ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠬᠠᠷᠠᠮᠥ᠋ᠷᠡᠨ ᠮᠤᠵᠢ ᠳᠤ ᠳᠡᠯᠭᠡᠭᠳᠡᠯ᠎ᠡ
ᠨᠡᠶᠢᠲᠡᠯᠡᠭᠰᠡᠨ ᠴᠠᠭ᠄
2024/7/16
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠲᠦᠷᠦᠭᠦᠬᠡᠨ ᠪᠦᠯᠭᠦᠮ ᠪᠠᠶᠢᠭᠤᠯᠤᠨ ︽ᠦᠩᠰᠢᠭ ᠰᠠᠶᠢᠬᠠᠨ ᠳᠥᠷᠪᠡᠨ ᠤᠯᠠᠷᠢᠯ︾ ᠬᠠᠷᠠᠮᠥ᠋ᠷᠡᠨ ᠮᠤᠵᠢ ᠶᠢᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠰᠢᠯᠦᠭ ᠤᠨ ᠴᠤᠭᠯᠠᠭᠠᠨ ᠵᠢᠴᠢ ᠵᠡᠭᠦᠨ ᠬᠤᠶᠢᠲᠤ ᠣᠷᠣᠨ ᠪᠡᠭᠡᠵᠢᠩ ᠲᠢᠶᠠᠨᠵᠢᠨ ᠣᠷᠣᠨ ᠤ ᠰᠣᠶᠣᠯ ᠤᠨ ᠴᠤᠭᠯᠠᠭᠠᠨ ᠳᠤ ᠤᠷᠤᠯᠴᠠᠵᠦ᠂ ᠮᠣᠩᠭᠤᠯ ᠰᠡᠶᠢᠯᠪᠦᠷᠢ ᠰᠡᠶᠢᠯᠦᠮᠡᠯ ᠪᠠ ᠵᠢᠷᠭᠤᠭᠠᠯᠵᠢᠨ ᠳᠡᠷ᠎ᠡ ᠬᠢᠬᠦ ᠤᠷ᠎ᠠ ᠮᠡᠷᠭᠡᠵᠢᠯ ᠢ ᠦᠵᠡᠭᠦᠯᠵᠦ᠂ ᠥᠪᠥᠷ ᠮᠣᠩᠭᠤᠯ ᠤᠨ ᠪᠣᠳᠠᠰ ᠤᠨ ᠰᠣᠶᠣᠯ ᠤᠨ ᠥᠪ ᠤᠨ ᠤᠷ᠎ᠠ ᠮᠡᠷᠭᠡᠵᠢᠯ ᠵᠢᠴᠢ ᠰᠣᠶᠣᠯ ᠤᠨ ᠤᠳᠬ᠎ᠠ ᠠᠭᠤᠯᠬᠤᠨ ᠢ ᠤᠯᠠᠨ ᠳᠤ ᠬᠠᠷᠠᠭᠤᠯᠵᠠᠢ᠃     ᠲᠣᠰ ᠤᠳᠠᠭ᠎ᠠ ᠶᠢᠨ ᠠᠵᠢᠯᠯᠠᠭ᠎ᠠ ᠶᠢᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠬᠯᠠᠯᠲᠠ ᠳᠤ ᠰᠢᠯᠦᠭ ᠳᠠᠭᠤᠯᠠᠯ᠂ ᠡᠷᠲᠡᠨ ᠤ ᠰᠢᠯᠦᠭ ᠤᠶᠠᠩᠭᠠᠯᠠᠨ ᠳᠠᠭᠤᠯᠠᠬᠤ᠂ ᠰᠢ ᠳᠠᠭᠤᠤᠷᠢᠯᠢᠭ᠂ ᠪᠥᠵᠢᠭ᠂ ᠬᠥᠭᠵᠢᠮ᠂ ᠲᠣᠭᠤᠷᠢᠨ ᠲᠣᠭᠯᠠᠬᠤ ᠵᠡᠷᠭᠡ ᠤᠷᠠᠨ ᠰᠠᠶᠢᠬᠠᠨ ᠤ ᠲᠣᠬᠯᠠᠯᠲᠠ ᠨᠤᠭᠤᠳ ᠶᠠᠪᠤᠭᠳᠠᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠡᠷᠬᠢᠮᠰᠦᠭ ᠴᠤᠭᠯᠠᠭᠠᠨ ᠳᠤ ᠬᠠᠷᠠᠮᠥ᠋ᠷᠡᠨ᠂ ᠥᠪᠥᠷ ᠮᠣᠩᠭᠤᠯ᠂ ᠪᠡᠭᠡᠵᠢᠩ᠂ ᠲᠢᠶᠠᠨᠵᠢᠨ᠂ ᠭᠢᠷᠢᠨ᠂ ᠯᠢᠶᠣᠤᠨᠢᠩ ᠵᠡᠷᠭᠡ ᠭᠠᠵᠠᠷ ᠤᠨ ᠥᠪᠡᠷᠮᠢᠴᠡ ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ᠂ ᠪᠣᠳᠠᠰ ᠤᠨ ᠪᠤᠰᠤ ᠰᠣᠶᠣᠯ ᠤᠨ ᠥᠪ᠂ ᠠᠮᠲᠠᠲᠤ ᠢᠳᠡᠭᠡᠨ ᠵᠢᠴᠢ ᠲᠠᠷᠢᠶᠠᠯᠠᠩ ᠤᠨ ᠣᠨᠴᠠ ᠪᠦᠲᠦᠭᠡᠭᠳᠡᠬᠦᠨ ᠢ ᠲᠥᠪᠯᠡᠷᠡᠭᠦᠯᠦᠨ ᠦᠵᠡᠭᠦᠯᠪᠠ; ᠬᠤᠷᠰᠢᠯᠴᠠᠬᠤ ᠮᠠᠶ᠋ᠢᠭ ᠤᠨ ᠰᠣᠶᠣᠯ ᠤᠨ ᠪᠡᠶᠡᠴᠢ ᠣᠶᠢᠯᠠᠭᠠᠯᠲᠠ ᠳᠤ ᠶᠠᠲᠤᠭ᠎ᠠ᠂ ᠴᠠᠢ ᠶᠢᠨ ᠤᠷᠠᠯᠢᠭ ᠤᠨ ᠦᠵᠡᠭᠦᠯᠭᠡ ᠵᠢᠴᠢ ᠪᠡᠶᠡᠴᠢᠯᠡᠨ ᠣᠶᠢᠯᠠᠭᠠᠯᠲᠠ᠂ ᠦᠨᠦᠷᠲᠦ ᠬᠠᠪᠲᠠᠭ᠎ᠠ ᠬᠠᠳᠬᠤᠮᠠᠯᠯᠠᠬᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠵᠠᠩ ᠳᠠᠳᠬᠠᠯ ᠤᠨ ᠮᠡᠳᠡᠯᠭᠡ ᠎ ᠶᠢ ᠰᠣᠷᠢᠨ ᠰᠢᠯᠭᠠᠬᠤ᠂ ᠰᠢᠯᠦᠭ ᠴᠡᠭᠡᠵᠢᠯᠡᠬᠦ᠂ ᠰᠢᠯᠦᠭ ᠤᠨ ᠬᠠᠪᠲᠠᠰᠤ ᠪᠢᠴᠢᠬᠦ᠂ ᠳᠡᠪᠦᠷ᠎ᠡ ᠰᠢᠳᠡᠬᠦ᠂ ᠭᠡᠷᠡᠯ ᠵᠢᠷᠤᠭ ᠠᠪᠬᠤ ᠵᠡᠷᠭᠡ ᠠᠵᠢᠯᠯᠠᠭ᠎ᠠ ᠥᠷᠨᠢᠭᠦᠯᠵᠦ᠂ ᠭᠦᠨᠵᠡᠭᠡᠢ ᠪᠡᠶᠡᠴᠢᠯᠡᠨ ᠣᠶᠢᠯᠠᠭᠠᠯᠲᠠ ᠶᠢᠨ ᠮᠠᠶ᠋ᠢᠭ ᠤᠨ ᠤᠷᠠᠯᠢᠭ ᠤᠨ ᠲᠣᠬᠯᠠᠯᠲᠠ ᠳᠤ ᠮᠣᠷᠢᠨ ᠬᠤᠭᠤᠷ᠂ ᠮᠣᠩᠭᠤᠯ ᠦᠨᠳᠦᠰᠦᠲᠡᠨ ᠤ ᠪᠥᠵᠢᠭ᠂ ᠰᠣᠯᠣᠩᠭᠤᠰ ᠦᠨᠳᠦᠰᠦᠲᠡᠨ ᠤ ᠪᠥᠵᠢᠭ ᠵᠡᠷᠭᠡ ᠣᠨᠴᠠᠯᠢᠭᠲᠤ ᠬᠠᠮᠲᠤ ᠶᠢᠨ ᠰᠣᠶᠣᠯ ᠤᠨ ᠠᠵᠢᠯᠯᠠᠭ᠎ᠠ ᠶᠠᠪᠤᠭᠤᠯᠵᠤ᠂ ᠬᠠᠷᠪᠢᠨ ᠬᠤᠳᠠ ᠶᠢᠨ ᠰᠠᠭᠤᠭᠠᠯᠢ ᠠᠷᠠᠳ ᠬᠢᠭᠡᠳ ᠬᠦᠷᠦᠯᠴᠡᠨ ᠢᠷᠡᠭᠰᠡᠨ ᠵᠢᠭᠤᠯᠴᠢᠯᠠᠬᠰᠠᠳ ᠲᠤ ᠡᠯ᠎ᠡ ᠭᠠᠵᠠᠷ ᠤᠨ ᠰᠣᠶᠣᠯ ᠤᠷᠠᠯᠢᠭ ᠪᠠ ᠵᠠᠩ ᠳᠠᠳᠬᠠᠯ ᠢ ᠣᠶᠢᠯᠠᠭᠠᠭᠤᠯᠵᠤ᠂ ᠲᠤᠮᠳᠠᠳᠦ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠭᠠᠶᠢᠬᠠᠮᠰᠢᠭ ᠢ ᠬᠠᠷᠠᠭᠤᠯᠤᠭᠰᠠᠨ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ