ᠣᠷᠳᠣᠰ ᠤᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/7/16

ᠤᠷᠳᠤᠰ ᠵᠠᠰᠠᠭ ᠲᠠᠷᠬᠠᠭᠠᠭᠰᠠᠨ ﹇2024﹈ 19 ᠳ᠋ᠦ᠋ᠭᠡᠷ ᠲᠤᠭᠠᠳᠤ

ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ

ᠬᠠᠷᠢᠶ᠎ᠠ ᠨᠢᠭᠡᠴᠢ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄

     ︽ᠣᠷᠳᠣᠰ ᠤᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ

︵ᠲᠤᠷᠰᠢᠨ ᠬᠡᠷᠡᠭᠵᠢᠭᠦᠯᠬᠦ︶︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ

ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃

                                                            ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ

                                                              2024 ᠣᠨ ᠤ 3 ᠳ᠋ᠤᠭᠠᠷ ᠰᠠᠷ᠎ᠠ ᠶᠢᠨ 4 ᠤ ᠡᠳᠦᠷ

ᠣᠷᠳᠣᠰ ᠤᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ︵

ᠲᠤᠷᠰᠢᠨ ᠬᠡᠷᠡᠭᠵᠢᠭᠦᠯᠬᠦ︶

     ᠣᠷᠳᠣᠰ ᠤᠨ ᠲᠤᠷᠰᠢᠯᠲᠠ ᠶᠢᠨ ᠲᠠᠰᠤᠭ ᠪᠣᠯ ᠮᠠᠨ ᠤ ᠬᠤᠲᠠ ᠶᠢᠨ ᠪᠠᠶᠢᠭᠤᠯᠤᠭᠰᠠᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠠᠷ

ᠭᠤᠤᠯ ᠰᠢᠪᠲᠤᠯᠤᠯᠲᠠ ᠶᠢᠨ ᠴᠢᠭᠯᠡᠯ ᠪᠣᠯᠭᠠᠭᠰᠠᠨ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠮᠥᠨ ᠪᠣᠯᠬᠤ ᠪᠦᠭᠡᠳ ᠥᠪᠡᠷᠲᠡᠭᠡᠨ ᠵᠠᠰᠠᠬᠤ

ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠨ ᠪᠠᠶᠢᠭᠤᠯᠤᠭᠰᠠᠨ ᠠᠩᠬᠠᠳᠠᠭᠴᠢ ᠪᠦᠯᠦᠭ ᠥᠪᠥᠷ ᠮᠣᠩᠭᠤᠯ ᠤᠨ ᠲᠤᠷᠰᠢᠯᠲᠠ ᠶᠢᠨ ᠲᠠᠰᠤᠭ ᠶᠤᠮ᠃

ᠥᠨᠳᠥᠷ ᠪᠠᠷᠢᠮᠵᠢᠶ᠎ᠠ᠂ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢᠲᠡᠶ ᠪᠠᠷ ᠣᠷᠳᠣᠰ ᠤᠨ ᠲᠤᠷᠰᠢᠯᠲᠠ ᠶᠢᠨ ᠲᠠᠰᠤᠭ ︵ᠳᠣᠷᠣᠭᠰᠢ ᠲᠤᠷᠰᠢᠯᠲᠠ ᠶᠢᠨ ᠲᠠᠰᠤᠭ

ᠭᠡᠵᠦ ᠲᠣᠪᠴᠢᠯᠠᠨ᠎ᠠ︶ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠤᠰᠠᠳᠠ᠂ ︽︿ᠥᠪᠥᠷ ᠮᠣᠩᠭᠤᠯ ᠤᠨ ᠲᠤᠷᠰᠢᠯᠲᠠ ᠶᠢᠨ ᠲᠠᠰᠤᠭ ᠢ ᠪᠠᠶᠢᠭᠤᠯᠬᠤ

ᠠᠵᠢᠯ ᠤᠨ ᠵᠢᠯᠣᠭᠤᠳᠤᠮᠵᠢ ︵ᠲᠤᠷᠰᠢᠨ ᠬᠡᠷᠡᠭᠵᠢᠭᠦᠯᠬᠦ︶﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 27 ᠳ᠋ᠤᠭᠠᠷ ᠲᠣᠭᠠᠲᠤ︶᠂ ︽

ᠣᠷᠳᠣᠰ ᠤᠨ ᠲᠤᠷᠰᠢᠯᠲᠠ ᠶᠢᠨ ᠲᠠᠰᠤᠭ ᠥᠪᠥᠷ ᠮᠣᠩᠭᠤᠯ ᠤᠨ ᠲᠤᠷᠰᠢᠯᠲᠠ ᠶᠢᠨ ᠲᠠᠰᠤᠭ ᠪᠠᠶᠢᠭᠤᠯᠬᠤ ᠶᠢ ᠵᠥᠪᠰᠢᠶᠡᠷᠡᠬᠦ ᠲᠤᠬᠠᠶ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ︾ ︵ᠥᠪᠥᠷ ᠵᠠᠰᠠᠭ ᠦᠰᠦᠭᠲᠦ ﹇2023﹈ 113 ᠳ᠋ᠤᠭᠠᠷ ᠲᠣᠭᠠᠲᠤ︶ ᠢ

ᠦᠨᠳᠦᠰᠦᠯᠡᠨ᠂ ᠳᠣᠤᠷᠠᠬᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃

     ᠨᠢᠭᠡ᠂ ᠴᠢᠳᠠᠪᠤᠷᠢᠲᠠᠨ ᠢ ᠥᠪᠡᠷᠲᠡᠭᠡᠨ ᠣᠷᠣᠭᠤᠯᠤᠨ ᠠᠪᠴᠢᠷᠠᠵᠤ ᠰᠣᠩᠭᠤᠨ ᠤᠷᠢᠬᠤ ᠶᠢ ᠳᠡᠮᠵᠢᠨ᠎ᠡ᠃ ᠳᠡᠭᠡᠳᠦ ᠲᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ

ᠴᠢᠳᠠᠪᠤᠷᠢᠲᠠᠨ ᠵᠢᠴᠢ ᠪᠦᠯᠬᠦᠮ ᠢ  ᠦᠷᠭᠦᠯᠵᠢᠯᠡᠨ ᠣᠷᠤᠭᠤᠯᠤᠨ ᠠᠪᠴᠢᠷᠠᠨ᠎ᠠ᠃ ᠲᠤᠷᠰᠢᠯᠲᠠ ᠶᠢᠨ ᠲᠠᠰᠤᠭ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ 10

ᠨᠡᠷᠡᠰ ᠠᠴᠠ ᠳᠡᠭᠡᠭᠰᠢᠬᠢ ᠠᠵᠢᠯ ᠲᠥᠷᠥᠯ ᠤᠨ ᠨᠥᠯᠥᠭᠡᠯᠡᠬᠦ ᠬᠦᠴᠦᠨ ᠲᠠᠢ ᠳᠠᠭᠠᠭᠤᠯᠤᠭᠴᠢ ᠴᠢᠳᠠᠪᠤᠷᠢᠲᠠᠨ ᠢ ᠥᠪᠡᠷᠲᠡᠭᠡᠨ ᠰᠣᠩᠭᠤᠨ ᠤᠷᠢᠬᠤ ᠶᠢ ᠵᠥᠪᠰᠢᠶᠡᠷᠡᠵᠦ

᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠪᠦᠯᠬᠦᠮ ᠤᠨ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠭᠡᠵᠦ᠂ ᠨᠡᠭᠡᠭᠡᠯᠲᠡᠲᠡᠶ᠂ ᠰᠢᠯᠵᠢᠮᠡᠯ᠂

ᠥᠷᠢᠰᠦᠯᠳᠦᠭᠡᠨ ᠲᠠᠢ᠂ ᠬᠠᠮᠵᠢᠯᠴᠠᠭᠰᠠᠨ ᠬᠥᠮᠦᠨ ᠬᠡᠷᠡᠭᠯᠡᠬᠦ ᠲᠣᠭᠲᠠᠴᠠ ᠬᠢᠭᠡᠳ ᠤᠷᠢᠬᠤ ᠬᠤᠭᠤᠴᠠᠭ᠎ᠠ ᠶᠢ ᠪᠣᠯᠵᠣᠨ ᠲᠣᠭᠲᠠᠭᠠᠬᠤ ᠲᠣᠭᠲᠠᠴᠠ ᠶᠢ ᠪᠠᠶᠢᠭᠤᠯᠤᠨ᠎ᠠ᠃

︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶

     ᠬᠤᠶᠠᠷ᠂ ᠴᠠᠯᠢᠩ ᠬᠥᠯᠥᠰᠥ ᠶᠢᠨ ᠬᠠᠮᠢᠶᠠᠷᠤᠯᠲᠠ ᠶᠢᠨ ᠡᠷᠬᠡ ᠣᠯᠭᠤᠨ᠎ᠠ᠃ ᠲᠤᠷᠰᠢᠯᠲᠠ ᠶᠢᠨ ᠲᠠᠰᠤᠭ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ

ᠪᠠᠶᠢᠭᠤᠯᠤᠮᠵᠢ ᠶᠢᠨ ᠠᠵᠢᠯᠯᠠᠭᠠᠨ ᠤ ᠵᠠᠭᠪᠤᠷ ᠶᠣᠰᠣᠭᠠᠷ᠂ ᠵᠢᠯ ᠤᠨ ᠴᠠᠯᠢᠩ ᠤᠨ ᠲᠦᠷᠢᠮ᠂ ᠬᠡᠯᠡᠯᠴᠡᠭᠡᠷ ᠲᠣᠭᠲᠠᠭᠰᠠᠨ ᠴᠠᠯᠢᠩ᠂ ᠲᠥᠷᠥᠯ ᠵᠦᠢᠯ ᠤᠨ ᠴᠠᠯᠢᠩ ᠵᠡᠷᠭᠡ

ᠴᠠᠯᠢᠩ ᠬᠥᠯᠥᠰᠥ ᠶᠢᠨ ᠠᠷᠭ᠎ᠠ ᠮᠠᠶ᠋ᠢᠭ ᠢ ᠠᠪᠴᠤ᠂ ᠴᠢᠳᠠᠪᠤᠷᠢᠲᠠᠨ ᠤ ᠴᠠᠯᠢᠩ ᠬᠥᠯᠥᠰᠥ ᠶᠢᠨ ᠲᠥᠰᠦᠯ ᠢ ᠥᠪᠡᠷᠲᠡᠭᠡᠨ ᠵᠦᠶ ᠵᠣᠬᠢᠰᠲᠠᠶ ᠲᠣᠭᠲᠠᠭᠠᠵᠤ᠂ ᠳᠡᠭᠡᠳᠦ

ᠲᠠᠰ ᠳᠠᠪᠬᠤᠷᠭ᠎ᠠ ᠶᠢᠨ ᠣᠨᠴᠠᠭᠠᠶ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ

ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶

     ᠭᠤᠷᠪᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠤᠷᠮᠠᠰᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠲᠤᠷᠰᠢᠯᠲᠠ ᠶᠢᠨ

ᠲᠠᠰᠤᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠦᠷᠭᠦᠯᠵᠢᠯᠡᠨ ᠳᠡᠮᠵᠢᠬᠦ ᠪᠠᠨ ᠴᠢᠩᠭᠠᠳᠬᠠᠵᠤ᠂ ᠮᠡᠷᠭᠡᠵᠢᠯ ᠤᠨ ᠦᠷ᠎ᠡ ᠪᠦᠲᠦᠭᠡᠯ ᠢ

ᠨᠡᠭᠡᠭᠡᠨ ᠬᠡᠷᠡᠭᠯᠡᠬᠦ ᠶᠢ ᠭᠦᠨᠵᠡᠭᠡᠶᠢᠷᠡᠭᠦᠯᠵᠦ᠂ ᠡᠴᠦᠰ ᠲᠤ ᠪᠠᠨ ᠴᠢᠬᠤᠯᠠ ᠨᠥᠯᠥᠭᠡᠯᠡᠬᠦ ᠬᠦᠴᠦᠨ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ

ᠪᠤᠢ ᠪᠣᠯᠭᠠᠨ᠎ᠠ᠃ ᠠᠮᠵᠢᠯᠲᠠ ᠪᠦᠲᠦᠮᠵᠢ ᠯᠦᠭᠡ ᠬᠤᠯᠪᠣᠭᠳᠠᠭᠤᠯᠤᠭᠰᠠᠨ ᠦᠷ᠎ᠡ ᠪᠦᠲᠦᠭᠡᠯ ᠢ ᠤᠯᠠᠷᠢᠭᠤᠯᠬᠤ ᠤᠷᠮᠠᠰᠢᠭᠤᠯᠬᠤ ᠳᠦᠷᠢᠮ ᠢ ᠬᠡᠷᠡᠭᠵᠢᠭᠦᠯᠵᠦ᠂

ᠲᠤᠷᠰᠢᠯᠲᠠ ᠶᠢᠨ ᠲᠠᠰᠤᠭ ᠲᠤ ᠣᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠳᠤ ᠲᠤᠰᠬᠠᠶ ᠦᠨᠡᠯᠡᠯᠲᠡ ᠬᠢᠬᠦ ᠪᠠ ᠮᠡᠷᠭᠡᠵᠢᠯ ᠤᠨ ᠦᠨᠡᠯᠡᠨ

ᠲᠣᠭᠲᠠᠭᠠᠯᠲᠠ ᠬᠢᠭᠰᠡᠨ ᠰᠠᠭᠤᠷᠢᠨ ᠳᠡᠭᠡᠷ᠎ᠡ᠂ ᠲᠤᠷᠰᠢᠯᠲᠠ ᠶᠢᠨ ᠲᠠᠰᠤᠭ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠡᠶᠡᠯᠡᠭᠦᠯᠦᠭᠰᠡᠨ ᠬᠥᠮᠦᠨ ᠪᠤᠶᠤ

ᠪᠦᠯᠬᠦᠮ ᠯᠦᠭᠡ ᠪᠣᠯᠵᠣᠨ ᠲᠣᠭᠲᠠᠭᠰᠠᠨ ᠪᠠ ᠬᠤᠪᠢ ᠨᠡᠮᠡᠷᠢ ᠶᠢᠨ ᠡᠷᠬᠡ ᠶᠢᠨ ᠬᠠᠷᠢᠶ᠎ᠠ ᠵᠢᠴᠢ ᠠᠰᠢᠭ ᠣᠯᠵᠠᠪᠤᠷᠢ ᠬᠤᠪᠢᠶᠠᠷᠢᠯᠠᠬᠤ ᠲᠥᠰᠦᠯ ᠶᠣᠰᠤᠭᠠᠷ ᠰᠢᠨᠵᠢᠯᠡᠬᠦ

ᠤᠬᠠᠭᠠᠨ ᠤ ᠰᠤᠳᠤᠯᠤᠯ ᠤᠨ ᠠᠵᠢᠯᠲᠠᠨ ᠳᠤ ᠲᠤᠰᠢᠶᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠥᠮᠴᠢᠯᠡᠬᠦ ᠡᠷᠬᠡ ᠣᠯᠭᠤᠬᠤ ᠪᠤᠶᠤ 10

ᠵᠢᠯ ᠠᠴᠠ ᠳᠡᠭᠡᠭᠰᠢ ᠤᠷᠲᠤ ᠬᠤᠭᠤᠴᠠᠭ᠎ᠠ ᠪᠠᠷ ᠬᠡᠷᠡᠭᠯᠡᠬᠦ ᠡᠷᠬᠡ ᠣᠯᠭᠤᠵᠤ ᠪᠣᠯᠤᠨ᠎ᠠ᠃ ᠪᠥᠬᠦ ᠬᠤᠲᠠ ᠶᠢᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ

ᠬᠥᠲᠥᠯᠦᠨ ᠵᠢᠯᠣᠭᠤᠳᠬᠤ ᠰᠠᠭᠤᠷᠢ ᠮᠥᠩᠭᠦ ᠪᠠᠷ ᠲᠤᠷᠰᠢᠯᠲᠠ ᠶᠢᠨ ᠲᠠᠰᠤᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ

ᠤᠯᠠᠷᠢᠭᠤᠯᠬᠤ ᠶᠢ ᠳᠡᠮᠵᠢᠬᠦ ᠶᠢ ᠵᠣᠷᠢᠭᠵᠢᠭᠤᠯᠤᠨ᠎ᠠ᠃ ᠲᠤᠷᠰᠢᠯᠲᠠ ᠶᠢᠨ ᠲᠠᠰᠤᠭ ᠬᠢᠭᠡᠳ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ᠂ ᠵᠠᠪᠰᠠᠷ ᠤᠨ

ᠲᠤᠷᠰᠢᠯᠲᠠ ᠶᠢᠨ ᠰᠠᠭᠤᠷᠢᠨ ᠭᠠᠵᠠᠷ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠵᠡᠷᠭᠡ ᠯᠦᠭᠡ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠵᠦ᠂ ᠰᠢᠨᠵᠢᠯᠡᠬᠦ ᠤᠬᠠᠭᠠᠨ

ᠮᠡᠷᠭᠡᠵᠢᠯ ᠤᠨ ᠦᠷ᠎ᠡ ᠪᠦᠲᠦᠭᠡᠯ ᠢ ᠲᠤᠬᠠᠢ ᠶᠢᠨ ᠭᠠᠵᠠᠷ ᠲᠤᠨᠢ ᠨᠡᠪᠴᠢᠭᠦᠯᠦᠨ ᠤᠯᠠᠷᠢᠭᠤᠯᠬᠤ ᠶᠢ ᠠᠬᠢᠭᠤᠯᠤᠨ᠎ᠠ᠃ ᠨᠡᠪᠴᠢᠭᠦᠯᠬᠦ ᠺᠣᠮᠫᠠᠨᠢ ᠪᠣᠯᠤᠨ ᠰᠠᠭᠤᠷᠢ ᠮᠥᠩᠭᠦ

ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠤᠨ ᠬᠥᠷᠥᠩᠭᠡ ᠶᠢ ᠣᠷᠤᠭᠤᠯᠤᠨ ᠠᠪᠴᠢᠷᠠᠬᠤ ᠶᠢ ᠢᠳᠡᠪᠬᠢᠲᠡᠢ ᠰᠦᠪᠡᠭᠴᠢᠯᠡᠵᠦ᠂ ᠵᠠᠰᠠᠭ ᠤᠨ

ᠣᠷᠳᠣᠨ᠂ ᠰᠠᠯᠠᠭ᠎ᠠ ᠮᠥᠴᠢᠷ᠂ ᠠᠵᠤ ᠠᠬᠤᠶᠢᠯᠠᠯ ᠠᠴᠠ ᠨᠠᠶᠢᠲᠠᠨ ᠰᠤᠳᠤᠯᠠᠭᠤᠯᠬᠤ ᠰᠡᠳᠦᠪ ᠤᠨ ᠪᠡᠯᠡ ᠮᠥᠩᠭᠦ ᠶᠢ ᠮᠡᠷᠭᠡᠵᠢᠯ ᠤᠨ ᠦᠷ᠎ᠡ ᠪᠦᠲᠦᠭᠡᠯ ᠢ

ᠰᠢᠯᠵᠢᠭᠦᠯᠦᠨ ᠤᠯᠠᠷᠢᠭᠤᠯᠬᠤ ᠪᠠ ᠠᠵᠤ ᠦᠢᠯᠡᠰᠵᠢᠭᠦᠯᠬᠦ ᠳᠤ ᠬᠡᠷᠡᠭᠯᠡᠵᠦ ᠪᠣᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ

ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ

ᠬᠠᠮᠢᠶᠠᠷᠤᠯᠲᠠ ᠶᠢᠨ ᠵᠥᠪᠯᠡᠯ︶

     ᠳᠥᠷᠪᠡ᠂ ᠲᠣᠭᠲᠠᠪᠤᠷᠢᠲᠠᠢ ᠵᠠᠷᠤᠳᠠᠯ ᠶᠢᠨ ᠳᠡᠮᠵᠢᠯᠭᠡ ᠣᠯᠭᠤᠨ᠎ᠠ᠃ ᠲᠤᠷᠰᠢᠯᠲᠠ ᠶᠢᠨ ᠲᠠᠰᠤᠭ ᠤᠨ ᠵᠠᠷᠤᠳᠠᠯ ᠢ ᠥᠪᠡᠷᠲᠡᠭᠡᠨ ᠵᠠᠰᠠᠬᠤ ᠣᠷᠣᠨ ᠪᠠ

ᠬᠤᠲᠠ ᠶᠢᠨ ᠬᠤᠶᠠᠷ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠪᠠᠲᠤᠯᠠᠨ᠎ᠠ᠃ ᠪᠦᠲᠦᠭᠡᠨ ᠪᠠᠶᠢᠭᠤᠯᠬᠤ ᠲᠦᠷᠦᠭᠦᠦ ᠲᠠᠪᠤᠨ ᠵᠢᠯ ᠤᠨ ᠬᠤᠭᠤᠴᠠᠭ᠎ᠠ

︵2023 — 2027︶ ᠳᠤ᠂ ᠲᠤᠷᠰᠢᠯᠲᠠ ᠶᠢᠨ ᠲᠠᠰᠤᠭ ᠤᠨ ᠠᠬᠢᠭᠤᠯᠤᠭᠰᠠᠨ ᠪᠠᠶᠢᠳᠠᠯ ᠢ ᠦᠨᠳᠦᠰᠦᠯᠡᠨ᠂ ᠵᠢᠯ ᠪᠦᠷᠢ ᠠᠳᠠᠭ ᠲᠠᠭᠠᠨ 5 ᠳ᠋ᠦᠩᠰᠢᠭᠤᠷ

ᠲᠥᠭᠦᠷᠢᠭ ᠤᠨ ᠲᠤᠰᠬᠠᠢ ᠵᠦᠢᠯ ᠤᠨ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ ᠲᠤᠰᠬᠠᠶ ᠵᠠᠷᠤᠳᠠᠯ ᠤᠨ ᠲᠥᠰᠦᠪ ᠢ ᠲᠤᠷᠰᠢᠯᠲᠠ ᠶᠢᠨ ᠲᠠᠰᠤᠭ ᠠᠴᠠ ᠥᠪᠡᠷᠲᠡᠭᠡᠨ

ᠬᠡᠷᠡᠭᠵᠢᠭᠦᠯᠵᠦ᠂ ︽ᠲᠥᠰᠦᠪ + ᠨᠠᠵᠠᠭᠠᠶ ᠲᠠᠯ᠎ᠠ ᠶᠢᠨ ᠨᠠᠷᠢᠨ ᠲᠠᠩᠰᠠ︾ ᠶᠢᠨ ᠵᠠᠷᠤᠳᠠᠯ ᠤᠨ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠨ᠂ ᠵᠠᠷᠤᠳᠠᠯ ᠢ ᠬᠡᠷᠡᠭᠯᠡᠬᠦ

ᠴᠢᠭᠯᠡᠯ ᠢᠶᠠᠨ ᠥᠪᠡᠷᠲᠡᠭᠡᠨ ᠲᠣᠭᠲᠠᠭᠠᠵᠤ᠂ ᠲᠥᠷᠥᠯ ᠵᠦᠢᠯ ᠢ ᠰᠤᠳᠤᠯᠤᠨ ᠨᠡᠭᠡᠭᠡᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠦᠷ᠎ᠡ ᠪᠦᠲᠦᠭᠡᠯ ᠢ

ᠤᠯᠠᠷᠢᠭᠤᠯᠬᠤ᠂ ᠲᠠᠪᠴᠠᠩ ᠢ ᠪᠦᠲᠦᠭᠡᠨ ᠪᠠᠶᠢᠭᠤᠯᠬᠤ᠂ ᠠᠵᠤ ᠠᠬᠤᠶᠢᠯᠠᠯ ᠢ ᠨᠡᠪᠴᠢᠭᠦᠯᠬᠦ᠂ ᠦᠨᠳᠦᠰᠦᠨ ᠠᠵᠢᠯᠯᠠᠭᠠᠨ ᠵᠡᠷᠭᠡ ᠲᠠᠯ᠎ᠠ ᠳᠤ ᠬᠡᠷᠡᠭᠯᠡᠨ᠎ᠡ᠃ ︵

ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶

     ᠲᠠᠪᠤ᠂ ᠰᠠᠭᠤᠷᠢ ᠨᠥᠬᠦᠴᠡᠯ ᠢ ᠪᠠᠲᠤᠯᠠᠨ᠎ᠠ᠃ ᠪᠣᠳᠠᠲᠤ ᠬᠡᠷᠡᠭᠴᠡᠭᠡ ᠪᠠᠨ ᠦᠨᠳᠦᠰᠦᠯᠡᠨ᠂ ᠲᠤᠷᠰᠢᠯᠲᠠ ᠶᠢᠨ ᠲᠠᠰᠤᠭ ᠤᠨ ᠰᠢᠨᠵᠢᠯᠡᠬᠦ ᠤᠬᠠᠭᠠᠨ ᠤ

ᠰᠤᠳᠤᠯᠤᠯ ᠤᠨ ᠠᠯᠪᠠᠨ ᠳᠤ ᠬᠡᠷᠡᠭᠯᠡᠬᠦ ᠭᠡᠷ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠣᠮᠣ ᠬᠡᠯᠪᠡᠷᠢ ᠶᠢᠨ ᠲᠣᠨᠣᠭᠯᠠᠯ ᠢ ᠬᠤᠳᠠᠯᠳᠤᠨ ᠠᠪᠬᠤ᠂ ᠰᠢᠨᠵᠢᠯᠡᠬᠦ

ᠤᠬᠠᠭᠠᠨ ᠤ ᠰᠤᠳᠤᠯᠤᠯ ᠤᠨ ᠲᠣᠮᠣ ᠬᠡᠯᠪᠡᠷᠢ ᠶᠢᠨ ᠲᠠᠪᠴᠠᠩ ᠢ ᠪᠠᠶᠢᠭᠤᠯᠬᠤ ᠵᠡᠷᠭᠡ ᠲᠠᠯ᠎ᠠ ᠶᠢ ︽ᠨᠢᠭᠡ ᠬᠡᠷᠡᠭ ᠢ ᠨᠢᠭᠡ ᠵᠥᠪᠯᠡᠬᠦ︾ ᠪᠠᠷ ᠨᠢᠭᠡᠳᠦᠯᠲᠡᠶ ᠲᠥᠯᠥᠪᠯᠡᠨ

ᠳᠡᠮᠵᠢᠨ᠎ᠡ᠃ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠲᠤᠷᠰᠢᠯᠲᠠ ᠶᠢᠨ ᠲᠠᠰᠤᠭ ᠲᠤ ᠬᠡᠷᠡᠭᠯᠡᠭᠡᠨ ᠤ ᠲᠠᠯᠠᠪᠤᠷ ᠢ ᠪᠥᠬᠦ ᠲᠠᠯ᠎ᠠ ᠪᠠᠷ ᠨᠡᠭᠡᠭᠡᠬᠦ ᠶᠢ ᠵᠣᠷᠢᠭᠵᠢᠭᠤᠯᠵᠤ

᠂ ᠲᠤᠷᠰᠢᠯᠲᠠ ᠶᠢᠨ ᠲᠠᠰᠤᠭ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠪᠠ ᠮᠡᠷᠭᠡᠵᠢᠯ ᠤᠨ ᠬᠡᠷᠡᠭᠯᠡᠯᠲᠡ ᠶᠢ ᠳᠡᠯᠭᠡᠷᠡᠭᠦᠯᠬᠦ ᠶᠢ ᠳᠡᠮᠵᠢᠨ᠎ᠡ᠃ ᠲᠤᠷᠰᠢᠯᠲᠠ ᠶᠢᠨ

ᠲᠠᠰᠤᠭ ᠤᠨ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ᠂ ᠵᠡᠭᠦᠨᠭᠠᠷ ᠬᠤᠰᠢᠭᠤ᠂ ᠦᠦᠰᠢᠨ ᠬᠤᠰᠢᠭᠤ ᠵᠡᠷᠭᠡ

ᠭᠠᠵᠠᠷ ᠲᠤ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ

ᠪᠣᠯᠪᠠᠰᠤᠷᠠᠭᠤᠯᠤᠨ ᠤᠯᠠᠷᠢᠭᠤᠯᠬᠤ ᠳᠤ ᠰᠠᠭᠤᠷᠢ ᠨᠥᠬᠦᠴᠡᠯ ᠤᠨ ᠪᠠᠲᠤᠯᠠᠭ᠎ᠠ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ

ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ

ᠲᠣᠪᠴᠢᠶ᠎ᠠ᠂ ᠬᠤᠲᠠ ᠶᠢᠨ ᠡᠨᠧᠷᠭᠢ ᠶᠢᠨ ᠲᠣᠪᠴᠢᠶ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠷᠳᠣᠰ ᠤᠨ ᠳᠡᠭᠡᠳᠦ

ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠦᠦᠰᠢᠨ ᠬᠤᠰᠢᠭᠤᠨ ᠤ

ᠠᠷᠠᠳ ᠤᠨ ᠵᠠᠰᠠᠭ ᠤᠨ ᠣᠷᠳᠣᠨ︶

     ᠵᠢᠷᠭᠤᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠳᠡᠮᠵᠢᠯᠭᠡ ᠶᠢ ᠴᠢᠩᠭᠠᠳᠬᠠᠨ᠎ᠠ᠃ ᠲᠤᠷᠰᠢᠯᠲᠠ ᠶᠢᠨ ᠲᠠᠰᠤᠭ ᠤᠨ ᠤᠯᠤᠰ ᠪᠠ ᠥᠪᠡᠷᠲᠡᠭᠡᠨ ᠵᠠᠰᠠᠬᠤ

ᠣᠷᠣᠨ ᠤ ᠰᠢᠨ᠎ᠡ ᠶᠢ ᠡᠭᠦᠳᠬᠦ ᠲᠠᠪᠴᠠᠩ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠪᠠ ᠴᠢᠳᠠᠪᠤᠷᠢᠲᠠᠨ ᠤ ᠪᠦᠯᠬᠦᠮ ᠢ ᠭᠤᠶᠤᠴᠢᠯᠠᠨ ᠮᠡᠳᠡᠭᠦᠯᠬᠦ ᠶᠢ

ᠳᠡᠮᠵᠢᠨ᠎ᠡ᠃ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠤᠷᠰᠢᠯᠲᠠ ᠶᠢᠨ ᠲᠠᠰᠤᠭ ᠠᠴᠠ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ

ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠨᠳᠤᠯᠭ᠎ᠠ ᠲᠠᠢ ᠪᠠᠷ ᠡᠯᠰᠡᠨ ᠴᠤᠭᠯᠠᠭᠤᠯᠵᠤ ᠪᠣᠯᠤᠨ᠎ᠠ᠂ ᠨᠥᠬᠦᠴᠡᠯ ᠳᠤ ᠨᠡᠶᠢᠴᠡᠪᠡᠯ ᠰᠢᠯᠢᠳᠡᠭ ᠢ ᠨᠢ ᠰᠣᠩᠭᠤᠨ

ᠨᠠᠶᠢᠳᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠭᠦᠨ ᠢᠶᠠᠷ ᠲᠦᠷᠦᠭᠦᠯᠡᠭᠦᠯᠦᠨ ᠬᠤᠲᠠ ᠶᠢᠨ ᠱᠠᠲᠤᠨ ᠤ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ

ᠲᠥᠯᠥᠪᠯᠡᠭᠡ ᠶᠢᠨ ᠲᠥᠷᠥᠯ ᠵᠦᠢᠯ ᠢ ᠳᠠᠭᠠᠭᠠᠨ ᠡᠭᠦᠷᠭᠡᠯᠡᠭᠦᠯᠬᠦ ᠶᠢ ᠳᠡᠮᠵᠢᠨ᠎ᠡ︔ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ

ᠵᠦᠢᠯ ᠢ ᠵᠣᠯᠭᠠᠭᠤᠯᠤᠭᠰᠠᠨ ᠪᠣᠯ ᠲᠣᠭᠲᠠᠭᠠᠯ ᠶᠣᠰᠣᠭᠠᠷ ᠵᠣᠬᠢᠴᠠᠩᠭᠤᠶ ᠨᠥᠬᠦᠪᠥᠷᠢ ᠣᠯᠭᠤᠨ᠎ᠠ᠃ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠤᠨ

ᠠᠴᠢᠶᠠᠯᠠᠪᠤᠷᠢ ᠲᠤᠷᠰᠢᠯᠲᠠ ᠶᠢᠨ ᠲᠠᠰᠤᠭ ᠲᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠭᠠᠵᠢ ᠲᠥᠬᠦᠭᠡᠷᠦᠮᠵᠢ᠂ ᠲᠤᠭ᠎ᠠ ᠪᠠᠷᠢᠮᠲᠠ ᠶᠢᠨ ᠮᠠᠲ᠋ᠧᠷᠢᠶᠠᠯ ᠵᠡᠷᠭᠡ

ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠴᠢᠯᠦᠭᠡᠲᠡᠢ ᠨᠡᠭᠡᠭᠡᠵᠦ ᠬᠠᠮᠲᠤ ᠪᠠᠷ ᠡᠳ᠋ᠯᠡᠬᠦ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ

ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ

ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ

ᠪᠠᠲᠤᠯᠠᠭ᠎ᠠ ᠶᠢᠨ ᠲᠣᠪᠴᠢᠶ᠎ᠠ︶

     ᠳᠣᠯᠤᠭ᠎ᠠ᠂ ᠰᠢᠨ᠎ᠡ ᠶᠢ ᠡᠭᠦᠳᠬᠦ ᠠᠵᠢᠯ ᠤᠨ ᠪᠠᠶᠢᠷᠢ ᠶᠢ ᠥᠪᠡᠷᠲᠡᠭᠡᠨ ᠲᠣᠬᠢᠷᠠᠭᠤᠯᠬᠤ ᠶᠢ ᠳᠡᠮᠵᠢᠨ᠎ᠡ᠃ ᠬᠤᠲᠠ ᠶᠢᠨ ᠳᠣᠲᠤᠨ᠎ᠠ ᠭᠠᠳᠠᠨᠠᠬᠢ ᠶᠡᠭᠡ ᠳᠡᠭᠡᠳᠦ

ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠲᠤᠰᠬᠠᠶ

ᠮᠡᠷᠭᠡᠵᠢᠯ ᠤᠨ ᠠᠵᠢᠯᠲᠠᠨ ᠢ ︽ᠵᠡᠷᠭᠡᠪᠡᠷ ᠤᠷᠢᠬᠤ ᠲᠦᠷᠢᠮ︾ ᠢᠶᠠᠷ ᠳᠡᠮᠵᠢᠨ ᠲᠤᠷᠰᠢᠯᠲᠠ ᠶᠢᠨ ᠲᠠᠰᠤᠭ ᠲᠤ ᠲᠤᠰᠢᠶᠠᠯ ᠬᠠᠪᠰᠤᠷᠭᠠᠬᠤ ᠶᠢ ᠳᠡᠮᠵᠢᠵᠦ᠂ ᠠᠵᠢᠯᠲᠠᠨ ᠤ

ᠶᠠᠪᠤᠳᠠᠯ ᠤᠨ ᠬᠠᠷᠢᠴᠠᠭ᠎ᠠ ᠶᠢ ᠤᠤᠯ ᠤᠨ ᠨᠢᠭᠡᠴᠢ ᠳᠤ ᠪᠠᠨ ᠦᠯᠡᠳᠡᠭᠡᠵᠦ ᠪᠣᠯᠤᠨ᠎ᠠ᠂ ᠲᠤᠷᠰᠢᠯᠲᠠ ᠶᠢᠨ ᠲᠠᠰᠤᠭ ᠨᠢ ᠥᠪᠡᠷᠲᠡᠭᠡᠨ ᠳᠣᠲᠣᠭᠠᠳᠤ ᠶᠢᠨ ᠮᠡᠷᠭᠡᠵᠢᠯ ᠤᠨ

ᠴᠣᠯᠠ ᠶᠢ ᠬᠢᠨᠠᠨ ᠲᠣᠭᠲᠠᠭᠠᠵᠤ ᠪᠣᠯᠬᠤ ᠶᠢᠨ ᠬᠠᠮᠲᠤ ᠵᠣᠬᠢᠴᠠᠩᠭᠤᠶ ᠪᠦᠬᠦᠢ ᠴᠠᠯᠢᠩ ᠬᠥᠯᠥᠰᠥ ᠶᠢᠨ ᠲᠣᠭᠲᠠᠯᠴᠠᠭ᠎ᠠ ᠶᠢ ᠪᠠᠶᠢᠭᠤᠯᠵᠤ ᠪᠣᠯᠤᠨ᠎ᠠ᠃ ︵

ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ

ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ︶

     ᠨᠠᠢᠮᠠ᠂ ᠬᠠᠮᠵᠢᠯᠴᠠᠨ ᠰᠢᠨ᠎ᠡ ᠶᠢ ᠡᠭᠦᠳᠬᠦ ᠶᠢ ᠳᠡᠮᠵᠢᠨ᠎ᠡ᠃ ᠪᠦᠯᠬᠦᠮ ᠤᠨ ᠬᠥᠳᠡᠯᠦᠩᠭᠦᠶ ᠪᠠᠷ ᠣᠷᠣᠵᠤ ᠰᠠᠭᠤᠬᠤ ᠵᠠᠭᠪᠤᠷ ᠢ ᠬᠡᠷᠡᠭᠯᠡᠨ᠂ ᠤᠯᠤᠰ ᠤᠨ

ᠳᠣᠲᠣᠭᠠᠳᠤ ᠭᠠᠳᠠᠭᠠᠳᠤ ᠶᠢᠨ ᠰᠢᠯᠢᠳᠡᠭ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠢ ᠢᠳᠡᠪᠬᠢᠲᠡᠶ ᠪᠠᠷ ᠣᠷᠤᠭᠤᠯᠵᠤ ᠲᠤᠷᠰᠢᠯᠲᠠ ᠶᠢᠨ ᠲᠠᠰᠤᠭ ᠲᠤ ᠤᠷᠢᠨ

ᠰᠠᠭᠤᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠥᠷᠨᠢᠭᠦᠯᠦᠨ᠎ᠡ᠃ ᠲᠤᠷᠰᠢᠯᠲᠠ ᠶᠢᠨ ᠲᠠᠰᠤᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ

ᠵᠦᠭᠯᠡᠭᠦᠷ ᠢ ᠢᠯᠡ ᠪᠠᠷ ᠨᠡᠶᠢᠲᠡᠯᠡᠬᠦ ᠶᠢ ᠳᠡᠮᠵᠢᠵᠦ᠂ ᠪᠥᠬᠦ ᠤᠯᠤᠰ ᠤᠨ ᠨᠠᠷᠠᠲᠤ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ

ᠭᠠᠵᠠᠷ ᠲᠤ ᠬᠠᠨᠳᠤᠭᠤᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠨᠠᠭᠤᠯᠭ᠎ᠠ ᠶᠢᠨ ᠪᠢᠴᠢᠭ ᠢ ᠢᠯᠡ ᠪᠠᠷ ᠡᠯᠰᠡᠨ ᠴᠤᠭᠯᠠᠭᠤᠯᠵᠤ᠂ ᠢᠯᠡ ᠪᠠᠷ ᠬᠢᠨᠠᠨ

ᠲᠣᠭᠲᠠᠭᠠᠬᠤ ᠪᠠᠷ ᠳᠡᠮᠵᠢᠨ ᠰᠣᠩᠭᠤᠭᠳᠠᠨ ᠣᠷᠤᠭᠰᠠᠨ ᠲᠥᠷᠥᠯ ᠵᠦᠢᠯ ᠢ ᠲᠣᠭᠲᠠᠭᠠᠨ᠎ᠠ᠃ ᠰᠣᠩᠭᠤᠭᠳᠠᠨ ᠣᠷᠤᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ

ᠪᠦᠯᠬᠦᠮ ᠳᠤ ᠡᠮᠦᠨᠡᠬᠢ ᠬᠤᠭᠤᠴᠠᠭᠠᠨ ᠳᠤ ᠣᠷᠣᠵᠤ ᠰᠠᠭᠤᠭᠰᠠᠨ ᠪᠦᠯᠬᠦᠮ ᠯᠦᠭᠡ ᠠᠳᠠᠯᠢᠬᠠᠨ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠣᠯᠭᠤᠮᠵᠢ

ᠬᠦᠷᠲᠡᠭᠡᠵᠦ᠂ ᠠᠳᠠᠯᠢᠬᠠᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠲᠣᠭᠲᠠᠴᠠ᠂ ᠦᠷ᠎ᠡ ᠪᠦᠲᠦᠭᠡᠯ ᠢ ᠬᠤᠪᠢᠷᠠᠭᠤᠯᠬᠤ ᠲᠣᠭᠲᠠᠴᠠ ᠵᠢᠴᠢ ᠪᠤᠴᠠᠭᠠᠵᠤ ᠭᠠᠷᠭᠠᠬᠤ

ᠲᠣᠭᠲᠠᠴᠠ ᠶᠣᠰᠣᠭᠠᠷ ᠠᠵᠢᠯᠯᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶

     ᠶᠢᠰᠦ᠂ ᠠᠯᠳᠠᠭ᠎ᠠ ᠭᠠᠷᠭᠠᠬᠤ ᠶᠢ ᠠᠭᠤᠴᠢᠯᠠᠵᠤ ᠬᠠᠷᠢᠭᠤᠴᠠᠯᠭ᠎ᠠ ᠶᠢ ᠬᠡᠯᠲᠦᠷᠢᠭᠦᠯᠬᠦ ᠲᠣᠭᠲᠠᠴᠠ ᠶᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ

ᠬᠠᠶᠢᠨ ᠰᠦᠪᠡᠭᠴᠢᠯᠡᠬᠦ ᠴᠢᠨᠠᠷ ᠢᠶᠠᠷ ᠴᠢᠩᠭ᠎ᠠ᠂ ᠰᠢᠨ᠎ᠡ ᠶᠢ ᠡᠭᠦᠳᠬᠦ ᠲᠦᠭᠰᠢᠭᠦᠷᠢᠲᠦ ᠴᠢᠨᠠᠷ ᠢᠶᠠᠷ ᠥᠨᠳᠥᠷ ᠲᠤᠬᠠᠶᠢᠯᠠᠭᠰᠠᠨ ᠠᠵᠢᠯ ᠤᠨ ᠠᠵᠢᠯᠯᠠᠭ᠎ᠠ ᠵᠢᠴᠢ

ᠨᠡᠯᠢᠶᠡᠳ ᠰᠠᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠲᠠᠢ ᠮᠡᠷᠭᠡᠵᠢᠯ ᠢ ᠰᠣᠯᠢᠬᠤ ᠪᠠ ᠲᠣᠮᠤᠷᠠᠭᠤᠯᠬᠤ ᠲᠥᠷᠥᠯ ᠵᠦᠢᠯ ᠢ ᠲᠤᠷᠰᠢᠯᠲᠠ ᠶᠢᠨ ᠲᠠᠰᠤᠭ

ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠨᠢᠭᠡᠨᠲᠡ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠵᠦ᠂ ᠳᠣᠲᠣᠭᠠᠳᠤ ᠶᠢᠨ ᠡᠵᠡᠮᠳᠡᠯ ᠤᠨ

ᠲᠦᠷᠢᠮ ᠳᠤ ᠨᠡᠶᠢᠴᠡᠭᠰᠡᠨ ᠤᠷᠢᠲᠠᠯ ᠳᠣᠤᠷ᠎ᠠ᠂ ᠤᠷᠢᠳᠴᠢᠯᠠᠨ ᠮᠡᠳᠡᠬᠦ ᠶᠢᠨ ᠠᠷᠭ᠎ᠠ ᠥᠬᠡᠶ ᠰᠢᠯᠲᠠᠭᠠᠨ ᠵᠡᠷᠭᠡ ᠠᠴᠠ ᠪᠣᠯᠵᠣ ᠵᠢᠱᠢᠭᠰᠡᠨ ᠬᠠᠷᠠᠯᠲᠠ ᠳᠠᠭᠠᠨ ᠬᠦᠷᠴᠦ

ᠴᠢᠳᠠᠭᠰᠠᠨ ᠥᠬᠡᠶ ᠪᠣᠯ ᠬᠠᠷᠢᠭᠤᠴᠠᠯᠭ᠎ᠠ ᠶᠢ ᠨᠢ ᠬᠡᠯᠲᠦᠷᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ

     ᠠᠷᠪᠠ᠂ ᠠᠵᠢᠯ ᠤᠨ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ

ᠠᠵᠢᠯ ᠤᠨ ᠳᠤᠭᠤᠶᠢᠯᠠᠩ ᠢ ᠪᠠᠶᠢᠭᠤᠯᠵᠤ᠂ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠬᠤᠲᠠ᠂

ᠬᠤᠰᠢᠭᠤ ᠲᠣᠭᠤᠷᠢᠭ᠂ ᠬᠦᠷᠢᠶᠡᠯᠡᠩ ᠲᠣᠭᠤᠷᠢᠭ ᠤᠨ ᠬᠠᠮᠵᠢᠯᠴᠠᠭ᠎ᠠ ᠶᠢ ᠴᠢᠩᠭᠠᠳᠬᠠᠵᠤ᠂ ᠲᠤᠷᠰᠢᠯᠲᠠ ᠶᠢᠨ ᠲᠠᠰᠤᠭ ᠤᠨ ᠰᠠᠭᠤᠷᠢ ᠨᠥᠬᠦᠴᠡᠯ ᠤᠨ ᠪᠦᠲᠦᠭᠡᠨ

ᠪᠠᠶᠢᠭᠤᠯᠤᠯᠲᠠ ᠪᠠ ᠭᠠᠵᠠᠷ ᠬᠡᠷᠡᠭᠯᠡᠯᠲᠡ ︵ᠲᠠᠯᠠᠪᠤᠷ ᠭᠠᠵᠠᠷ︶ ᠶᠢ ᠪᠠᠲᠤᠯᠠᠬᠤ᠂ ᠡᠳ᠋ ᠤᠨ ᠵᠠᠰᠠᠭ ᠤᠨ ᠪᠡᠯᠡ ᠮᠥᠩᠭᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ

ᠪᠠ ᠬᠥᠮᠦᠵᠢᠭᠦᠯᠬᠦ᠂ ᠢᠵᠢ ᠪᠦᠷᠢᠳᠦᠭᠦᠯᠬᠦ ᠲᠥᠬᠦᠭᠡᠷᠦᠮᠵᠢ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠴᠢᠳᠠᠪᠤᠷᠢᠲᠠᠨ ᠤ ᠦᠷ᠎ᠡ ᠬᠡᠦᠬᠡᠳ ᠤᠨ ᠰᠤᠷᠭᠠᠭᠤᠯᠢ ᠳᠤ

ᠣᠷᠣᠬᠤ᠂ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ ᠵᠡᠷᠭᠡ ᠲᠠᠯ᠎ᠠ ᠪᠠᠷ ᠳᠡᠮᠵᠢᠯᠭᠡ ᠪᠠ ᠪᠠᠲᠤᠯᠠᠭ᠎ᠠ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄

ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶

    ᠲᠣᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠲᠤᠷᠰᠢᠨ ᠬᠡᠷᠡᠭᠵᠢᠭᠦᠯᠵᠦ᠂ ᠲᠤᠷᠰᠢᠨ ᠬᠡᠷᠡᠭᠵᠢᠭᠦᠯᠬᠦ

ᠬᠤᠭᠤᠴᠠᠭ᠎ᠠ ᠨᠢ ᠬᠤᠶᠠᠷ ᠵᠢᠯ ᠪᠣᠯᠤᠨ᠎ᠠ᠃

    ᠲᠣᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠲᠠᠶᠢᠯᠪᠤᠷᠢᠯᠠᠨ᠎ᠠ᠃

 

ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ