ᠳ᠋ᠦ᠋ ᠬᠤᠢ ᠯᠢᠶᠠᠩ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶᠎ ᠶᠢᠨ ᠵᠠᠬᠢᠷᠤᠯ ᠯᠢᠦ ᠪᠥᠸᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/16
    7 ᠰᠠᠷ᠎ᠠ ᠶᠢᠨ 15᠎ ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶᠎ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠯᠢᠦ ᠪᠥᠸᠧ ᠨᠡᠷ ᠲᠠᠢ ᠠᠭᠤᠯᠵᠠᠪᠠ᠃
图片1.png
    ᠳ᠋ᠦ᠋ ᠬᠤᠢ ᠯᠢᠶᠠᠩ᠂ ᠤᠷᠳᠤᠰ ᠶᠠᠭ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠬᠤᠷᠠᠯ ᠪᠠ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠣᠭᠤᠮᠲᠠ ᠰᠢᠪᠲᠤᠯᠬᠤ︾ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠦᠨ ᠪᠤᠵᠠᠭᠠᠶᠢᠷᠠᠭᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢ ᠰᠡᠷᠭᠦᠭᠡᠨ ᠵᠠᠰᠠᠬᠤ᠂ ᠭᠦᠨ ᠳᠠᠪᠬᠤᠷᠭ᠎ᠠ ᠶᠢᠨ ᠡᠨᠧᠷᠭᠢ ᠶᠢᠨ ᠠᠰᠢᠭᠯᠠᠯᠲᠠ ᠵᠡᠷᠭᠡ ᠬᠦᠷᠢᠶᠡᠨ ᠤ ᠲᠣᠭᠤᠷᠢᠨ ᠳᠤ ᠲᠥᠯᠥᠪᠵᠢᠭᠦᠯᠭᠡ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠲᠡᠰ ᠳᠡᠪᠰᠢᠬᠦ᠂ ᠰᠢᠨ᠎ᠡ ᠶᠢ ᠡᠭᠦᠳᠬᠦ ᠬᠡᠯᠬᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ ᠶᠢᠨ ᠠᠭᠤᠰᠤᠯᠴᠠᠯ᠂ ᠤᠯᠠᠨ ᠤᠯᠤᠰ ᠤᠨ ᠬᠠᠮᠲᠤᠷᠠᠯᠴᠠᠨ ᠰᠤᠷᠭᠠᠭᠤᠯᠢ ᠡᠷᠬᠢᠯᠡᠬᠦ ᠵᠡᠷᠭᠡ ᠲᠠᠯ᠎ᠠ ᠪᠠᠷ ᠭᠠᠷ ᠬᠤᠯᠪᠣᠨ ᠬᠠᠮᠲᠤᠪᠠᠷ ᠤᠷᠤᠭᠰᠢᠯᠠᠵᠤ᠂ ︽ᠴᠡᠭ︾᠎ ᠢᠶᠠᠷ ᠰᠢᠪᠲᠤᠯᠤᠯᠲᠠ ᠬᠢᠵᠤ ︽ᠨᠡᠶᠢᠳᠡᠮ︾᠎ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠲᠠᠶᠢᠴᠢᠯᠠᠵᠤ᠂ ᠤᠷᠳᠤᠰ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠲᠡᠢ ᠲᠤᠯᠭᠠᠭᠤᠷᠢᠯᠠᠯ ᠬᠠᠩᠭᠠᠬᠤ ᠶᠢ ᠬᠦᠰᠡᠵᠦ ᠪᠠᠶᠢᠨ᠎ᠠ ᠭᠡᠪᠡ᠃    ᠯᠢᠦ ᠪᠥᠸᠧ᠂ ᠣᠷᠳᠣᠰ ᠬᠢᠭᠡᠳ ᠳᠤᠮᠳᠠᠳᠤ ᠤᠯᠤᠰ ᠤᠨ ᠠᠭᠤᠷᠬᠠᠶ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶᠎ ᠶᠢᠨ ᠬᠠᠮᠲᠤᠷᠠᠯᠴᠠᠭ᠎ᠠ ᠶᠢᠨ ᠰᠠᠭᠤᠷᠢ ᠭᠦᠨ ᠵᠤᠵᠠᠭᠠᠨ᠂ ᠠᠮᠵᠢᠯᠲᠠ ᠪᠦᠲᠦᠮᠵᠢ ᠡᠯᠪᠡᠭ ᠪᠠᠶᠢᠵᠤ᠂ ᠠᠯᠤᠰ ᠢᠷᠡᠭᠡᠳᠦᠢ ᠥᠷᠭᠡᠨ ᠠᠭᠤᠳᠠᠮ ᠪᠠᠶᠢᠨ᠎ᠠ᠂ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠨ ᠬᠥᠮᠦᠵᠢᠯ᠂ ᠴᠢᠳᠠᠪᠤᠷᠢᠲᠠᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠳᠣᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠪᠡ᠃    ᠬᠤᠲᠠ ᠶᠢᠨ ᠤᠳᠤᠷᠢᠳᠤᠯᠭ᠎ᠠ ᠵᠠᠩ ᠰᠢᠤ ᠯᠢᠩ ᠣᠷᠣᠯᠴᠠᠵᠠᠶ᠃ 
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ