ᠣᠶ ᠰᠢᠭᠤᠶ ᠨᠤᠲᠤᠭ ᠪᠡᠯᠴᠢᠭᠡᠷ ᠲᠤ ᠭᠠᠯ ᠬᠤᠷᠢᠭᠯᠠᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠢᠭ
ᠨᠡᠶᠢᠲᠡᠯᠡᠭᠰᠡᠨ ᠴᠠᠭ᠄
2024/7/16

 ᠣᠷᠳᠣᠰ ᠵᠠᠰᠠᠭ ᠠᠯᠪᠠᠨ ᠲᠠᠷᠬᠠᠭᠠᠭᠰᠠᠨ ﹇2024﹈ 20 ᠳ᠋ᠤᠭᠠᠷ ᠲᠤᠭᠠᠲᠤ

 

     ᠣᠳᠣᠬᠠᠨ ᠳᠤ᠂ ᠮᠠᠨ ᠤ ᠬᠤᠲᠠ ᠨᠢᠭᠡᠨᠲᠡ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠬᠤᠭᠤᠴᠠᠭᠠᠨ ᠳᠤ ᠣᠷᠣᠪᠠ᠃ ᠪᠥᠬᠦ

ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠴᠢᠨᠠᠭᠰᠢᠳᠠ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ

ᠭᠠᠯ ᠤᠨ ᠠᠶᠤᠯ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ

ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠰᠠᠶᠢᠲᠤᠷ ᠬᠠᠮᠠᠭᠠᠯᠠᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ  ᠲᠦᠷᠢᠮ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ

ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 25 ᠳ᠋ᠤᠭᠠᠷ ᠲᠣᠭᠠᠲᠤ ᠠᠯᠪᠠᠨ ᠵᠠᠷ︶ ᠤᠨ ᠬᠤᠯᠪᠣᠭᠳᠠᠯ

ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠣᠶ ᠰᠢᠭᠤᠶ ᠨᠤᠲᠤᠭ ᠪᠡᠯᠴᠢᠭᠡᠷ ᠲᠤ ᠭᠠᠯ ᠬᠤᠷᠢᠭᠯᠠᠬᠤ

ᠵᠠᠷᠯᠢᠭ ᠢ ᠨᠡᠶᠢᠲᠡᠯᠡᠪᠡ᠃

     ᠨᠢᠭᠡ᠂ ᠣᠶ ᠰᠢᠭᠤᠶ ᠨᠤᠲᠤᠭ ᠪᠡᠯᠴᠢᠭᠡᠷ ᠲᠤ ᠭᠠᠯ ᠰᠡᠷᠭᠡᠶᠢᠯᠡᠬᠦ ᠬᠤᠭᠤᠴᠠᠭ᠎ᠠ ᠪᠠ ᠭᠠᠯ ᠬᠤᠷᠢᠭᠯᠠᠬᠤ ᠬᠤᠭᠤᠴᠠᠭ᠎ᠠ ᠶᠢ ᠲᠤᠳᠤᠷᠬᠠᠢ ᠲᠤᠭᠲᠠᠭᠠᠪᠠ᠄ ᠪᠥᠬᠦ

ᠬᠤᠲᠠ ᠶᠢᠨ ᠭᠠᠯ ᠰᠡᠷᠭᠡᠶᠢᠯᠡᠬᠦ ᠬᠤᠭᠤᠴᠠᠭ᠎ᠠ ᠨᠢ ᠲᠣᠰ ᠵᠢᠯ ᠤᠨ 9 ᠳ᠋ᠤᠭᠡᠷ ᠰᠠᠷ᠎ᠠ ᠶᠢᠨ 15 ᠤ ᠡᠳᠦᠷ ᠠᠴᠠ ᠳᠠᠷᠠᠭ᠎ᠠ ᠵᠢᠯ ᠤᠨ 6 ᠳ᠋ᠤᠭᠠᠷ ᠰᠠᠷ᠎ᠠ ᠶᠢᠨ 15 ᠤ

ᠡᠳᠦᠷ ᠪᠣᠯᠲᠠᠯ᠎ᠠ᠃ ᠪᠦᠬᠦ ᠬᠤᠲᠠ ᠶᠢᠨ ᠭᠠᠯ ᠬᠤᠷᠢᠭᠯᠠᠬᠤ ᠬᠤᠭᠤᠴᠠᠭ᠎ᠠ ᠨᠢ 3 ᠳ᠋ᠤᠭᠠᠷ ᠰᠠᠷ᠎ᠠ ᠶᠢᠨ 15 ᠤ ᠡᠳᠦᠷ ᠠᠴᠠ 6 ᠳ᠋ᠤᠭᠠᠷ ᠰᠠᠷ᠎ᠠ ᠶᠢᠨ 15 ᠤ ᠡᠳᠦᠷ

ᠪᠣᠯᠲᠠᠯ᠎ᠠ᠃

     ᠬᠤᠶᠠᠷ᠂ ᠣᠶ ᠰᠢᠭᠤᠶ ᠨᠤᠲᠤᠭ ᠪᠡᠯᠴᠢᠭᠡᠷ ᠤᠨ ᠭᠠᠯ ᠬᠤᠷᠢᠭᠯᠠᠬᠤ ᠣᠷᠣᠨ ᠢ ᠲᠤᠳᠤᠷᠬᠠᠢ ᠲᠤᠭᠲᠠᠭᠠᠪᠠ᠄ ᠤᠯᠤᠰ ᠤᠨ ᠥᠮᠴᠢᠯᠡᠯᠲᠦ᠂ ᠬᠠᠮᠲᠤ ᠶᠢᠨ᠂

ᠬᠤᠪᠢ ᠶᠢᠨ ᠣᠶ ︵ᠡᠪᠡᠰᠦ ᠪᠡᠯᠴᠢᠭᠡᠷ︶ ᠶᠢᠨ ᠲᠠᠯᠠᠪᠠᠶ᠂ ᠠᠯᠳᠠᠷᠲᠤ ᠦᠵᠡᠮᠵᠢ ᠶᠢᠨ ᠵᠢᠭᠤᠯᠴᠢᠯᠠᠯ ᠤᠨ ᠣᠷᠣᠨ᠂ ᠣᠶ ᠰᠢᠭᠤᠶ ᠶᠢᠨ ᠭᠤᠤᠯᠳᠠᠯᠭ᠎ᠠ ᠲᠠᠢ

ᠢᠨᠵᠧᠨᠧᠷᠢᠩ ᠤᠨ ᠣᠷᠣᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠷᠣᠨ᠂ ᠣᠷᠣᠨ ᠨᠤᠲᠤᠭ ᠤᠨ ᠠᠮᠢ ᠠᠬᠤᠶ ᠶᠢᠨ

ᠢᠨᠵᠧᠨᠧᠷᠢᠩ ᠤᠨ ᠣᠷᠣᠨ᠂ ᠵᠤᠬᠢᠶᠠᠮᠠᠯ ᠰᠢᠯᠮᠦᠦᠰᠦᠲᠦ ᠣᠢ ᠶᠢᠨ ᠣᠷᠣᠨ᠂ ᠬᠤᠲᠠ ᠶᠢᠨ ᠲᠡᠭᠦᠷᠭᠡ ᠶᠢᠨ ᠨᠣᠭᠤᠭᠠᠷᠠᠭᠤᠯᠤᠯᠲᠠ ᠶᠢᠨ ᠣᠷᠣᠨ᠂ ᠣᠶ ᠰᠢᠭᠤᠶ ᠶᠢᠨ

ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠵᠠᠰᠠᠮᠠᠯ ᠵᠠᠮ ᠤᠨ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ ᠶᠢᠨ ᠪᠦᠰᠡ᠂ ᠠᠮᠢ ᠠᠬᠤᠶ ᠶᠢ

ᠲᠥᠪᠯᠡᠷᠡᠭᠦᠯᠦᠨ ᠰᠡᠷᠭᠦᠭᠡᠬᠦ ᠣᠷᠣᠨ᠂ ᠨᠡᠭᠦᠷᠡᠰᠦᠨ ᠠᠭᠤᠷᠬᠠᠶ ᠶᠢᠨ ᠭᠠᠯ ᠤᠨᠲᠠᠷᠠᠭᠠᠬᠤ ᠢᠨᠵᠧᠨᠧᠷᠢᠩ ᠤᠨ ᠲᠥᠷᠥᠯ ᠵᠦᠢᠯ ᠤᠨ ᠣᠷᠣᠨ ᠤ ᠡᠷᠬᠢᠨ ᠲᠣᠭᠤᠷᠢᠨ᠂

ᠨᠡᠭᠦᠷᠡᠰᠦ ᠲᠡᠭᠡᠭᠡᠪᠦᠷᠢᠯᠡᠬᠦ ᠵᠠᠮ ᠱᠤᠭᠤᠮ ᠪᠠ ᠴᠠᠬᠢᠯᠭᠠᠨ ᠳᠠᠮᠵᠢᠭᠤᠯᠵᠤ ᠲᠦᠭᠡᠭᠡᠬᠦ ᠳᠥᠬᠦᠭᠡᠷᠦᠮᠵᠢ ᠶᠢᠨ ᠡᠷᠬᠢᠨ ᠲᠣᠭᠤᠷᠢᠨ ᠵᠢᠴᠢ ᠵᠠᠮ ᠳᠠᠭᠠᠤ᠂ ᠣᠶ ᠲᠠᠷᠢᠶᠠᠯᠠᠩ᠂

ᠣᠶ ᠮᠠᠯ ᠠᠵᠤ ᠠᠬᠤᠶ ᠶᠢᠨ ᠵᠠᠯᠭᠠᠯᠳᠤᠭᠰᠠᠨ ᠤᠷᠤᠨ ᠵᠢᠴᠢ ᠡᠯ᠎ᠡ ᠬᠤᠰᠢᠭᠤ ᠲᠤᠭᠤᠷᠢᠭ ᠠᠴᠠ ᠵᠠᠭᠠᠭᠯᠠᠨ ᠲᠣᠭᠲᠠᠭᠠᠭᠰᠠᠨ ᠵᠠᠬᠢᠷᠤᠨ ᠬᠠᠮᠢᠶᠠᠷᠬᠤ ᠤᠷᠤᠨ᠃

     ᠭᠤᠷᠪᠠ᠂ ᠣᠶ ᠰᠢᠭᠤᠶ ᠨᠤᠲᠤᠭ ᠪᠡᠯᠴᠢᠭᠡᠷ ᠤᠨ ᠭᠠᠯ ᠬᠤᠷᠢᠭᠠᠲᠠᠢ ᠣᠷᠣᠨ ᠳᠤ ᠪᠤᠯᠠᠰᠢᠨ ᠳᠡᠭᠡᠷ᠎ᠡ ᠴᠠᠭᠠᠰᠤ ᠰᠢᠲᠠᠭᠠᠬᠤ᠂ ᠲᠠᠮᠠᠬᠢ ᠲᠠᠲᠠᠬᠤ᠂ ᠬᠤᠸᠠᠷ

ᠫᠤᠤᠵᠢᠩ ᠲᠠᠯᠪᠢᠬᠤ᠂ ᠭᠠᠯ ᠰᠢᠲᠠᠭᠠᠬᠤ᠂ ᠡᠪᠡᠰᠦ ᠪᠡᠯᠴᠢᠭᠡᠷ ᠰᠢᠲᠠᠭᠠᠬᠤ᠂ ᠬᠡᠭᠡᠷ᠎ᠡ ᠬᠤᠭᠤᠯᠠᠯᠠᠬᠤ ᠵᠡᠷᠭᠡ ᠶᠢ ᠴᠢᠩᠭ᠎ᠠ ᠬᠤᠷᠢᠭᠯᠠᠨ᠎ᠠ︔ ᠣᠶ ᠰᠢᠭᠤᠶ ᠡᠪᠡᠰᠦ

ᠪᠡᠯᠴᠢᠭᠡᠷ ᠤᠨ ᠵᠠᠬ᠎ᠠ ᠬᠥᠪᠡᠭᠡ᠂ ᠣᠶ ︵ᠡᠪᠡᠰᠦ ᠪᠡᠯᠴᠢᠭᠡᠷ︶ ᠶᠢᠨ ᠲᠠᠷᠢᠶᠠᠯᠠᠩ ᠤᠨ ᠵᠠᠯᠭᠠᠯᠳᠤᠭᠰᠠᠨ ᠬᠡᠰᠡᠭ ᠲᠤ ᠠᠲᠠᠷ ᠰᠢᠲᠠᠭᠠᠬᠤ᠂ ᠭᠤᠤᠷᠰᠤ ᠰᠢᠲᠠᠭᠠᠬᠤ᠂

ᠬᠤᠭ ᠨᠣᠪᠰᠢ ᠰᠢᠲᠠᠭᠠᠬᠤ ᠵᠡᠷᠭᠡ ᠶᠢ ᠴᠢᠩᠭ᠎ᠠ ᠬᠤᠷᠢᠭᠯᠠᠨ᠎ᠠ︔ ᠭᠠᠯ ᠤᠨ ᠴᠤᠭ ᠲᠠᠢ ᠦᠯᠡᠳᠡᠭᠰᠡᠨ ᠰᠢᠳᠠᠯᠲᠠ ᠶᠢᠨ ᠪᠣᠳᠠᠰ ᠢ ᠭᠡᠷ ᠤᠨ ᠭᠠᠳᠠᠨ᠎ᠠ ᠬᠠᠶᠠᠬᠤ ᠶᠢ

ᠡᠷᠡᠰ ᠬᠤᠷᠢᠭᠯᠠᠨ᠎ᠠ᠃ ᠬᠡᠭᠡᠷ᠎ᠡ ᠭᠠᠳᠠᠨ᠎ᠠ ᠪᠠᠷᠢᠯᠭ᠎ᠠ ᠶᠢᠨ ᠠᠵᠢᠯ ᠬᠢᠬᠦ ᠳᠤ ᠦᠨᠡᠬᠡᠷ ᠭᠠᠯ ᠬᠡᠷᠡᠭᠯᠡᠬᠦ ᠪᠤᠶᠤ ᠳᠡᠯᠪᠡᠴᠢᠬᠦ ᠵᠡᠷᠭᠡ ᠠᠵᠢᠯᠯᠠᠭ᠎ᠠ ᠬᠢᠬᠦ ᠴᠢᠬᠤᠯᠠᠲᠠᠶ ᠪᠣᠯ

ᠡᠷᠬᠡᠪᠰᠢ ᠲᠤᠬᠠᠶ ᠶᠢᠨ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠢᠶᠠᠷ ᠵᠥᠪᠰᠢᠶᠡᠷᠡᠭᠦᠯᠬᠦ ᠬᠡᠷᠡᠭᠲᠡᠶ᠃ ᠳᠥᠷᠪᠡᠳᠦᠭᠡᠷ

ᠳᠡᠰ ᠠᠴᠠ ᠳᠡᠭᠡᠭᠰᠢᠬᠢ ᠰᠠᠯᠬᠢ ᠲᠠᠢ ᠴᠠᠭ ᠠᠭᠤᠷ ᠤᠨ ᠨᠥᠬᠦᠴᠡᠯ ᠳᠣᠤᠷ᠎ᠠ ᠬᠡᠭᠡᠷ᠎ᠡ ᠭᠠᠳᠠᠨ᠎ᠠ ᠭᠠᠯ ᠬᠡᠷᠡᠭᠯᠡᠬᠦ  ᠶᠠᠮᠠᠷᠪᠠ ᠦᠢᠯᠡ ᠠᠵᠢᠯᠯᠠᠭ᠎ᠠ ᠬᠢᠬᠦ ᠶᠢ ᠴᠢᠩᠭ᠎ᠠ

ᠬᠤᠷᠢᠭᠯᠠᠬᠤ ᠬᠡᠷᠡᠭᠲᠡᠶ᠃

     ᠳᠥᠷᠪᠡ᠂ ᠣᠶ ᠰᠢᠭᠤᠶ ᠨᠤᠲᠤᠭ ᠪᠡᠯᠴᠢᠭᠡᠷ ᠤᠨ ᠭᠠᠯ ᠬᠤᠷᠢᠭᠠᠲᠠᠶ ᠣᠷᠣᠨ ᠳᠤ ᠬᠠᠷᠠᠭᠤᠯ ᠭᠠᠷᠭᠠᠨ ᠬᠠᠮᠢᠶᠠᠷᠬᠤ ᠶᠢ ᠬᠡᠷᠡᠭᠵᠢᠭᠦᠯᠵᠦ᠂ ᠭᠤᠤᠯᠳᠠᠯᠭ᠎ᠠ ᠲᠠᠢ

ᠰᠢᠭᠤᠶᠢᠲᠤ ᠣᠷᠣᠨ᠂ ᠣᠶ ᠰᠢᠭᠤᠶ ᠨᠤᠲᠤᠭ ᠪᠡᠯᠴᠢᠭᠡᠷ ᠤᠨ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠢᠴᠢ ᠵᠢᠭᠤᠯᠴᠢᠯᠠᠯ ᠤᠨ ᠦᠵᠡᠮᠵᠢ ᠶᠢᠨ

ᠣᠷᠣᠨ ᠤ ᠣᠷᠣᠵᠤ ᠭᠠᠷᠬᠤ ᠭᠠᠵᠠᠷ ᠲᠤ ᠲᠦᠷ ᠴᠠᠭ ᠤᠨ ᠪᠠᠶᠢᠴᠠᠭᠠᠯᠲᠠ ᠶᠢᠨ ᠥᠷᠲᠡᠭᠡ ᠴᠡᠭ ᠪᠠ ᠭᠠᠯ ᠰᠡᠷᠭᠡᠶᠢᠯᠡᠬᠦ ᠰᠡᠷᠡᠮᠵᠢ ᠶᠢᠨ ᠫᠠᠶᠢᠰᠠ ᠪᠤᠰᠬᠠᠵᠤ᠂ ᠭᠠᠯ ᠤᠨ

ᠢᠷᠡᠯᠲᠡ᠂ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠵᠡᠷᠭᠡ ᠶᠢ ᠣᠶ ᠰᠢᠭᠤᠶ ᠨᠤᠲᠤᠭ ᠪᠡᠯᠴᠢᠭᠡᠷ ᠤᠨ ᠭᠠᠯ ᠬᠤᠷᠢᠭᠠᠲᠠᠶ ᠣᠷᠣᠨ ᠳᠤ ᠣᠷᠣᠭᠤᠯᠬᠤ ᠶᠢ ᠬᠤᠷᠢᠭᠯᠠᠵᠤ᠂

ᠣᠷᠣᠵᠤ ᠭᠠᠷᠬᠤ ᠲᠡᠷᠭᠡ ᠬᠥᠰᠬᠡ ᠪᠠ ᠬᠥᠮᠦᠰ ︽ᠭᠠᠯ ᠰᠡᠷᠭᠡᠶᠢᠯᠡᠬᠦ ᠺᠤᠳ᠋︾ ᠢ ᠦᠨᠡᠨ ᠨᠡᠷ᠎ᠡ ᠪᠠᠷ ᠳᠠᠩᠰᠠᠯᠠᠬᠤ ᠶᠢ ᠬᠡᠷᠡᠭᠵᠢᠭᠦᠯᠵᠤ᠂ ᠭᠠᠯ ᠰᠡᠷᠭᠡᠶᠢᠯᠡᠬᠦ ᠠᠮᠤᠷ

ᠲᠦᠪᠰᠢᠨ ᠤ ᠪᠠᠶᠢᠴᠠᠭᠠᠯᠲᠠ ᠶᠢ ᠬᠠᠤᠯᠢ ᠶᠣᠰᠣᠭᠠᠷ ᠬᠦᠯᠢᠶᠡᠵᠦ᠂ ᠭᠠᠯ ᠰᠡᠷᠭᠡᠶᠢᠯᠡᠨ ᠤᠨᠲᠠᠷᠠᠭᠠᠬᠤ ᠬᠠᠮᠢᠶ᠎ᠠ ᠪᠥᠬᠦᠶ ᠲᠣᠭᠲᠠᠭᠠᠯ ᠢ ᠵᠢᠷᠤᠮᠯᠠᠬᠤ ᠬᠡᠷᠡᠭᠲᠡᠶ᠃   

     ᠲᠠᠪᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠬᠤᠷᠢᠭᠯᠠᠬᠤ ᠣᠷᠣᠨ ᠤ ᠳᠣᠲᠣᠷᠠᠬᠢ ᠡᠯ᠎ᠡ ᠲᠥᠷᠥᠯ ᠤᠨ ᠦᠢᠯᠡᠳᠪᠦᠷᠢᠯᠡᠯ ᠤᠨ ᠠᠵᠢᠯᠯᠠᠬᠤ ᠴᠡᠭ᠂

ᠵᠢᠭᠤᠯᠴᠢᠯᠠᠯ ᠤᠨ ᠦᠵᠡᠮᠵᠢ ᠶᠢᠨ ᠣᠷᠣᠨ ︵ᠦᠵᠡᠮᠵᠢ ᠶᠢᠨ ᠭᠠᠵᠠᠷ︶ ᠵᠢᠴᠢ ᠵᠠᠰᠠᠮᠠᠯ ᠵᠠᠮ᠂ ᠬᠤᠭᠤᠯᠠᠶ ᠱᠤᠭᠤᠮ᠂ ᠴᠠᠬᠢᠯᠭᠠᠨ ᠬᠦᠴᠦᠨ᠂ ᠴᠢᠯᠠᠭᠤᠨ ᠲᠣᠰᠣ᠂

ᠪᠠᠶᠢᠭᠠᠯᠢ ᠶᠢᠨ ᠰᠢᠲᠠᠮᠠᠬᠠᠶ ᠬᠡᠢ᠂ ᠨᠡᠭᠦᠷᠡᠰᠦ᠂ ᠲᠠᠷᠢᠶᠠᠯᠠᠩ ᠮᠠᠯ ᠠᠵᠤ ᠠᠬᠤᠶ ᠵᠡᠷᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠡᠷᠬᠡᠪᠰᠢ ᠣᠶ

ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠭᠡᠮ ᠰᠤᠭᠤᠭ ᠢ ᠵᠢᠭᠰᠠᠭᠠᠨ ᠪᠠᠶᠢᠴᠠᠭᠠᠬᠤ ᠶᠢᠨ ᠬᠠᠮᠲᠤ ᠠᠷᠢᠯᠭᠠᠵᠤ᠂ ᠭᠠᠯ ᠤᠨᠲᠠᠷᠠᠭᠠᠬᠤ ᠮᠠᠰᠢᠨ ᠪᠠᠭᠠᠵᠢ ᠶᠢ

ᠭᠦᠢᠴᠡᠳ ᠲᠣᠬᠢᠷᠠᠭᠤᠯᠵᠤ᠂  ᠪᠤᠯᠪᠠᠰᠤᠷᠠᠯ ᠬᠦᠷᠲᠡᠭᠰᠡᠨ ᠭᠠᠯ ᠤᠨᠲᠠᠷᠠᠭᠠᠭᠴᠢ ᠶᠢ ᠲᠣᠬᠢᠷᠠᠭᠤᠯᠬᠤ ᠬᠡᠷᠡᠭᠲᠡᠶ᠃ ︽ᠣᠶ ᠰᠢᠭᠤᠶ ᠶᠢᠨ ᠭᠠᠯ ᠰᠡᠷᠭᠡᠶᠢᠯᠡᠬᠦ ᠳᠦᠷᠢᠮ︾

︵ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ 541 ᠳ᠋ᠤᠭᠡᠷ ᠲᠣᠭᠠᠲᠤ ᠵᠠᠷᠯᠢᠭ︶᠂  ︽ᠨᠤᠲᠤᠭ

ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︵ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ 542 ᠳ᠋ᠤᠭᠠᠷ

ᠲᠣᠭᠠᠲᠤ ᠵᠠᠷᠯᠢᠭ︶ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︵

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶ᠎ᠠ ᠶᠢᠨ 25 ᠳ᠋ᠤᠭᠠᠷ ᠲᠣᠭᠠᠲᠤ ᠠᠯᠪᠠᠨ ᠵᠠᠷ︶ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠦᠭᠡᠶ ᠪᠦᠬᠦᠨ ᠢ ᠴᠥᠮ

ᠰᠠᠶᠢᠵᠢᠷᠠᠭᠤᠯᠬᠤ ᠬᠡᠷᠡᠭᠲᠡᠢ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠠᠮᠢ ᠠᠬᠤᠶ ᠣᠷᠴᠢᠨ ᠲᠣᠭᠤᠷᠢᠨ᠂ ᠡᠨᠧᠷᠭᠢ᠂

ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠣᠢ ᠰᠢᠭᠤᠶ ᠨᠤᠲᠤᠭ ᠪᠡᠯᠴᠢᠭᠡᠷ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠵᠠᠮ

ᠬᠠᠷᠢᠯᠴᠠᠭ᠎ᠠ ᠲᠡᠭᠡᠭᠡᠪᠦᠷᠢ᠂ ᠴᠠᠬᠢᠯᠭᠠᠨ ᠬᠦᠴᠦᠨ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠵᠠᠰᠠᠮᠠᠯ ᠵᠠᠮ ᠤᠨ ᠬᠤᠶᠠᠷ ᠬᠠᠵᠠᠭᠤ᠂ ᠴᠠᠬᠢᠯᠭᠠᠨ

ᠳᠠᠮᠵᠢᠭᠤᠯᠵᠤ ᠲᠦᠭᠡᠭᠡᠬᠦ ᠳᠥᠬᠦᠭᠡᠷᠦᠮᠵᠢ ᠪᠣᠯᠤᠨ ᠵᠠᠮ ᠱᠤᠭᠤᠮ ᠤᠨ ᠡᠷᠭᠢᠨ ᠲᠣᠭᠤᠷᠢᠨ ᠵᠢᠴᠢ ᠵᠠᠮ ᠳᠠᠭᠠᠤ ᠬᠤᠷᠠᠮᠳᠤᠭᠰᠠᠨ ᠨᠡᠭᠦᠷᠡᠰᠦᠨ ᠤ ᠰᠢᠭᠠᠷᠤ᠂ ᠬᠤᠭ

ᠡᠪᠡᠰᠦ ᠵᠡᠷᠭᠡ ᠰᠢᠲᠠᠮᠠᠬᠠᠶ ᠪᠣᠳᠠᠰ ᠢ ᠲᠦᠢᠯᠪᠤᠷᠢᠲᠠᠶ ᠴᠡᠪᠡᠷᠯᠡᠨ ᠠᠷᠢᠯᠭᠠᠵᠤ᠂ ᠠᠮᠢ ᠠᠬᠤᠶ ᠣᠷᠴᠢᠨ ᠲᠣᠭᠤᠷᠢᠨ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ

ᠮᠥᠴᠢᠷ ᠤᠳ ᠭᠤᠤᠷᠰᠤ ᠰᠢᠲᠠᠭᠠᠬᠤ᠂ ᠡᠰᠢ ᠰᠦᠷᠡᠯ ᠰᠢᠲᠠᠭᠠᠬᠤ᠂ ᠲᠠᠷᠢᠶᠠᠨ ᠭᠠᠵᠠᠷ ︵ᠳᠠᠯᠠᠩ︶ ᠰᠢᠲᠠᠭᠠᠬᠤ᠂ ᠦᠨᠡᠰᠦ ᠰᠢᠲᠠᠭᠠᠵᠤ ᠪᠣᠷᠳᠣᠭᠤᠷ ᠴᠤᠭᠯᠠᠭᠤᠯᠬᠤ

ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ  ᠴᠢᠩᠭᠠᠷᠠᠭᠤᠯᠬᠤ ᠬᠡᠷᠡᠭᠲᠡᠶ᠃

      ᠵᠢᠷᠭᠤᠭ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ

ᠬᠡᠷᠡᠭᠵᠢᠭᠦᠯᠦᠯᠲᠡ᠂ ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠲᠡᠭᠡ᠂ ᠰᠢᠤᠳᠠᠨ ᠤ ᠶᠠᠪᠤᠳᠠᠯ᠂ ᠪᠠᠷᠠᠭᠠᠨ ᠤ ᠭᠦᠢᠯᠭᠡᠭᠡᠨ᠂ ᠲᠦᠷᠭᠡᠨ ᠬᠦᠷᠭᠡᠯᠲᠡ᠂ ᠨᠡᠭᠦᠷᠡᠰᠦ

ᠵᠡᠷᠭᠡ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠨᠦᠭᠦᠳ ᠨᠠᠰᠢ ᠴᠠᠰᠢ ᠥᠩᠭᠡᠷᠡᠬᠦ ᠪᠤᠶᠤ ᠬᠠᠮᠢᠶᠠᠷᠴᠤ ᠪᠠᠶᠢᠭ᠎ᠠ ᠲᠡᠷᠭᠡ ᠬᠥᠰᠬᠡ ᠪᠠ ᠬᠦᠮᠦᠰ ᠲᠤ ᠭᠠᠯ ᠰᠡᠷᠭᠡᠶᠢᠯᠡᠬᠦ

ᠤᠬᠠᠭᠤᠯᠭ᠎ᠠ ᠬᠥᠮᠦᠵᠢᠯ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠲᠠᠮᠠᠬᠢᠨ ᠢᠵᠠᠭᠤᠷ ᠭᠠᠩᠰᠠ᠂ ᠭᠠᠯ ᠨᠡᠭᠦᠷᠡᠰᠦ ᠵᠡᠷᠭᠡ ᠭᠠᠯ ᠤᠨ

ᠢᠷᠡᠯᠲᠡ ᠶᠢ ᠬᠠᠶᠠᠬᠤ ᠶᠢ ᠴᠢᠩᠭ᠎ᠠ ᠬᠤᠷᠢᠭᠯᠠᠵᠤ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ᠂ ᠪᠣᠭᠤᠳᠠᠯ ᠪᠠᠭᠯᠠᠭ᠎ᠠ ᠨᠢ ᠴᠢᠩᠭ᠎ᠠ ᠥᠬᠡᠶ ᠠᠴᠠ ᠪᠣᠯᠵᠣ

ᠨᠡᠭᠦᠷᠡᠰᠦᠨ ᠰᠢᠭᠠᠷᠤ ᠶᠢ ᠠᠭᠤᠷᠬᠠᠶ ᠶᠢᠨ ᠣᠷᠣᠨ ᠠᠴᠠ ᠭᠠᠳᠠᠨᠠᠬᠢ ᠣᠷᠣᠨ ᠪᠦᠰᠡ ᠳᠤ ᠬᠠᠶᠠᠬᠤ ᠶᠢ ᠴᠢᠩᠭ᠎ᠠ ᠬᠤᠷᠢᠭᠯᠠᠬᠤ ᠬᠡᠷᠡᠭᠲᠡᠢ᠃ ᠵᠢᠯᠣᠭᠤᠴᠢ ᠪᠠ ᠲᠡᠷᠭᠡᠨ ᠤ

ᠬᠠᠮᠢᠶᠠᠷᠤᠯᠲᠠ ᠶᠢᠨ ᠠᠵᠢᠯᠲᠠᠨ ᠨᠢ ᠭᠠᠯ ᠢ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭᠠᠳᠠᠨ ᠪᠣᠯᠤᠨ᠎ᠠ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠰᠣᠷᠭᠤᠭ

ᠴᠡᠴᠡᠭ ᠡᠷᠭᠦᠭᠦ᠂ ᠮᠣᠳᠣ ᠳᠠᠷᠢᠬᠤ ᠵᠡᠷᠭᠡ ᠪᠣᠬᠢᠷᠲᠤᠯ ᠥᠬᠡᠶ ᠲᠠᠬᠢᠯᠭ᠎ᠠ ᠶᠢ ᠶᠡᠬᠡᠪᠡᠷ ᠰᠠᠨᠠᠭᠠᠴᠢᠯᠠᠵᠤ᠂ ᠨᠡᠶᠢᠲᠡ ᠶᠢᠨ ᠣᠩᠭᠤᠨ᠂ ᠲᠠᠷᠠᠬᠠᠶ ᠪᠤᠲᠠᠷᠬᠠᠶ ᠣᠩᠭᠤᠨ ᠤ

ᠲᠠᠬᠢᠯᠭ᠎ᠠ ᠶᠢᠨ ᠭᠠᠯ ᠬᠡᠷᠡᠭᠯᠡᠬᠦ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ᠃   

     ᠳᠣᠯᠤᠭ᠎ᠠ᠂ ᠭᠠᠯ ᠤᠨᠲᠠᠷᠠᠭᠠᠬᠤ ᠡᠯ᠎ᠡ ᠲᠥᠷᠥᠯ ᠤᠨ ᠡᠩᠨᠡᠭᠡ ᠴᠠᠭ ᠢᠮᠠᠭᠲᠠ ᠪᠡᠯᠡᠳᠬᠡᠯ ᠤᠨ ᠪᠠᠶᠢᠳᠠᠯ ᠲᠠᠢ ᠪᠠᠶᠢᠬᠤ ᠶᠢ ᠪᠠᠲᠤᠯᠠᠵᠤ᠂ ᠭᠠᠯ ᠲᠦᠢᠮᠡᠷ ᠤᠨ

ᠪᠠᠶᠢᠳᠠᠯ ᠢ ᠣᠯᠵᠤ ᠮᠡᠳᠡᠮᠡᠭᠴᠡ᠂ ᠴᠡᠷᠢᠭ ᠤᠨ ᠬᠦᠴᠦᠨ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨᠴᠢ ᠪᠠᠷ ᠤᠨᠲᠠᠷᠠᠭᠠᠵᠤ᠂ ︽ᠡᠷᠲᠡ ᠠᠴᠠ᠂ ᠪᠠᠭ᠎ᠠ ᠳᠡᠭᠡᠷ᠎ᠡ ᠨᠢ᠂

ᠤᠨᠲᠠᠷᠠᠭᠠᠭᠰᠠᠨ ᠪᠠᠶᠢᠬᠤ︾ ᠶᠢ ᠪᠡᠶᠡᠯᠡᠭᠦᠯᠵᠦ᠂ ᠬᠥᠮᠦᠨ ᠦᠬᠦᠵᠦ ᠰᠢᠷᠬᠠᠲᠤᠬᠤ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃

     ᠨᠠᠢᠮᠠ᠂ ᠭᠠᠯ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠶ᠂ ᠭᠠᠯ ᠰᠡᠷᠭᠡᠶᠢᠯᠡᠬᠦ ᠪᠠᠶᠢᠴᠠᠭᠠᠯᠲᠠ ᠶᠢ ᠬᠦᠯᠢᠶᠡᠬᠦ ᠦᠭᠡᠶ᠂ ᠭᠠᠯ ᠤᠨ

ᠠᠶᠤᠯ ᠤᠨ ᠭᠡᠮ ᠰᠤᠭᠤᠭ ᠢ ᠠᠷᠢᠯᠭᠠᠬᠤ ᠦᠭᠡᠶ᠂ ᠵᠥᠪᠰᠢᠶᠡᠷᠡᠯ ᠦᠭᠡᠶ ᠪᠠᠷ ᠣᠶ ᠰᠢᠭᠤᠶ ᠨᠤᠲᠤᠭ ᠪᠡᠯᠴᠢᠭᠡᠷ ᠤᠨ ᠭᠠᠯ ᠬᠤᠷᠢᠭᠠᠲᠠᠢ ᠣᠷᠣᠨ ᠳᠤ ᠳᠤᠷ᠎ᠠ ᠪᠠᠷ ᠢᠶᠠᠨ

ᠣᠷᠣᠵᠤ ᠭᠠᠯ ᠬᠡᠷᠡᠭᠯᠡᠬᠦ ᠪᠠ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠡ᠊ᠨᠳᠡᠯ ᠢᠶᠠᠷ ᠪᠤᠶᠤ ᠵᠣᠷᠢᠭᠤᠳᠠ ᠪᠠᠷ ᠡᠭᠦᠰᠭᠡᠭᠰᠡᠨ ᠪᠠᠶᠢᠪᠠᠯ ︽ᠣᠶ

ᠰᠢᠭᠤᠶ ᠶᠢᠨ ᠭᠠᠯ ᠰᠡᠷᠭᠡᠶᠢᠯᠡᠬᠦ ᠳᠦᠷᠢᠮ︾ ︵ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ 541 ᠳ᠋ᠤᠭᠡᠷ

ᠲᠣᠭᠠᠲᠤ ᠵᠠᠷᠯᠢᠭ︶᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︵ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ

ᠶᠠᠪᠤᠳᠠᠯ ᠤᠨ ᠬᠤᠷᠢᠶ᠎ᠠ ᠶᠢᠨ 542 ᠳ᠋ᠤᠭᠠᠷ ᠲᠣᠭᠠᠲᠤ ᠵᠠᠷᠯᠢᠭ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠦᠢᠯᠡ ᠪᠠᠶᠢᠳᠠᠯ ᠤᠨ ᠬᠦᠨᠳᠦ

ᠬᠥᠩᠭᠡᠨ ᠢ ᠨᠢ ᠦᠵᠡᠵᠤ ᠪᠠᠶᠢᠭᠠᠳ ᠨᠢᠭᠡᠴᠢ ᠶᠢ 2000 ᠲᠥᠭᠦᠷᠢᠭ ᠠᠴᠠ 10 ᠲᠦᠮᠡᠨ ᠲᠥᠭᠦᠷᠢᠭ ᠢᠶᠠᠷ ᠲᠣᠷᠭᠠᠵᠤ᠂ ᠬᠤᠪᠢ ᠬᠥᠮᠦᠨ ᠢ 200

ᠲᠥᠭᠦᠷᠢᠭ ᠠᠴᠠ 5000 ᠲᠥᠭᠦᠷᠢᠭ ᠢᠶᠠᠷ ᠲᠣᠷᠭᠠᠨ᠎ᠠ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃

ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠶᠠᠪᠤᠳᠠᠯ ᠳᠤ ᠴᠣᠬᠢᠯᠲᠠ ᠥᠭᠬᠦ

ᠡᠷᠴᠢᠮ ᠢᠶᠠᠨ ᠴᠢᠩᠭᠠᠷᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠡᠷᠡᠭ ᠢ

ᠴᠠᠭ ᠲᠤᠬᠠᠶ ᠳᠤᠨᠢ ᠳᠠᠭᠤᠰᠬᠠᠬᠤ ᠬᠡᠷᠡᠭᠲᠡᠶ᠃

     ᠶᠢᠰᠦ᠂ ᠪᠠᠶᠢᠴᠠᠭᠠᠵᠤ ᠢᠯᠡᠷᠡᠭᠦᠯᠦᠭᠰᠡᠨ ᠬᠠᠷᠢᠶ᠎ᠠ ᠣᠷᠣᠨ ᠳᠤ ᠭᠠᠯ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ

ᠦᠭᠡᠢ᠂ ᠭᠠᠯ ᠤᠨ ᠢᠷᠡᠯᠲᠡ ᠶᠢᠨ ᠬᠠᠮᠢᠶᠠᠷᠤᠯᠲᠠ ᠴᠢᠩᠭ᠎ᠠ ᠪᠤᠰᠤ᠂ ᠭᠠᠯ ᠤᠨ ᠠᠶᠤᠯ ᠤᠨ ᠭᠡᠮ ᠰᠤᠭᠤᠭ ᠢ ᠴᠡᠭᠴᠡᠯᠡᠨ ᠰᠠᠶᠢᠵᠢᠷᠠᠭᠤᠯᠤᠭᠰᠠᠨ ᠦᠭᠡᠢ᠂ ᠭᠠᠯ

ᠰᠡᠷᠭᠡᠶᠢᠯᠡᠬᠦ ᠠᠷᠭ᠎ᠠ ᠬᠡᠮᠵᠢᠶ᠎ᠡ ᠨᠢ ᠬᠦᠴᠦᠨ ᠦᠭᠡᠢ᠂ ᠵᠣᠬᠢᠶᠠᠨ ᠪᠠᠶᠢᠭᠤᠯᠵᠤ ᠤᠨᠲᠠᠷᠠᠭᠠᠨ ᠠᠪᠤᠷᠠᠭᠰᠠᠨ ᠨᠢ ᠬᠦᠴᠦᠨ ᠦᠭᠡᠢ᠂ ᠬᠢᠨᠠᠯᠲᠠ ᠲᠠᠯᠪᠢᠵᠤ  ᠪᠠᠶᠢᠴᠠᠭᠠᠭᠰᠠᠨ

 ᠨᠢ ᠬᠦᠴᠦᠨ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠤᠯᠵᠤ ᠮᠡᠳᠡᠪᠡᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ

ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2015﹈ 66 ᠳ᠋ᠤᠭᠠᠷ

ᠲᠣᠭᠠᠲᠤ︶ ᠵᠡᠷᠭᠡ ᠲᠣᠭᠲᠠᠭᠠᠯ ᠶᠣᠰᠣᠭᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠲᠤᠭᠲᠠᠭᠠᠯ ᠰᠠᠬᠢᠯᠭ᠎ᠠ

ᠶᠤᠰᠤᠭᠠᠷ ᠴᠢᠩᠭ᠎ᠠ ᠨᠡᠬᠡᠮᠵᠢᠯᠡᠬᠦ ᠬᠡᠷᠡᠭᠲᠡᠶ᠃

     ᠠᠷᠪᠠ᠂ ᠭᠠᠯ ᠬᠤᠷᠢᠭᠯᠠᠬᠤ ᠲᠣᠭᠲᠠᠭᠠᠯ ᠢ ᠵᠥᠷᠢᠴᠡᠨ᠂ ᠬᠠᠮᠢᠶᠠᠷᠤᠯᠲᠠ ᠶᠢ ᠳᠠᠭᠠᠬᠤ ᠦᠭᠡᠶ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ

ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠭᠦᠯᠬᠦ ᠬᠡᠷᠡᠭᠲᠡᠶ᠃ ᠲᠡᠭᠦᠨ ᠤ ᠦᠢᠯᠡ ᠠᠵᠢᠯᠯᠠᠭ᠎ᠠ ᠨᠢ ᠶᠠᠯ᠎ᠠ ᠳᠤ ᠬᠦᠷᠦᠭᠰᠡᠨ ᠪᠣᠯ ᠬᠠᠤᠯᠢ

ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠶᠢ ᠨᠢ ᠨᠡᠬᠡᠮᠵᠢᠯᠡᠬᠦ ᠬᠡᠷᠡᠭᠲᠡᠶ᠃ ᠠᠯᠪᠠᠨ ᠲᠤᠰᠢᠶᠠᠯᠲᠠᠨ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠪᠦᠬᠦᠨ ᠢ

ᠢᠯᠡᠴᠢᠯᠡᠬᠦ ᠶᠢᠨ ᠬᠠᠮᠲᠤ ᠲᠡᠭᠦᠨ ᠤ ᠪᠠᠶᠢᠭ᠎ᠠ ᠨᠢᠭᠡᠴᠢ ᠳᠤᠨᠢ ᠮᠡᠳᠡᠭᠳᠡᠵᠦ᠂ ᠬᠠᠤᠯᠢ ᠰᠠᠬᠢᠯᠭ᠎ᠠ ᠳᠥᠷᠢᠮ ᠲᠤᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ

ᠨᠡᠬᠡᠮᠵᠢᠯᠡᠵᠦ ᠬᠡᠷᠡᠭᠲᠡᠢ᠃

     ᠠᠷᠪᠠᠨ ᠨᠢᠭᠡ᠂ ᠶᠠᠮᠠᠷᠪᠠ ᠨᠢᠭᠡᠴᠢ ᠪᠠ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠴᠦᠮ

ᠲᠤᠬᠠᠶ ᠶᠢᠨ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠶᠢᠨ ᠵᠢᠯᠣᠭᠤᠳᠬᠤ ᠭᠠᠵᠠᠷ ᠪᠤᠶᠤ ᠬᠤᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ

ᠵᠢᠯᠣᠭᠤᠳᠬᠤ ᠭᠠᠵᠠᠷ ᠤᠨ ᠠᠯᠪᠠᠨ ᠬᠡᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ ︵ᠲᠦᠭᠰᠢᠭᠦᠷᠢ ᠮᠡᠳᠡᠭᠦᠯᠬᠦ ᠤᠲᠠᠰᠤ᠄ 12119︶᠃ ᠶᠠᠮᠠᠷᠪᠠ ᠨᠢᠭᠡᠴᠢ

ᠪᠣᠯᠤᠨ ᠬᠤᠪᠢ ᠬᠥᠮᠦᠨ ᠭᠡᠳ ᠲᠦᠭᠰᠢᠭᠦᠷᠢ ᠮᠡᠳᠡᠭᠦᠯᠬᠦ ᠳᠤ ᠦᠨ᠎ᠡ ᠲᠥᠯᠥᠪᠦᠷᠢ ᠦᠭᠡᠢ ᠪᠠᠷ ᠳᠥᠭᠦᠮ ᠦᠵᠡᠭᠦᠯᠵᠦ᠂ ᠣᠢ ᠰᠢᠭᠤᠶ ᠨᠤᠲᠤᠭ ᠪᠡᠯᠴᠢᠭᠡᠷ ᠤᠨ ᠭᠠᠯ

ᠲᠦᠢᠮᠡᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠢ ᠪᠠᠶᠢᠬᠤ ᠶᠢ ᠡᠷᠡᠰ ᠴᠠᠭᠠᠵᠠᠯᠠᠨ᠎ᠠ᠃

                                                         ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ

                                                            2024 ᠣᠨ ᠤ 3 ᠳ᠋ᠤᠭᠠᠷ ᠰᠠᠷ᠎ᠠ ᠶᠢᠨ 13 ᠤ ᠡᠳᠦᠷ

 

ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ