬᠢᠭᠡᠳ ᠭᠠᠵᠠᠷ ᠲᠠᠷᠢᠶᠠᠨ ᠤ ᠳᠠᠷᠤᠭ᠎ᠠ ᠶᠢᠨ

ᠬᠤᠭᠤᠷᠣᠨᠳᠣᠬᠢ ᠨᠡᠪᠲᠡᠷᠡᠯᠴᠡᠭᠡ ᠵᠤᠬᠢᠴᠠᠭᠤᠯᠭ᠎ᠠ ᠶᠢ ᠴᠢᠩᠭᠠᠳᠬᠠᠵᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠲᠠᠷᠢᠶᠠᠨ

ᠭᠠᠵᠠᠷ ᠢ ᠬᠠᠮᠠᠭᠠᠯᠠᠬᠤ ᠬᠠᠮᠲᠤᠷᠠᠯ ᠤᠨ ᠬᠦᠴᠦᠨ ᠢ ᠪᠣᠶ ᠪᠣᠯᠭᠠᠵᠤ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ

ᠬᠠᠮᠲᠤ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ᠎ᠠ᠃ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠶᠢ ᠴᠢᠩᠳᠠᠯᠠᠵᠤ᠂ ᠬᠤᠯᠪᠣᠭᠠᠯᠠᠨ ᠬᠥᠳᠡᠯᠦᠯᠴᠡᠵᠦ

ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠᠷ ᠲᠠᠷᠢᠶᠠᠨ ᠭᠠᠵᠠᠷ ᠢ ᠬᠠᠮᠠᠭᠠᠯᠠᠨ᠎ᠠ᠃

    ︵ᠭᠤᠷᠪᠠ︶ ᠠᠵᠢᠯ ᠤᠨ ᠬᠠᠷᠠᠯᠲᠠ᠃ 2024 ᠤᠨ ᠤ 6 ᠳ᠋ᠤᠭᠠᠷ ᠰᠠᠷ᠎ᠠ ᠶᠢᠨ ᠰᠡᠬᠦᠯᠴᠢ ᠠᠴᠠ ᠡᠮᠦᠨ᠎ᠡ᠂ ᠡᠯ᠎ᠡ ᠬᠤᠰᠢᠭᠤ ᠲᠣᠭᠤᠷᠢᠭ ᠲᠠᠷᠢᠶᠠᠨ ᠭᠠᠵᠠᠷ ᠢ

ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠪᠠᠶᠢᠭᠤᠯᠤᠨ ᠬᠡᠷᠡᠭᠵᠢᠭᠦᠯᠵᠦ᠂ ᠵᠠᠰᠠᠭ ᠤᠨ ᠣᠷᠳᠣᠨ ᠤ ᠲᠠᠷᠢᠶᠠᠨ ᠭᠠᠵᠠᠷ ᠢ

ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠲᠠᠷᠢᠶᠠᠨ ᠭᠠᠵᠠᠷ ᠢ ᠬᠠᠮᠠᠭᠠᠯᠠᠬᠤ ᠦᠨᠳᠦᠰᠦᠨ ᠱᠠᠲᠤᠨ ᠤ

ᠵᠠᠰᠠᠯᠲᠠ ᠶᠢᠨ ᠲᠣᠭᠲᠠᠴᠠ ᠶᠢ ᠪᠠᠶᠢᠭᠤᠯᠵᠤ᠂ ᠪᠥᠬᠦ ᠬᠤᠲᠠ ᠶᠢᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠪᠠᠭᠠᠰᠬᠠᠬᠤ ᠥᠬᠡᠶ ᠪᠦᠭᠡᠳ ᠶᠠᠰᠤ ᠴᠢᠨᠠᠷ ᠢ 

ᠳᠡᠭᠡᠭᠰᠢᠯᠡᠭᠦᠯᠵᠤ᠂ ᠠᠮᠢ ᠠᠬᠤᠶ ᠶᠢ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠨ᠎ᠠ᠃

     ᠬᠤᠶᠠᠷ᠂ ᠠᠵᠢᠯ ᠤᠨ ᠡᠭᠦᠷᠭᠡ

     ︵ᠨᠢᠭᠡ︶ ᠭᠠᠵᠠᠷ ᠲᠠᠷᠢᠶᠠᠨ ᠤ ᠳᠠᠷᠤᠭ᠎ᠠ ᠶᠢᠨ ᠲᠤᠬᠢᠷᠠᠭᠤᠯᠤᠯᠲᠠ ᠵᠢᠴᠢ ᠲᠡᠭᠦᠨ ᠤ ᠲᠤᠰᠢᠶᠠᠯ ᠬᠠᠷᠢᠭᠤᠴᠠᠯᠭ᠎ᠠ᠃ ᠭᠠᠵᠠᠷ ᠲᠠᠷᠢᠶᠠᠨ ᠤ ᠳᠠᠷᠤᠭ᠎ᠠ ᠶᠢᠨ

ᠲᠤᠬᠢᠷᠠᠭᠤᠯᠤᠯᠲᠠ ᠶᠢ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠪᠠᠷ ᠭᠤᠣᠯ ᠴᠣᠭᠴᠠ ᠪᠣᠯᠭᠠᠵᠤ᠂ ᠭᠠᠴᠠᠭᠠᠨ ᠤ ︽ᠬᠤᠶᠠᠷ ᠵᠥᠪᠯᠡᠯ︾᠎ ᠤᠨ ᠭᠤᠣᠯ

ᠬᠠᠷᠢᠭᠤᠴᠠᠯᠭᠠᠲᠠᠨ ᠢᠶᠠᠷ ᠭᠠᠵᠠᠷ ᠲᠠᠷᠢᠶᠠᠨ ᠤ ᠳᠠᠷᠤᠭ᠎ᠠ ᠪᠣᠯᠭᠠᠵᠤ᠂ ᠭᠠᠴᠠᠭᠠᠨ ᠤ ︽ᠬᠤᠶᠠᠷ ᠵᠥᠪᠯᠡᠯ︾᠎ ᠤᠨ ᠪᠦᠷᠢᠯᠳᠦᠬᠦᠨ᠂ ᠭᠠᠴᠠᠭᠠᠨ ᠤ ᠠᠷᠠᠳ ᠤᠨ

ᠳᠤᠭᠤᠶᠢᠯᠠᠩ ᠤᠨ ᠳᠠᠷᠤᠭ᠎ᠠ᠂ ᠭᠠᠴᠠᠭᠠᠨ ᠤ ᠠᠷᠠᠳ ᠤᠨ ᠲᠥᠯᠥᠭᠡᠯᠡᠭᠴᠢ ᠪᠤᠶᠤ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ

ᠬᠠᠷᠢᠭᠤᠴᠠᠯᠭᠠᠲᠠᠨ ᠢᠶᠠᠷ ᠲᠤᠤᠷᠵᠢᠯ ᠬᠠᠮᠢᠶᠠᠷᠤᠯᠲᠠ ᠶᠢᠨ ᠭᠠᠵᠠᠷ ᠲᠠᠷᠢᠶᠠᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠲᠤᠤᠷᠵᠢᠯ ᠬᠠᠮᠢᠶᠠᠷᠤᠯᠲᠠ ᠶᠢᠨ ᠭᠠᠵᠠᠷ

ᠲᠠᠷᠢᠶᠠᠨ ᠤ ᠳᠠᠷᠤᠭ᠎ᠠ ᠶᠢᠨ ᠥᠷᠢᠰᠥᠯᠳᠦᠭᠡᠨ ᠢᠶᠠᠷ ᠠᠵᠢᠯ ᠤᠨ ᠪᠠᠶᠢᠷᠢ ᠳᠤ ᠭᠠᠷᠬᠤ ᠶᠢ ᠵᠣᠷᠢᠭᠵᠢᠭᠤᠯᠤᠨ᠎ᠠ᠃ ᠭᠠᠵᠠᠷ ᠲᠠᠷᠢᠶᠠᠨ ᠤ ᠳᠠᠷᠤᠭ᠎ᠠ ᠪᠠ ᠲᠤᠤᠷᠵᠢᠯ

ᠬᠠᠮᠢᠶᠠᠷᠤᠯᠲᠠ ᠶᠢᠨ ᠭᠠᠵᠠᠷ ᠲᠠᠷᠢᠶᠠᠨ ᠤ ᠳᠠᠷᠤᠭ᠎ᠠ ᠶᠢ ᠲᠣᠭᠲᠠᠭᠠᠭᠰᠠᠨ ᠤ ᠳᠠᠷᠠᠭ᠎ᠠ ᠬᠤᠰᠢᠭᠤ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ

ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃

     ᠭᠠᠵᠠᠷ ᠲᠠᠷᠢᠶᠠᠨ ᠤ ᠳᠠᠷᠤᠭ᠎ᠠ ᠶᠢᠨ ᠭᠤᠣᠯ ᠲᠤᠰᠢᠶᠠᠯ ᠬᠠᠷᠢᠭᠤᠴᠠᠯᠭ᠎ᠠ᠄ ᠭᠠᠵᠠᠷ ᠲᠠᠷᠢᠶᠠᠨ ᠤ ᠳᠠᠷᠤᠭ᠎ᠠ ᠪᠣᠯ ᠲᠠᠷᠢᠶᠠᠨ ᠭᠠᠵᠠᠷ ᠪᠠ ᠡᠭᠦᠷᠢᠳᠡ ᠶᠢᠨ

ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠰᠢᠭᠤᠳ ᠬᠠᠷᠢᠭᠤᠴᠠᠯᠭᠠᠲᠠᠨ ᠮᠥᠨ᠂ ᠬᠠᠷᠢᠶ᠎ᠠ ᠣᠷᠣᠨ ᠳᠠᠬᠢ ᠲᠠᠷᠢᠶᠠᠨ ᠭᠠᠵᠠᠷ ᠪᠠ ᠡᠭᠦᠷᠢᠳᠡ ᠶᠢᠨ

ᠦᠨᠳᠦᠰᠦᠨ ᠲᠠᠷᠢᠶᠠᠨ ᠭᠠᠵᠠᠷ ᠤᠨ ᠡᠳᠦᠷ ᠲᠤᠲᠤᠮ ᠤᠨ ᠬᠠᠮᠢᠶᠠᠷᠤᠯᠲᠠ ᠬᠠᠮᠠᠭᠠᠯᠠᠯᠲᠠ ᠶᠢ ᠬᠠᠷᠢᠭᠤᠴᠠᠨ᠎ᠠ︔ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶

᠎ ᠶᠢᠨ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ ᠲᠣᠰᠬᠤᠨ ᠤ ᠳᠣᠲᠣᠷᠠᠬᠢ ᠭᠠᠵᠠᠷ ᠰᠢᠷᠣᠶ ᠶᠢᠨ

ᠳᠠᠭᠠᠭᠠᠴᠢᠯᠠᠯᠲᠠ ᠶᠢᠨ ᠡᠷᠦᠬᠡ ᠪᠠ ᠡᠵᠡᠩᠨᠡᠭᠴᠢ ᠳᠤ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢ

ᠥᠷᠨᠢᠭᠦᠯᠦᠨ᠎ᠡ︔ ᠬᠠᠷᠢᠶ᠎ᠠ ᠣᠷᠣᠨ ᠤ ᠪᠠᠨ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠪᠠᠶᠢᠳᠠᠯ ᠢ ᠲᠣᠭᠲᠠᠮᠠᠯ

ᠬᠤᠭᠤᠴᠠᠭ᠎ᠠ ᠲᠠᠢ ᠪᠠᠷ ᠪᠠᠶᠢᠴᠠᠭᠠᠬᠤ ᠶᠢᠨ ᠬᠠᠮᠲᠤ ᠰᠠᠶᠢᠲᠤᠷ ᠲᠡᠮᠳᠡᠭᠯᠡᠯ ᠬᠢᠨ᠎ᠠ︔ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠡᠵᠡᠯᠡᠨ

ᠬᠡᠷᠡᠭᠯᠡᠵᠤ ᠭᠡᠷ ᠪᠠᠷᠢᠬᠤ᠂ ᠦᠢᠯᠡᠳᠪᠦᠷᠢ ᠪᠠᠶᠢᠭᠤᠯᠬᠤ᠂ ᠨᠦᠬᠡᠨ ᠭᠡᠷ ᠪᠠᠷᠢᠬᠤ᠂ ᠬᠠᠶᠢᠷ ᠮᠠᠯᠲᠠᠬᠤ᠂ ᠰᠢᠷᠣᠶ ᠠᠪᠬᠤ᠂ ᠲᠡᠵᠢᠭᠡᠨ ᠦᠷᠡᠵᠢᠭᠦᠯᠬᠦ᠂ ᠨᠠᠭᠤᠷ ᠮᠠᠯᠲᠠᠵᠤ

ᠦᠵᠡᠮᠵᠢ ᠭᠠᠷᠭᠠᠬᠤ᠂ ᠬᠠᠲᠠᠭᠤ ᠪᠡᠶᠡᠲᠦ ᠪᠣᠳᠠᠰ ᠤᠪᠤᠭᠠᠯᠠᠬᠤ ᠵᠢᠴᠢ ᠪᠣᠬᠢᠷᠲᠤᠯ ᠪᠣᠳᠠᠰ ᠭᠠᠳᠠᠭᠰᠢᠯᠠᠭᠤᠯᠬᠤ ᠪᠠ ᠬᠠᠶᠠᠬᠤ ᠵᠡᠷᠭᠡ ᠦᠢᠯᠡ ᠠᠵᠢᠯᠯᠠᠭ᠎ᠠ ᠶᠢ

ᠢᠳᠬᠠᠬᠤ ᠶᠢᠨ ᠬᠠᠮᠲᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠳᠤ ᠮᠡᠳᠡᠭᠦᠯᠦᠨ᠎ᠡ᠃ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ

ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠂ ︽ᠠᠮᠤ ᠪᠤᠳᠠᠭᠠᠨ ᠤ ᠪᠤᠰᠤ ᠪᠣᠯᠭᠠᠬᠤ︾ ᠪᠠ ᠠᠳᠠᠷᠰᠢᠭᠤᠯᠬᠤ ᠦᠢᠯᠡ ᠠᠵᠢᠯᠯᠠᠭ᠎ᠠ ᠶᠢ ᠢᠳᠬᠠᠨ

ᠰᠠᠨᠠᠭᠤᠯᠬᠤ ᠶᠢᠨ ᠬᠠᠮᠲᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠳᠤ ᠮᠡᠳᠡᠭᠦᠯᠵᠦ᠂ ᠢᠯᠡᠷᠡᠭᠦᠯᠦᠭᠰᠡᠨ ᠬᠦᠨᠳᠦ ᠶᠡᠭᠡ ᠬᠠᠤᠯᠢ ᠠᠴᠠ ᠵᠥᠷᠢᠴᠡᠭᠰᠡᠨ

ᠠᠰᠠᠭᠤᠳᠠᠯ ᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠳᠤ ᠮᠡᠳᠡᠭᠦᠯᠬᠦ ᠠᠴᠠ ᠭᠠᠳᠠᠨ᠎ᠠ᠂ ᠬᠤᠰᠢᠭᠤ ᠲᠣᠭᠤᠷᠢᠭ ᠪᠤᠶᠤ ᠬᠤᠲᠠ ᠶᠢᠨ ᠪᠠᠶᠢᠭᠠᠯᠢ ᠶᠢᠨ ᠡᠬᠢ

ᠪᠠᠶᠠᠯᠢᠭ᠂ ᠲᠠᠷᠢᠶᠠᠯᠠᠩ ᠮᠠᠯ ᠠᠵᠤ ᠠᠬᠤᠶ ᠵᠡᠷᠭᠡ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠰᠢᠭᠤᠳ ᠮᠡᠳᠡᠭᠦᠯᠵᠦ ᠪᠣᠯᠤᠨ᠎ᠠ︔ 

ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠡᠮᠳᠡᠭ ᠫᠠᠶᠢᠰᠠ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ︔ ᠰᠤᠮᠤ ᠰᠢᠶᠠᠩ ᠪᠠᠯᠭᠠᠰᠤ ︵

ᠵᠡᠭᠡᠯᠢ ᠭᠤᠳᠤᠮᠵᠢ︶ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠲᠠᠷᠢᠶᠠᠨ ᠭᠠᠵᠠᠷ ᠤᠨ ᠦᠢᠯᠡᠳᠪᠦᠷᠢᠯᠡᠯ ᠤᠨ ᠢᠵᠢ ᠪᠦᠷᠢᠳᠦᠭᠦᠯᠬᠦ

ᠲᠥᠬᠦᠭᠡᠷᠦᠮᠵᠢ ᠶᠢ ᠬᠠᠮᠢᠶᠠᠷᠴᠤ ᠬᠠᠮᠠᠭᠠᠯᠠᠬᠤ ᠶᠢ ᠬᠠᠷᠢᠭᠤᠴᠠᠨ᠎ᠠ︔ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢ ᠬᠠᠮᠵᠢᠨ ᠨᠥᠬᠦᠪᠦᠷᠢ ᠲᠠᠷᠢᠶᠠᠨ

ᠭᠠᠵᠠᠷ ᠤᠨ ᠲᠥᠷᠥᠯ ᠵᠦᠢᠯ ᠢ ᠬᠠᠷᠠᠵᠤ ᠬᠠᠮᠠᠭᠠᠯᠠᠬᠤ ᠶᠢ ᠬᠠᠷᠢᠭᠤᠴᠠᠨ᠎ᠠ︔ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠳᠤ ᠲᠠᠷᠢᠶᠠᠨ ᠭᠠᠵᠠᠷ ᠪᠣᠯᠤᠨ

ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠠᠵᠢᠯ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ᠎ᠡ᠃

     ᠲᠤᠤᠷᠵᠢᠯ ᠬᠠᠮᠢᠶᠠᠷᠤᠯᠲᠠ ᠶᠢᠨ ᠭᠠᠵᠠᠷ ᠲᠠᠷᠢᠶᠠᠨ ᠤ ᠳᠠᠷᠤᠭ᠎ᠠ ᠶᠢᠨ ᠭᠤᠤᠯ ᠲᠤᠰᠢᠶᠠᠯ ᠬᠠᠷᠢᠭᠤᠴᠠᠯᠭ᠎ᠠ᠄ ᠭᠠᠵᠠᠷ ᠲᠠᠷᠢᠶᠠᠨ ᠤ ᠳᠠᠷᠤᠭ᠎ᠠ ᠶᠢ ᠬᠠᠪᠰᠤᠷᠤᠨ

ᠡᠳᠦᠷ ᠲᠤᠲᠤᠮ ᠤᠨ ᠠᠵᠢᠯ ᠢ ᠥᠷᠨᠢᠭᠦᠯᠵᠦ᠂ ᠭᠠᠵᠠᠷ ᠲᠠᠷᠢᠶᠠᠨ ᠤ ᠳᠠᠷᠤᠭ᠎ᠠ ᠳᠤ ᠡᠳᠦᠷ ᠲᠤᠲᠤᠮ ᠤᠨ ᠢᠯᠡᠷᠡᠭᠦᠯᠦᠭᠰᠡᠨ ᠠᠰᠠᠭᠤᠳᠠᠯ ᠢ ᠮᠡᠳᠡᠭᠦᠯᠵᠦ᠂

ᠢᠯᠡᠷᠡᠭᠦᠯᠦᠭᠰᠡᠨ ᠬᠦᠨᠳᠦ ᠶᠡᠭᠡ ᠬᠠᠤᠯᠢ ᠠᠴᠠ ᠵᠥᠷᠢᠴᠡᠭᠰᠡᠨ ᠠᠰᠠᠭᠤᠳᠠᠯ ᠢ ᠰᠤᠮᠤ ᠰᠢᠶᠠᠩ ᠪᠠᠯᠭᠠᠰᠤ      ︵ᠵᠡᠭᠡᠯᠢ ᠭᠤᠳᠤᠮᠵᠢ︶ ᠪᠤᠶᠤ ᠬᠤᠰᠢᠭᠤ

ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠶ ᠵᠡᠷᠭᠡ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠰᠢᠭᠤᠳ

ᠮᠡᠳᠡᠭᠦᠯᠵᠤ ᠪᠤᠯᠤᠨ᠎ᠠ᠃

     ᠡᠯ᠎ᠡ ᠬᠤᠰᠢᠭᠤ ᠲᠣᠭᠤᠷᠢᠭ ᠨᠢ ᠬᠠᠷᠢᠶ᠎ᠠ ᠣᠷᠣᠨ ᠤ ᠳᠣᠲᠣᠷᠠᠬᠢ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠠᠵᠠᠷ ᠲᠠᠷᠢᠶᠠᠨ ᠤ

ᠳᠠᠷᠤᠭ᠎ᠠ ᠶᠢᠨ ᠲᠠᠰ ᠳᠠᠪᠬᠤᠷᠭ᠎ᠠ ᠶᠢ ᠳᠣᠭᠢᠷᠠᠭᠤᠯᠵᠤ ᠪᠣᠯᠤᠨ᠎ᠠ᠃

     ︵ᠬᠤᠶᠠᠷ︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠡᠯ᠎ᠡ

ᠬᠤᠰᠢᠭᠤ ᠲᠤᠭᠤᠷᠢᠭ ᠤᠨ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠲᠦᠷᠢᠮ ᠢ ᠪᠠᠶᠢᠭᠤᠯᠬᠤ ᠪᠠ ᠬᠡᠷᠡᠭᠵᠢᠭᠦᠯᠬᠦ ᠶᠢ ᠱᠠᠭᠠᠷᠳᠠᠨ

ᠵᠢᠯᠥᠭᠤᠳᠬᠤ ᠶᠢ ᠬᠠᠷᠢᠭᠤᠴᠠᠨ᠎ᠠ᠃

     ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ ᠤᠷᠤᠨ ᠤ ᠪᠠᠨ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ

ᠳᠠᠷᠤᠭ᠎ᠠ ᠶᠢᠨ ᠲᠦᠷᠢᠮ ᠤᠨ ᠬᠡᠷᠡᠭᠵᠢᠭᠦᠯᠬᠦ ᠠᠷᠭ᠎ᠠ ᠶᠢ ᠬᠠᠷᠢᠭᠤᠴᠠᠨ ᠲᠣᠭᠲᠠᠭᠠᠵᠤ᠂ ᠲᠤᠰᠢᠶᠠᠯ ᠬᠠᠷᠢᠭᠤᠴᠠᠯᠭ᠎ᠠ ᠶᠢᠨ ᠡᠭᠦᠷᠭᠡ ᠪᠠᠨ ᠨᠠᠷᠢᠯᠢᠬᠵᠢᠭᠤᠯᠤᠨ᠂ ᠰᠤᠮᠤ

ᠰᠢᠶᠠᠩ ᠪᠠᠯᠭᠠᠰᠤ ︵ᠵᠡᠭᠡᠯᠢ ᠭᠤᠳᠤᠮᠵᠢ︶ ᠪᠣᠯᠤᠨ ᠭᠠᠵᠠᠷ ᠲᠠᠷᠢᠶᠠᠨ ᠤ ᠳᠠᠷᠤᠭ᠎ᠠ ᠲᠤᠤᠷᠵᠢᠯ ᠬᠠᠮᠢᠶᠠᠷᠤᠯᠲᠠ ᠶᠢᠨ ᠭᠠᠵᠠᠷ ᠲᠠᠷᠢᠶᠠᠨ ᠤ ᠳᠠᠷᠤᠭ᠎ᠠ ᠶᠢᠨ ᠬᠢᠨᠠᠨ

ᠰᠢᠯᠭᠠᠯᠲᠠ ᠱᠠᠩᠨᠠᠯ ᠲᠤᠷᠭᠠᠭᠤᠯᠢ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠭᠠᠵᠠᠷ ᠲᠠᠷᠢᠶᠠᠨ ᠤ ᠳᠠᠷᠤᠭ᠎ᠠ ᠲᠤᠤᠷᠵᠢᠯ ᠤᠨ ᠬᠠᠮᠢᠶᠠᠷᠤᠯᠲᠠ ᠶᠢᠨ ᠭᠠᠵᠠᠷ

ᠲᠠᠷᠢᠶᠠᠨ ᠤ ᠳᠠᠷᠤᠭ᠎ᠠ ᠶᠢᠨ ᠠᠰᠠᠭᠤᠳᠠᠯ ᠢ ᠮᠡᠳᠡᠭᠦᠯᠬᠦ ᠠᠷᠭ᠎ᠠ ᠵᠠᠮ ᠢ ᠪᠠᠶᠢᠭᠤᠯᠤᠨ᠎ᠠ︔ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠲᠠᠷᠢᠶᠠᠨ

ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠠᠵᠢᠯ ᠢ ᠱᠠᠭᠠᠷᠳᠠᠨ ᠵᠢᠯᠥᠭᠤᠳᠬᠤ ᠶᠢ ᠬᠠᠷᠢᠭᠤᠴᠠᠨ᠎ᠠ︔ ᠲᠠᠷᠢᠶᠠᠨ

ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠬᠤ ᠶᠢ ᠵᠤᠬᠢᠶᠠᠨ

ᠪᠠᠶᠢᠭᠤᠯᠤᠨ᠎ᠠ︔ ᠭᠠᠵᠠᠷ ᠲᠠᠷᠢᠶᠠᠨ ᠤ ᠳᠠᠷᠤᠭ᠎ᠠ ᠪᠠ ᠲᠤᠤᠷᠵᠢᠯ ᠬᠠᠮᠢᠶᠠᠷᠤᠯᠲᠠ ᠶᠢᠨ ᠭᠠᠵᠠᠷ ᠲᠠᠷᠢᠶᠠᠨ ᠤ ᠳᠠᠷᠤᠭ᠎ᠠ ᠶᠢᠨ ᠪᠤᠯᠪᠠᠰᠤᠷᠠᠯ ᠬᠢᠨ᠎ᠡ︔ ᠲᠠᠷᠢᠶᠠᠨ ᠭᠠᠵᠠᠷ ᠢ

ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠲᠦᠷᠢᠮ ᠤᠨ ᠠᠵᠢᠯ ᠤᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠲᠠᠷᠢᠶᠠᠨ ᠭᠠᠵᠠᠷ ᠢ

ᠬᠠᠮᠠᠭᠠᠯᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠎ᠡ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶

᠎ ᠶᠢᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠭᠠᠵᠠᠷ ᠲᠠᠷᠢᠶᠠᠨ ᠤ ᠳᠠᠷᠤᠭ᠎ᠠ ᠶᠢᠨ ᠲᠦᠷᠢᠮ ᠢ ᠥᠷᠨᠢᠭᠦᠯᠦᠭᠰᠡᠨ ᠪᠠᠶᠢᠳᠠᠯ ᠢ ᠬᠢᠨᠠᠨ ᠰᠢᠯᠭᠠᠨ᠎ᠠ︔ ᠬᠠᠷᠢᠶ᠎ᠠ

ᠣᠷᠣᠨ ᠤ ᠳᠣᠲᠣᠷᠠᠬᠢ ᠡᠯ᠎ᠡ ᠲᠥᠷᠥᠯ ᠤᠨ ᠬᠠᠤᠯᠢ ᠠᠴᠠ ᠵᠥᠷᠢᠴᠡᠨ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ

ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠪᠣᠳᠠᠲᠠᠶ ᠴᠡᠭᠴᠡᠯᠡᠨ ᠰᠠᠶᠢᠵᠢᠷᠠᠭᠤᠯᠤᠨ᠎ᠠ᠃ ᠲᠠᠷᠢᠶᠠᠨ

ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠳᠣᠲᠣᠷ᠎ᠠ᠂ ᠭᠠᠴᠠᠭ᠎ᠠ ᠲᠣᠰᠬᠤᠨ ᠪᠠ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ

ᠢᠯᠡᠷᠬᠡᠶ ᠣᠷᠣᠨ ᠪᠠᠶᠢᠷᠢ ᠳᠤ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠲᠦᠷᠢᠮ ᠤᠨ ᠲᠡᠮᠳᠡᠭ ᠫᠠᠶᠢᠰᠠ ᠭᠠᠷᠭᠠᠵᠤ᠂ ᠨᠥᠬᠦᠪᠦᠷᠢ

ᠲᠠᠷᠢᠶᠠᠨ ᠭᠠᠵᠠᠷ ᠤᠨ ᠲᠥᠷᠥᠯ ᠵᠦᠢᠯ ᠳᠤ ᠨᠥᠬᠦᠪᠥᠷᠢ ᠲᠠᠷᠢᠶᠠᠨ ᠭᠠᠵᠠᠷ ᠤᠨ ᠲᠥᠷᠥᠯ ᠵᠦᠢᠯ ᠤᠨ ᠢᠯᠡ ᠨᠡᠶᠢᠲᠡᠯᠡᠬᠦ ᠫᠠᠶᠢᠰᠠ ᠭᠠᠷᠭᠠᠵᠤ᠂ ᠭᠠᠵᠠᠷ ᠲᠠᠷᠢᠶᠠᠨ ᠤ

ᠳᠠᠷᠤᠭ᠎ᠠ ︵ᠲᠣᠣᠷᠵᠢᠯ ᠬᠠᠮᠢᠶᠠᠷᠤᠯᠲᠠ ᠶᠢᠨ ᠭᠠᠵᠠᠷ ᠲᠠᠷᠢᠶᠠᠨ ᠤ ᠳᠠᠷᠤᠭ᠎ᠠ︶᠎ ᠶᠢᠨ ᠬᠠᠮᠵᠢᠨ ᠬᠠᠷᠠᠵᠤ ᠬᠠᠮᠠᠭᠠᠯᠠᠬᠤ ᠪᠠ ᠨᠡᠶᠢᠭᠡᠮ ᠤᠨ ᠬᠢᠨᠠᠯᠲᠠ ᠲᠠᠯᠪᠢᠬᠤ ᠳᠤ

ᠲᠥᠬᠦᠮ ᠪᠣᠯᠭᠠᠨ᠎ᠠ︔ ᠠᠯᠤᠰ ᠰᠡᠷᠡᠯ ᠤᠨ ᠲᠤᠭ᠎ᠠ ᠪᠠᠷᠢᠮᠲᠠ᠂ ᠲᠡᠮᠦᠷ ᠰᠤᠪᠤᠷᠭ᠎ᠠ ᠶᠢᠨ ᠸᠢᠳᠢᠣ᠋᠂ ᠵᠢᠯᠣᠭᠤᠴᠢ ᠥᠬᠡᠶ ᠨᠢᠰᠬᠡᠯ ᠵᠡᠷᠭᠡ ᠰᠢᠨᠵᠢᠯᠡᠬᠦ ᠤᠬᠠᠭᠠᠨ

ᠮᠡᠷᠭᠡᠵᠢᠯ ᠤᠨ ᠴᠢᠳᠠᠪᠤᠷᠢ ᠶᠢ ᠠᠰᠢᠭᠯᠠᠨ᠂ ᠮᠡᠳᠡᠭᠡ ᠵᠠᠩᠭᠢᠵᠢᠯᠲᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ

ᠲᠠᠷᠢᠶᠠᠨ ᠭᠠᠵᠠᠷ ᠲᠤ ᠪᠥᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃

     ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠨᠢ ᠬᠤᠰᠢᠭᠤ ᠱᠠᠲᠤᠨ ᠤ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠲᠦᠷᠢᠮ

᠎ ᠤᠨ ᠬᠡᠷᠡᠭᠵᠢᠭᠦᠯᠬᠦ ᠠᠷᠭ᠎ᠠ ᠶᠢᠨ ᠰᠠᠭᠤᠷᠢᠨ ᠳᠡᠭᠡᠷ᠎ᠡ᠂ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠬᠢᠨᠠᠨ ᠰᠢᠯᠭᠠᠯᠲᠠ ᠱᠠᠩᠨᠠᠯ ᠲᠤᠷᠭᠠᠭᠤᠯᠢ

᠎ ᠶᠢᠨ ᠠᠷᠭ᠎ᠠ ᠬᠡᠮᠵᠢᠶ᠎ᠡ ᠪᠠ ᠬᠠᠮᠢᠶᠠᠷᠴᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ

ᠭᠠᠵᠠᠷ ᠲᠠᠷᠢᠶᠠᠨ ᠤ ᠳᠠᠷᠤᠭ᠎ᠠ ᠶᠢᠨ ᠲᠦᠷᠢᠮ ᠤᠨ ᠬᠠᠮᠢᠶ᠎ᠠ ᠪᠥᠬᠦᠶ ᠠᠵᠢᠯ ᠢ ᠰᠠᠶᠢᠲᠤᠷ ᠬᠢᠨ᠎ᠠ︔ ᠭᠠᠵᠠᠷ ᠲᠠᠷᠢᠶᠠᠨ ᠤ ᠳᠠᠷᠤᠭ᠎ᠠ ᠪᠣᠯᠤᠨ ᠲᠤᠤᠷᠵᠢᠯ ᠬᠠᠮᠢᠶᠠᠷᠤᠯᠲᠠ

᠎ ᠶᠢᠨ ᠭᠠᠵᠠᠷ ᠲᠠᠷᠢᠶᠠᠨ ᠤ ᠳᠠᠷᠤᠭ᠎ᠠ ᠶᠢ ᠲᠣᠭᠲᠠᠭᠠᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠤᠨ᠎ᠠ︔ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ

ᠳᠠᠷᠤᠭ᠎ᠠ ᠶᠢᠨ ᠲᠦᠷᠢᠮ ᠤᠨ ᠠᠵᠢᠯ ᠢ ᠬᠠᠷᠢᠭᠤᠴᠠᠬᠤ ᠰᠠᠯᠠᠭ᠎ᠠ ᠮᠥᠴᠢᠷ ᠪᠠ ᠠᠵᠢᠯᠲᠠᠨ ᠢ ᠲᠣᠳᠣᠷᠬᠠᠶ ᠲᠤᠭᠲᠠᠭᠠᠨ᠎ᠠ︔ ᠲᠠᠷᠢᠶᠠᠨ ᠭᠠᠵᠠᠷ ᠪᠠ ᠡᠭᠦᠷᠢᠳᠡ ᠶᠢᠨ

ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠬᠤ ᠶᠢ ᠵᠣᠬᠢᠶᠠᠨ ᠪᠠᠶᠢᠭᠤᠯᠤᠨ᠎ᠠ︔ ᠭᠠᠵᠠᠷ

ᠲᠠᠷᠢᠶᠠᠨ ᠤ ᠳᠠᠷᠤᠭ᠎ᠠ ᠶᠢᠨ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠠᠵᠢᠯ ᠢ ᠥᠷᠨᠢᠭᠦᠯᠵᠦ ᠪᠠᠶᠢᠭ᠎ᠠ

ᠪᠠᠶᠢᠳᠠᠯ ᠳᠤ ᠡᠳᠦᠷ ᠲᠤᠲᠤᠮ ᠤᠨ ᠬᠢᠨᠠᠯᠲᠠ ᠲᠠᠯᠪᠢᠯᠲᠠ ᠪᠠ ᠵᠢᠯ ᠤᠨ ᠬᠢᠨᠠᠨ ᠰᠢᠯᠭᠠᠯᠲᠠ ᠬᠢᠨ᠎ᠠ︔ ᠬᠠᠤᠯᠢ ᠪᠤᠰᠤ ᠪᠠᠷ ᠲᠠᠷᠢᠶᠠᠨ ᠭᠠᠵᠠᠷ ᠪᠠ ᠡᠭᠦᠷᠢᠳᠡ ᠶᠢᠨ

ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂

ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠨ᠎ᠠ︔ ᠲᠠᠷᠢᠶᠠᠨ ᠭᠠᠵᠠᠷ ᠢ ᠨᠥᠬᠦᠪᠥᠷᠢᠯᠡᠬᠦ ᠵᠦᠢᠯᠡᠰ ᠤᠨ ᠬᠠᠮᠢᠶᠠᠷᠤᠯᠲᠠ

ᠬᠠᠮᠠᠭᠠᠯᠠᠯᠲᠠ ᠶᠢ ᠴᠢᠩᠭᠠᠳᠬᠠᠨ᠎ᠠ︔ ᠭᠤᠤᠯ ᠬᠠᠷᠢᠭᠤᠴᠠᠯᠭᠠᠲᠠᠨ ᠨᠢ ᠲᠣᠭᠲᠠᠮᠠᠯ ᠬᠤᠭᠤᠴᠠᠭ᠎ᠠ ᠲᠠᠢ ᠪᠠᠷ ᠭᠠᠵᠠᠷ ᠲᠠᠷᠢᠶᠠᠨ ᠤ ᠳᠠᠷᠤᠭ᠎ᠠ ᠶᠢᠨ ᠬᠤᠷᠠᠯ ᠢ

ᠬᠤᠷᠠᠯᠳᠤᠭᠤᠯᠵᠤ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠰᠢᠭᠤ ᠲᠤᠭᠤᠷᠢᠭ ᠲᠤ ᠲᠠᠷᠢᠶᠠᠨ ᠭᠠᠵᠠᠷ ᠪᠠ

ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠪᠠᠶᠢᠳᠠᠯ ᠢ ᠬᠠᠷᠢᠭᠤ ᠮᠡᠳᠡᠭᠦᠯᠵᠦ᠂ ᠠᠵᠢᠯ ᠤᠨ ᠰᠠᠨᠠᠭᠤᠯᠭ᠎ᠠ ᠪᠠ ᠰᠢᠢᠳᠪᠦᠷᠢᠯᠡᠬᠦ ᠴᠢᠬᠤᠯᠠᠲᠠᠶ

ᠠᠰᠠᠭᠤᠳᠠᠯ ᠢ ᠳᠤᠷᠠᠳᠤᠨ᠎ᠠ᠃

     ︵ᠭᠤᠷᠪᠠ ︶ ᠰᠢᠯᠭᠠᠨ ᠬᠢᠨᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠲᠦᠷᠢᠮ ᠤᠨ

ᠠᠵᠢᠯ ᠢ ᠬᠡᠷᠡᠭᠵᠢᠭᠦᠯᠦᠭᠰᠡᠨ ᠪᠠᠶᠢᠳᠠᠯ ᠢ ᠡᠯ᠎ᠡ ᠱᠠᠲᠤᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠲᠤᠭᠲᠠᠯᠴᠠᠭ᠎ᠠ ᠳᠤ

ᠣᠷᠣᠭᠤᠯᠵᠤ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠨᠠᠷᠢᠯᠢᠬᠵᠢᠭᠤᠯᠤᠨ᠂ ᠬᠢᠨᠠᠨ ᠰᠢᠯᠭᠠᠭᠰᠠᠨ ᠦᠷ᠎ᠡ ᠳ᠋ᠦᠩ ᠨᠢ ᠲᠠᠷᠢᠶᠠᠨ ᠭᠠᠵᠠᠷ ᠢ ᠬᠠᠮᠠᠭᠠᠯᠠᠬᠤ ᠭᠠᠵᠠᠷ

ᠲᠠᠷᠢᠶᠠᠨ ᠤ ᠳᠠᠷᠤᠭ᠎ᠠ ᠶᠢᠨ ᠲᠦᠷᠢᠮ ᠤᠨ ᠠᠵᠢᠯ ᠤᠨ ᠦᠷ᠎ᠡ ᠪᠦᠲᠦᠮᠵᠢ ᠶᠢ ᠦᠨᠡᠨ ᠪᠣᠳᠠᠲᠠᠶ ᠪᠠᠷ ᠲᠤᠰᠬᠠᠵᠤ ᠴᠢᠳᠠᠬᠤ ᠶᠢ ᠦᠨᠡᠨ ᠬᠦ ᠪᠠᠲᠤᠯᠠᠨ᠎ᠠ᠃ ᠡᠯ᠎ᠡ

ᠬᠤᠰᠢᠭᠤ ᠲᠣᠭᠤᠷᠢᠭ ᠨᠢ ᠬᠠᠷᠢᠶ᠎ᠠ ᠣᠷᠣᠨ ᠤ ᠳᠣᠲᠣᠷᠠᠬᠢ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠲᠦᠷᠢᠮ ᠤᠨ ᠰᠢᠯᠭᠠᠨ ᠬᠢᠨᠠᠬᠤ

ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠶᠢᠨ ᠬᠠᠮᠲᠤ ᠲᠠᠷᠢᠶᠠᠨ ᠭᠠᠵᠠᠷ ᠢ ᠬᠠᠮᠠᠭᠠᠯᠠᠬᠤ ᠲᠠᠷᠢᠶᠠᠨ ᠭᠠᠵᠠᠷ ᠤᠨ ᠳᠠᠷᠤᠭ᠎ᠠ ᠶᠢᠨ ᠲᠦᠷᠢᠮ ᠢ

ᠰᠢᠯᠭᠠᠨ ᠬᠢᠨᠠᠭᠰᠠᠨ ᠦᠷ᠎ᠡ ᠳ᠋ᠦᠩ ᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢᠨ

ᠰᠢᠯᠭᠠᠨ ᠬᠢᠨᠠᠯᠲᠠ ᠳᠤ ᠣᠷᠣᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠭᠠᠴᠠᠭ᠎ᠠ ᠲᠣᠰᠬᠤᠨ ᠤ ᠲᠠᠷᠢᠶᠠᠨ ᠭᠠᠵᠠᠷ ᠢ ᠬᠠᠮᠠᠭᠠᠯᠠᠬᠤ ᠭᠠᠵᠠᠷ

ᠲᠠᠷᠢᠶᠠᠨ ᠤ ᠳᠠᠷᠤᠭ᠎ᠠ ᠶᠢᠨ ᠳᠦᠷᠢᠮ ᠤᠨ ᠠᠵᠢᠯ ᠤᠨ ᠬᠢᠨᠠᠨ ᠰᠢᠯᠭᠠᠯᠲᠠ ᠶᠢ ᠭᠠᠴᠠᠭ᠎ᠠ ᠲᠣᠰᠬᠤᠨ ᠤ ᠲᠡᠷᠢᠭᠦᠨ ᠤ ᠬᠢ ᠵᠢᠴᠢ ᠰᠢᠯᠢᠳᠡᠭ ᠢ ᠰᠣᠩᠭᠤᠬᠤ ᠪᠠ

ᠲᠣᠰᠬᠤᠨ ᠤ ᠶᠠᠪᠤᠳᠠᠯ ᠤᠨ ᠠᠵᠢᠯᠲᠠᠨ ᠳᠤ ᠲᠤᠰᠠᠯᠠᠮᠵᠢ ᠣᠯᠭᠤᠬᠤ ᠱᠠᠩᠨᠠᠨ ᠵᠠᠯᠬᠠᠭᠠᠬᠤ ᠶᠠᠪᠤᠳᠠᠯ ᠯᠤᠭ᠎ᠠ ᠬᠤᠯᠪᠤᠭᠳᠠᠭᠤᠯᠤᠨ᠎ᠠ᠃

     ︵ᠳᠥᠷᠪᠡ︶ ᠬᠢᠨᠠᠯᠲᠠ ᠬᠠᠮᠢᠶᠠᠷᠤᠯᠲᠠ ᠶᠢᠨ ᠲᠤᠭᠲᠠᠯᠴᠠᠭ᠎ᠠ ᠶᠢ ᠪᠦᠷᠢᠨᠰᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠶ ᠵᠡᠷᠭᠡ

ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠲᠦᠷᠢᠮ ᠤᠨ ᠠᠵᠢᠯ

᠎ ᠢ ᠬᠠᠤᠯᠢ ᠬᠡᠷᠡᠭᠵᠢᠭᠦᠯᠦᠨ ᠲᠣᠭᠤᠷᠢᠨ ᠪᠠᠶᠢᠴᠠᠭᠠᠬᠤ ᠠᠵᠢᠯ ᠯᠤᠭ᠎ᠠ ᠤᠶᠠᠯᠳᠤᠭᠤᠯᠵᠤ᠂ ᠭᠠᠵᠠᠷ ᠲᠠᠷᠢᠶᠠᠨ ᠤ ᠳᠠᠷᠤᠭ᠎ᠠ ᠯᠤᠭ᠎ᠠ ᠢᠳᠡᠪᠬᠢᠲᠡᠢ ᠵᠤᠯᠭᠠᠭᠤᠯᠵᠤ᠂

ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠶᠢᠭᠤᠯᠬᠤ᠂ ᠨᠠᠭᠤᠷ ᠮᠠᠯᠲᠠᠵᠤ ᠦᠵᠡᠮᠵᠢ ᠭᠠᠷᠭᠠᠬᠤ ᠵᠡᠷᠭᠡ ᠲᠠᠷᠢᠶᠠᠨ ᠭᠠᠵᠠᠷ ᠪᠠ ᠡᠭᠦᠷᠢᠳᠡ ᠶᠢᠨ

ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠤ ᠡᠪᠳᠡᠭᠰᠡᠨ ︽ᠲᠠᠷᠢᠶᠠᠯᠠᠩ ᠤᠨ ᠪᠤᠰᠤ ᠪᠣᠯᠭᠠᠬᠤ︾ ᠦᠢᠯᠡ ᠠᠵᠢᠯᠯᠠᠭ᠎ᠠ ᠶᠢ ᠡᠷᠲᠡᠬᠡᠨ ᠢᠯᠡᠷᠡᠭᠦᠯᠵᠦ᠂

ᠲᠠᠷᠢᠶᠠᠨ ᠭᠠᠵᠠᠷ ᠢ ᠠᠲᠠᠷᠰᠢᠭᠤᠯᠬᠤ ᠪᠠ ᠲᠠᠷᠢᠶᠠᠨ ᠭᠠᠵᠠᠷ ᠤᠨ ᠲᠠᠷᠢᠮᠠᠯ ᠤᠨ ᠪᠦᠲᠦᠴᠡ ᠶᠢ ᠬᠤᠪᠢᠷᠠᠭᠤᠯᠵᠤ ᠠᠮᠤ ᠪᠤᠳᠠᠭ᠎ᠠ ᠲᠠᠷᠢᠬᠤ ᠦᠭᠡᠢ ︽ᠠᠮᠤ ᠪᠤᠳᠠᠭᠠᠨ ᠤ

ᠪᠤᠰᠤ ᠪᠣᠯᠭᠠᠬᠤ︾ ᠦᠵᠡᠭᠳᠡᠯ ᠢ ᠴᠠᠭ ᠲᠤᠬᠠᠶ ᠳᠤᠨᠢ ᠵᠠᠯᠠᠷᠠᠭᠤᠯᠤᠨ᠎ᠠ᠃ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠣᠯᠵᠤ ᠮᠡᠳᠡᠪᠡᠯ᠂ ᠪᠠᠶᠢᠭᠠᠯᠢ ᠶᠢᠨ

ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠵᠡᠷᠭᠡ ᠨᠢᠭᠲᠠ ᠬᠠᠮᠵᠢᠯᠴᠠᠨ᠂

ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃

      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ

     ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ ᠲᠠᠷᠢᠶᠠᠨ ᠭᠠᠵᠠᠷ ᠢ ᠬᠠᠮᠠᠭᠠᠯᠠᠬᠤ ᠭᠠᠵᠠᠷ

ᠲᠠᠷᠢᠶᠠᠨ ᠤ ᠳᠠᠷᠤᠭ᠎ᠠ ᠶᠢᠨ ᠲᠦᠷᠢᠮ ᠢ ᠪᠠᠶᠢᠭᠤᠯᠬᠤ ᠪᠠ ᠬᠡᠷᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠤᠯ ᠬᠠᠷᠢᠭᠤᠴᠠᠯᠭᠠᠲᠠᠨ ᠲᠠᠷᠢᠶᠠᠨ

ᠭᠠᠵᠠᠷ ᠢ ᠬᠠᠮᠠᠭᠠᠯᠠᠬᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠡᠭᠦᠷᠭᠡᠯᠡᠵᠦ᠂ ᠬᠢᠨᠠᠨ ᠵᠢᠯᠣᠭᠤᠳᠬᠤ ᠪᠠᠨ ᠴᠢᠩᠭᠠᠳᠬᠠᠨ᠂ ᠬᠠᠷᠢᠭᠤᠴᠠᠯᠭ᠎ᠠ ᠶᠢ

ᠪᠣᠳᠠᠲᠠᠶᠢᠵᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠲᠦᠷᠢᠮ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ

ᠬᠤᠭᠤᠴᠠᠭ᠎ᠠ ᠲᠠᠢ ᠪᠠᠷ ᠲᠤᠬᠢᠷᠠᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠲᠦᠷᠢᠮ ᠤᠨ ᠠᠵᠢᠯ ᠢ ᠡᠮᠬᠢ ᠵᠢᠷᠤᠮ ᠲᠠᠢ

ᠠᠬᠢᠭᠤᠯᠵᠤ᠂ ᠪᠦᠲᠦᠮᠵᠢᠲᠡᠶ ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃

     ︵ᠬᠤᠶᠠᠷ︶ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠬᠢᠭᠡᠳ ᠵᠠᠷᠤᠯᠭ᠎ᠠ ᠶᠢᠨ

ᠬᠠᠷᠢᠭᠤᠴᠠᠯᠭ᠎ᠠ ᠶᠢ ᠬᠠᠷᠢᠯᠴᠠᠨ ᠵᠣᠬᠢᠴᠠᠭᠤᠯᠬᠤ ᠵᠠᠷᠴᠢᠮ ᠶᠣᠰᠣᠭᠠᠷ᠂ ᠠᠵᠢᠯ ᠤᠨ ᠵᠠᠷᠤᠳᠠᠯ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠷᠮᠠᠰᠢᠭᠤᠯᠬᠤ ᠪᠠᠯᠠ

ᠮᠥᠩᠭᠦ ᠵᠡᠷᠭᠡ ᠶᠢ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂  ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠲᠦᠷᠢᠮ ᠤᠨ

ᠠᠵᠢᠯ ᠤᠨ ᠤᠷᠤᠭᠰᠢᠲᠠᠶ ᠥᠷᠨᠢᠬᠦ ᠶᠢ ᠪᠠᠲᠤᠯᠠᠬᠤ ᠬᠡᠷᠡᠭᠲᠡᠶ᠃ ᠬᠤᠲᠠ ᠶᠢᠨ ᠱᠠᠲᠤᠨ ᠤ ᠡᠳ᠋ ᠤᠨ ᠵᠠᠰᠠᠭ ᠠᠴᠠ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ

᠎ ᠤ ᠳᠠᠷᠤᠭ᠎ᠠ ᠶᠢᠨ ᠳᠦᠷᠢᠮ ᠤᠨ ᠤᠬᠠᠭᠤᠯᠬᠤ ᠵᠠᠷᠤᠳᠠᠯ ᠪᠠ ᠲᠠᠷᠢᠶᠠᠨ ᠭᠠᠵᠠᠷ ᠢ ᠬᠠᠮᠠᠭᠠᠯᠠᠬᠤ ᠤᠷᠮᠠᠰᠢᠭᠤᠯᠬᠤ ᠪᠡᠯᠡ ᠮᠥᠩᠭᠦ ᠶᠢ ᠲᠣᠬᠢᠷᠠᠭᠤᠯᠵᠤ᠂ ᠡᠯ᠎ᠡ ᠬᠤᠰᠢᠭᠤ

ᠲᠣᠭᠤᠷᠢᠭ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ ᠳᠦᠷᠢᠮ ᠤᠨ ᠠᠵᠢᠯ ᠤᠨ ᠵᠠᠷᠤᠳᠠᠯ ᠢ ᠬᠠᠷᠢᠭᠤᠴᠠᠨ ᠲᠣᠬᠢᠷᠠᠭᠤᠯᠵᠤ᠂ ᠡᠯ᠎ᠡ

ᠵᠦᠢᠯ ᠤᠨ ᠤᠷᠮᠠᠰᠢᠭᠤᠯᠬᠤ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ

ᠲᠣᠰᠬᠤᠨ ᠳᠤ ᠬᠢᠵᠠᠭᠠᠷᠯᠠᠬᠤ ᠪᠠ ᠱᠠᠩᠨᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠣᠯᠤᠨ᠎ᠠ᠃

     ︵ᠭᠤᠷᠪᠠ︶ ᠱᠠᠩᠨᠠᠯ ᠲᠤᠷᠭᠠᠭᠤᠯᠢ ᠶᠢᠨ ᠲᠣᠭᠲᠠᠴᠠ ᠶᠢ ᠪᠦᠷᠢᠨᠰᠢᠬᠦᠯᠦᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠭᠠᠵᠠᠷ ᠲᠠᠷᠢᠶᠠᠨ ᠤ ᠳᠠᠷᠤᠭ᠎ᠠ ᠶᠢᠨ

ᠲᠦᠷᠢᠮ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠤᠲᠠ ᠶᠢᠨ ᠱᠠᠲᠤᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠷᠮᠠᠰᠢᠭᠤᠯᠬᠤ ᠪᠠᠯᠠ ᠮᠥᠩᠭᠦ ᠶᠢ

ᠦᠨᠡᠯᠡᠨ ᠲᠣᠭᠲᠠᠭᠠᠬᠤ ᠲᠠᠢ ᠬᠤᠯᠪᠣᠭᠳᠠᠭᠤᠯᠤᠨ᠎ᠠ᠃ ᠲᠠᠷᠢᠶᠠᠨ ᠭᠠᠵᠠᠷ ᠢ ᠬᠠᠮᠠᠭᠠᠯᠠᠬᠤ  ᠭᠠᠵᠠᠷ ᠲᠠᠷᠢᠶᠠᠨ ᠤ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ

ᠠᠵᠢᠯ ᠢ ᠨᠡᠯᠢᠶᠡᠳ ᠰᠠᠶᠢᠲᠤᠷ ᠪᠡᠶᠡᠯᠡᠭᠦᠯᠦᠭᠰᠡᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ᠵᠢᠴᠢ ᠭᠠᠵᠠᠷ ᠲᠠᠷᠢᠶᠠᠨ ᠤ ᠳᠠᠷᠤᠭ᠎ᠠ ︵

ᠲᠤᠤᠷᠵᠢᠯ ᠬᠠᠮᠢᠶᠠᠷᠤᠯᠲᠠ ᠶᠢᠨ ᠭᠠᠵᠠᠷ ᠲᠠᠷᠢᠶᠠᠨ ᠤ ᠳᠠᠷᠤᠭ᠎ᠠ︶᠎ ᠶᠢ ᠨᠡᠶᠢᠲᠡᠯᠡᠨ ᠰᠠᠶᠢᠰᠢᠶᠠᠵᠤ᠂ ᠠᠵᠢᠯ ᠳᠠᠭᠠᠨ ᠬᠦᠴᠦᠨ ᠥᠬᠡᠶ᠂ ᠬᠠᠰᠢ ᠶᠠᠰᠢ ᠪᠠᠷ ᠠᠷᠭᠠᠴᠠᠵᠤ᠂

ᠠᠰᠠᠭᠤᠳᠠᠯ ᠲᠣᠪᠤᠶᠢᠮ᠎ᠠ ᠪᠠᠶᠢᠭ᠎ᠠ ᠶᠢ ᠨᠢ ᠨᠡᠶᠢᠲᠡᠯᠡᠨ ᠰᠢᠭᠦᠮᠵᠢᠯᠡᠬᠦ ᠶᠢᠨ ᠬᠠᠮᠲᠤ ᠴᠠᠭ ᠲᠤᠨᠢ ᠪᠣᠯᠵᠣᠨ ᠶᠠᠷᠢᠯᠴᠠᠨ᠎ᠠ᠃

     ︵ᠳᠥᠷᠪᠡ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠤᠬᠠᠭᠤᠯᠭ᠎ᠠ ᠶᠢᠨ ᠡᠷᠴᠢᠮ ᠢ

ᠴᠢᠩᠭᠠᠷᠠᠭᠤᠯᠵᠤ᠂ ᠰᠣᠨᠢᠨ᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ ᠥᠷᠭᠡᠨ ᠢᠶᠠᠷ ᠤᠬᠠᠭᠤᠯᠵᠤ᠂ ᠪᠥᠬᠦ ᠨᠡᠶᠢᠭᠡᠮ ᠢᠶᠠᠷ ᠢᠶᠠᠨ ᠲᠠᠷᠢᠶᠠᠨ

ᠭᠠᠵᠠᠷ ᠤᠨ ᠬᠠᠮᠠᠭᠠᠯᠠᠯᠲᠠ ᠶᠢ ᠬᠠᠯᠠᠮᠵᠢᠯᠠᠨ ᠳᠡᠮᠵᠢᠵᠤ᠂ ᠣᠷᠣᠯᠴᠠᠬᠤ ᠪᠠ ᠬᠢᠨᠠᠯᠲᠠ ᠲᠠᠯᠪᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠨ᠎ᠠ᠃

 

ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ