2024 ᠣᠨ ᠤ ᠳᠡᠯᠡᠬᠡᠢ ᠶᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠪᠡᠭᠡᠵᠢᠩ ᠳᠤ ᠬᠤᠷᠠᠯᠳᠤᠪᠠ
ᠨᠡᠶᠢᠲᠡᠯᠡᠭᠰᠡᠨ ᠴᠠᠭ᠄
2024/7/16
     ᠤᠶᠢᠷ᠎ᠠ ᠳᠤ᠂ 2024 ᠣᠨ ᠤ ᠳᠡᠯᠡᠬᠡᠢ ᠶᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ︽2024 ᠣᠨ ᠤ ᠳᠡᠯᠡᠬᠡᠢ ᠶᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ ᠤᠨ ᠠᠵᠢᠯᠯᠠᠭ᠎ᠠ ᠶᠢᠨ ᠲᠥᠰᠥᠯ︾  ᠢ ᠨᠡᠶᠢᠲᠡᠯᠡᠪᠠ᠃ ᠳᠤᠰ ᠤᠳᠠᠭ᠎ᠠ ᠶᠢᠨ ᠬᠤᠷᠠᠯ 7 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ ᠣᠷᠳᠣᠰ ᠬᠤᠲᠠ ᠳᠤ ᠶᠠᠪᠤᠭᠳᠠᠬᠤ ᠪᠣᠯᠣᠨ᠎ᠠ᠃     ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠤᠪᠴᠢᠶ᠎ᠠ ᠶᠢᠨ ᠳᠡᠳ᠋ ᠳᠠᠷᠤᠭ᠎ᠠ ᠬᠤ᠋ ᠴᠧᠩ ᠳ᠋ᠦᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠬᠤᠸᠠᠩ ᠶᠠᠨ ᠵᠠᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠵᠤ᠂ ᠶᠡᠭᠡ ᠬᠤᠷᠠᠯ ᠤᠨ ᠲᠦᠢᠮᠣ ᠪᠠᠶᠢᠳᠠᠯ ᠪᠠ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠲᠣᠰ ᠲᠣᠰ ᠲᠠᠨᠢᠯᠴᠠᠭᠤᠯᠪᠠ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠶᠡᠭᠡ ᠬᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠨᠧᠷᠬᠢ ᠶᠢᠨ ᠲᠤᠪᠴᠢᠶ᠎ᠠ ᠲᠠᠭᠠᠭᠠᠴᠢᠯᠠᠨ ᠡᠷᠭᠢᠯᠡᠭᠦ ᠪᠤᠯᠤᠨ᠎ᠠ᠃ ᠲᠣᠰ ᠤᠳᠠᠭᠠᠨ ᠤ ᠶᠡᠭᠡ ᠬᠤᠷᠠᠯ ᠳᠤ ᠲᠠᠪᠤᠨ ᠶᠡᠭᠡ ᠬᠢᠯᠠᠰ ᠴᠡᠭ ᠢᠯᠡᠷᠡᠬᠦ ᠪᠣᠯᠣᠨ᠎ᠠ᠄ ᠨᠢᠭᠡ ᠳᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠶᠢ ᠲᠤᠪᠤᠶᠢᠯᠭᠠᠨ᠎ᠠ᠃ ᠶᠡᠭᠡ ᠬᠤᠷᠠᠯ ᠠᠴᠠ ᠳᠡᠯᠡᠬᠡᠢ ᠶᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠦᠵᠡᠭᠦᠯᠭᠡ ᠶᠢ ᠲᠣᠬᠢᠷᠠᠭᠤᠯᠵᠤ᠂ ᠤᠯᠠᠨ ᠤᠯᠤᠰ ᠤᠨ ᠬᠠᠮᠲᠤᠷᠠᠯᠴᠠᠭ᠎ᠠ᠂ ᠣᠶᠤᠨᠴᠢ ᠤᠶᠤᠨ ᠤ ᠦᠢᠯᠡᠳᠬᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠮᠡᠷᠭᠡᠵᠢᠯ ᠤᠨ ᠦᠷ᠎ᠡ ᠪᠦᠲᠦᠭᠡᠯ᠂ ᠳᠡᠭᠡᠳᠦ ᠲᠡᠰ ᠤᠨ ᠮᠡᠷᠭᠡᠵᠢᠯ ᠵᠡᠷᠭᠡ ᠭᠤᠣᠯ ᠦᠵᠡᠭᠦᠯᠭᠡ ᠶᠢᠨ ᠬᠡᠰᠡᠭ ᠢ ᠭᠤᠣᠯᠳᠠᠯᠭ᠎ᠠ ᠲᠠᠢ ᠪᠤᠢ ᠪᠤᠯᠭᠠᠵᠤ᠂ ᠮᠠᠨ ᠤ ᠤᠯᠤᠰ ᠤᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠰᠢᠨ᠎ᠡ ᠶᠢ ᠡᠭᠦᠳᠬᠦ ᠪᠣᠳᠠᠲᠤ ᠬᠦᠴᠦᠨ ᠪᠠ ᠬᠥᠭᠵᠢᠯᠲᠡ ᠶᠢᠨ ᠦᠷ᠎ᠡ ᠪᠦᠲᠦᠮᠵᠢ᠂ ᠰᠠᠯᠬᠢ᠂ ᠭᠡᠷᠡᠯ ᠴᠡᠨᠡᠭ᠂ ᠤᠰᠤᠲᠥ᠋ᠷᠥᠭᠴᠢ᠂ ᠬᠠᠳᠠᠭᠠᠯᠠᠴᠠ᠂ ᠲᠡᠷᠭᠡ ᠵᠡᠷᠭᠡ ᠲᠠᠪᠤᠨ ᠶᠡᠭᠡ ᠠᠵᠤ ᠦᠢᠯᠡᠰ ᠤᠨ ᠪᠦᠬᠦ ᠬᠡᠯᠬᠢᠶ᠎ᠡ ᠵᠢᠴᠢ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠬᠠᠮᠤᠭ ᠤᠨ ᠰᠢᠨ᠎ᠡ ᠰᠤᠳᠤᠯᠭᠠᠨ ᠤ ᠦᠷ᠎ᠡ ᠪᠦᠲᠦᠭᠡᠯ ᠪᠠ ᠬᠡᠷᠡᠭᠯᠡᠭᠡᠨ ᠤ ᠠᠬᠤᠢ ᠦᠵᠡᠭᠳᠡᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠬᠤᠷᠠᠯ ᠳᠤ ᠣᠷᠣᠯᠴᠠᠭᠰᠠᠳ ᠲᠤ ᠠᠵᠢᠯ ᠲᠦᠷᠦᠯ ᠤᠨ ᠬᠤᠰᠢᠭᠤᠴᠢ ᠰᠢᠨᠵᠢᠯᠡᠬᠦ ᠤᠬᠠᠭᠠᠨ ᠮᠡᠷᠭᠡᠵᠢᠯ ᠤᠨ ᠦᠪᠡᠳᠡᠭᠰᠢ ᠴᠤᠬᠯᠠᠭᠠᠨ ᠢ ᠲᠡᠯᠭᠡᠨ ᠦᠵᠡᠭᠦᠯᠭᠦ ᠪᠤᠯᠤᠨ᠎ᠠ᠃ ᠬᠤᠶᠠᠷ ᠲᠤ ᠠᠭᠤᠯᠭ᠎ᠠ ᠶᠢᠨ ᠲᠠᠯ᠎ᠠ ᠶᠢᠨ ᠰᠢᠨ᠎ᠡ ᠶᠢ ᠡᠭᠦᠳᠴᠦ᠂ ᠤᠯᠠᠨ ᠡᠰᠢᠵᠢᠭᠦᠯᠦᠨ᠎ᠠ᠃ ᠶᠡᠭᠡ ᠬᠤᠷᠠᠯ ᠤᠨ ᠠᠭᠤᠯᠭ᠎ᠠ ᠶᠢᠨ ᠵᠢᠷᠤᠭ ᠲᠥᠯᠥᠪᠯᠡᠭᠡ ᠶᠢᠨ ᠲᠠᠯ᠎ᠠ ᠪᠠᠷ ᠰᠢᠨ᠎ᠡ ᠶᠢ ᠡᠭᠦᠳᠬᠦ ᠪᠠᠷ ᠴᠢᠷᠮᠠᠶᠢᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠬᠦᠷᠢᠶ᠎ᠠ ᠴᠠᠷᠠᠭᠠᠨ ᠳᠠᠬᠢ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠦᠷ᠎ᠡ ᠪᠦᠲᠦᠭᠡᠯ᠂ ᠰᠢᠨ᠎ᠡ ᠪᠠᠶᠢᠳᠠᠯ ᠢ ᠪᠥᠬᠦ ᠲᠠᠯ᠎ᠠ ᠪᠠᠷ ᠭᠦᠨᠵᠡᠭᠡᠢ ᠳᠡᠯᠭᠡᠨ ᠦᠵᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠭᠠᠳᠠᠭᠠᠳᠤ ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠬᠢᠬᠦ ᠶᠠᠪᠤᠴᠠ ᠳᠠᠬᠢ ᠴᠢᠬᠤᠯᠠ ᠴᠣᠩᠬᠤᠪᠴᠢ ᠦᠢᠯᠡᠳᠦᠯ ᠪᠠ ᠥᠷᠭᠡᠨ ᠳᠡᠯᠭᠡᠷ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠨᠡᠮᠡᠭᠳᠡᠭᠦᠯᠤᠨ᠎ᠠ᠃ ᠭᠤᠷᠪᠠ ᠳᠤ ᠦᠷ᠎ᠡ ᠪᠦᠲᠦᠭᠡᠯ ᠢ ᠶᠡᠭᠡ ᠪᠠᠷ ᠨᠠᠶᠢᠳᠠᠪᠤᠷᠢᠵᠢᠭᠤᠯᠤᠨ᠎ᠠ᠃ ᠲᠤᠬᠠᠢ ᠶᠢᠨ ᠴᠠᠭ ᠲᠤ᠂ ᠶᠡᠭᠡ ᠬᠤᠷᠠᠯ ᠠᠴᠠ ᠰᠢᠨ᠎ᠡ ᠡᠨᠧᠷᠭᠢ ᠶᠢᠨ ᠳᠠᠯᠳᠠ ᠬᠦᠴᠦᠨ ᠤ ᠵᠠᠭᠤᠨ ᠬᠦᠴᠦᠷᠬᠡᠭ ᠠᠵᠤ ᠠᠬᠤᠶᠢᠯᠠᠯ ᠤᠨ ᠵᠢᠭᠰᠠᠭᠠᠯᠲᠠ ᠪᠠ ᠰᠢᠨ᠎ᠡ ᠮᠠᠲ᠋ᠧᠷᠢᠶᠠᠯ ᠤᠨ ᠵᠠᠭᠤᠨ ᠬᠦᠴᠦᠷᠬᠡᠭ ᠠᠵᠤ ᠠᠬᠤᠶᠢᠯᠠᠯ ᠤᠨ ᠵᠢᠭᠰᠠᠭᠠᠯᠲᠠ ᠵᠢᠴᠢ ᠨᠡᠭᠦᠷᠡᠰᠦᠲᠥ᠋ᠷᠥᠭᠴᠢ ᠦᠯᠦ ᠭᠠᠳᠠᠬᠰᠢᠯᠠᠭᠤᠯᠬᠤ ᠡᠨᠧᠷᠭᠢ ᠬᠠᠩᠭᠠᠬᠤ ᠰᠢᠰᠲ᠋ᠧᠮ᠂ ᠨᠡᠭᠦᠷᠡᠰᠦᠲᠥ᠋ᠷᠥᠭᠴᠢ ᠦᠯᠦ ᠭᠠᠳᠠᠬᠰᠢᠯᠠᠭᠤᠯᠬᠤ ᠰᠶᠢᠳᠪᠦᠷᠢᠯᠡᠬᠦ ᠲᠥᠰᠥᠯ᠂ ᠴᠠᠬᠢᠭᠤᠷ ᠨᠡᠭᠦᠷᠡᠰᠦᠲᠥ᠋ᠷᠥᠭᠴᠢ ᠶᠢᠨ ᠪᠢᠯᠢᠭ ᠲᠦᠢᠯ ᠤᠨ ᠮᠠᠲ᠋ᠧᠷᠢᠶᠠᠯ ᠵᠡᠷᠭᠡ 5 ᠵᠦᠢᠯ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠨᠡᠶᠢᠲᠡᠯᠡᠵᠦ᠂ ᠨᠢᠭᠡ ᠪᠦᠯᠦᠭ ᠳᠠᠭᠤᠷᠢᠶᠠᠯ ᠦᠵᠡᠭᠦᠯᠬᠦ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠢ ᠪᠣᠳᠠᠲᠠᠢ ᠪᠠᠷ ᠬᠡᠷᠡᠭᠵᠢᠭᠦᠯᠬᠦ ᠶᠢ ᠠᠬᠢᠭᠤᠯᠤᠨ᠎ᠠ᠃ ᠳᠥᠷᠪᠡ ᠳᠤ ᠤᠯᠠᠨ ᠤᠯᠤᠰ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠦᠨ᠎ᠠ᠃ ᠶᠡᠭᠡ ᠬᠤᠷᠠᠯ ᠠᠴᠠ ᠪᠦᠬᠦ ᠪᠥᠮᠪᠥᠷᠴᠡᠭ ᠤᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠬᠦᠷᠢᠶ᠎ᠠ ᠴᠠᠷᠠᠭᠠᠨ ᠳᠠᠬᠢ ᠡᠷᠭᠢᠮ ᠵᠣᠴᠢᠳ ᠢ ᠤᠷᠢᠵᠤ᠂ ᠤᠯᠠᠨ ᠤᠯᠤᠰ ᠤᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠠᠺᠠᠳᠧᠮᠢᠴᠢ᠂ ᠲᠤᠰᠬᠠᠢ ᠮᠡᠷᠭᠡᠵᠢᠯᠲᠡᠨ᠂ ᠳᠡᠯᠡᠬᠡᠢ ᠶᠢᠨ 500 ᠬᠦᠴᠦᠷᠬᠡᠭ ᠵᠢᠴᠢ ᠤᠯᠤᠰ ᠠᠯᠤᠰᠯᠠᠭᠰᠠᠨ ᠠᠵᠤ ᠠᠬᠤᠶᠢᠯᠠᠯ ᠤᠨ ᠳᠡᠭᠡᠳᠦ ᠲᠡᠰ ᠤᠨ ᠬᠠᠷᠢᠭᠤᠴᠠᠯᠭᠠᠳᠠᠳ ᠵᠡᠷᠭᠡ ᠶᠢ ᠪᠠᠭᠲᠠᠭᠠᠭᠰᠠᠨ ᠭᠠᠳᠠᠭᠠᠳᠤ ᠶᠢᠨ ᠲᠠᠯ᠎ᠠ ᠶᠢᠨ ᠤᠯᠠᠨ ᠲᠥᠯᠥᠭᠡᠯᠡᠭᠴᠢ ᠶᠢ ᠬᠤᠷᠠᠯ ᠳᠤ ᠣᠷᠣᠯᠴᠠᠭᠤᠯᠵᠤ᠂ ᠤᠯᠠᠨ ᠤᠯᠤᠰ ᠤᠨ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠥᠪᠥᠷ ᠮᠣᠩᠭᠤᠯ ᠤᠨ ᠤᠯᠤᠰ ᠤᠨ ᠭᠠᠳᠠᠭᠠᠳᠤ ᠨᠡᠭᠡᠭᠡᠯᠲᠡ ᠶᠢᠨ ᠶᠡᠭᠡ ᠪᠠᠶᠢᠷᠢᠰᠢᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠪᠣᠯᠣᠨ ᠳᠡᠯᠡᠬᠡᠢ ᠳᠠᠬᠢ ᠨᠥᠯᠥᠭᠡᠯᠡᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠤᠨ᠎ᠠ᠃ ᠲᠠᠪᠤ ᠳᠤ ᠠᠵᠤ ᠦᠢᠯᠡᠰ ᠤᠨ ᠠᠭᠤᠰᠤᠯᠴᠠᠯ ᠢ ᠠᠬᠢᠭᠤᠯᠤᠨ᠎ᠠ᠃ ᠶᠡᠭᠡ ᠬᠤᠷᠠᠯ ᠤᠨ ᠬᠤᠭᠤᠴᠠᠭᠠᠨ ᠳᠤ᠂ ᠬᠠᠩᠭᠠᠯᠭ᠎ᠠ ᠬᠡᠷᠡᠭᠴᠡᠭᠡᠨ ᠤ ᠵᠣᠯᠭᠠᠯᠴᠠᠭ᠎ᠠ᠂ ᠮᠡᠷᠭᠡᠵᠢᠯ ᠤᠨ ᠰᠣᠯᠢᠯᠴᠠᠭ᠎ᠠ ᠪᠠ ᠲᠥᠷᠥᠯ ᠵᠦᠢᠯ ᠤᠨ ᠵᠥᠪᠳᠡᠯᠴᠡᠭᠡᠷ ᠤᠨ ᠠᠯᠢ ᠣᠯᠠᠨ ᠠᠵᠢᠯᠯᠠᠭ᠎ᠠ ᠶᠢ ᠥᠷᠨᠢᠭᠦᠯᠵᠦ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠬᠢᠭᠡᠳ ᠤᠯᠠᠮᠵᠢᠯᠠᠯᠲᠤ ᠠᠵᠤ ᠦᠢᠯᠡᠰ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠭᠦᠨᠵᠡᠭᠡᠢ ᠠᠭᠤᠰᠤᠯᠴᠠᠭᠤᠯᠬᠤ ᠪᠠ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠦᠢᠯᠡᠰ ᠤᠨ ᠬᠠᠷᠢᠯᠴᠠᠨ ᠨᠥᠬᠦᠪᠦᠷᠢᠯᠡᠵᠦ ᠬᠠᠷᠢᠯᠴᠠᠨ ᠠᠬᠢᠭᠤᠯᠤᠨ ᠬᠥᠭᠵᠢᠭᠦᠯᠬᠦ ᠶᠢ ᠪᠡᠶᠡᠯᠡᠭᠦᠯᠦᠨ᠂ ᠣᠯᠠᠨ ᠡᠰᠢᠲᠦ ᠠᠵᠤ ᠦᠢᠯᠡᠰ ᠤᠨ ᠬᠡᠯᠬᠢᠶ᠎ᠡ ᠶᠢᠨ ᠤᠷᠴᠢᠨ ᠠᠬᠤᠢ ᠶᠢ ᠪᠣᠶ ᠪᠣᠯᠭᠠᠬᠤ ᠶᠢ ᠠᠬᠢᠭᠤᠯᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠢᠴᠢ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠣᠷᠭᠢᠯ ᠭᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃

640.jpg

 

ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ