ᠳ᠋ᠦ᠋ ᠬᠤᠢ ᠯᠢᠶᠠᠩ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶ ᠶᠢᠨ ᠵᠠᠬᠢᠷᠤᠯ ᠯᠢᠦ ᠪᠥᠸᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/16
    7 ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠯᠢᠦ ᠪᠥᠸᠧ ᠨᠡᠷ ᠲᠠᠢ ᠠᠭᠤᠯᠵᠠᠪᠠ᠃
图片1.png
    ᠳ᠋ᠦ᠋ ᠬᠤᠢ ᠯᠢᠶᠠᠩ᠂ ᠤᠷᠳᠤᠰ ᠶᠠᠭ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠬᠤᠷᠠᠯ ᠪᠠ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠣᠭᠤᠮᠲᠠ ᠰᠢᠪᠲᠤᠯᠬᠤ︾ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠦᠨ ᠪᠤᠵᠠᠭᠠᠶᠢᠷᠠᠭᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢ ᠰᠡᠷᠭᠦᠭᠡᠨ ᠵᠠᠰᠠᠬᠤ᠂ ᠭᠦᠨ ᠳᠠᠪᠬᠤᠷᠭ᠎ᠠ ᠶᠢᠨ ᠡᠨᠧᠷᠭᠢ ᠶᠢᠨ ᠠᠰᠢᠭᠯᠠᠯᠲᠠ ᠵᠡᠷᠭᠡ ᠬᠦᠷᠢᠶᠡᠨ ᠤ ᠲᠣᠭᠤᠷᠢᠨ ᠳᠤ ᠲᠥᠯᠥᠪᠵᠢᠭᠦᠯᠭᠡ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠲᠡᠰ ᠳᠡᠪᠰᠢᠬᠦ᠂ ᠰᠢᠨ᠎ᠡ ᠶᠢ ᠡᠭᠦᠳᠬᠦ ᠬᠡᠯᠬᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ ᠶᠢᠨ ᠠᠭᠤᠰᠤᠯᠴᠠᠯ᠂ ᠤᠯᠠᠨ ᠤᠯᠤᠰ ᠤᠨ ᠬᠠᠮᠲᠤᠷᠠᠯᠴᠠᠨ ᠰᠤᠷᠭᠠᠭᠤᠯᠢ ᠡᠷᠬᠢᠯᠡᠬᠦ ᠵᠡᠷᠭᠡ ᠲᠠᠯ᠎ᠠ ᠪᠠᠷ ᠭᠠᠷ ᠬᠤᠯᠪᠣᠨ ᠬᠠᠮᠲᠤᠪᠠᠷ ᠤᠷᠤᠭᠰᠢᠯᠠᠵᠤ᠂ ︽ᠴᠡᠭ︾ ᠢᠶᠠᠷ ᠰᠢᠪᠲᠤᠯᠤᠯᠲᠠ ᠬᠢᠵᠤ ︽ᠨᠡᠶᠢᠳᠡᠮ︾ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠲᠠᠶᠢᠴᠢᠯᠠᠵᠤ᠂ ᠤᠷᠳᠤᠰ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠲᠡᠢ ᠲᠤᠯᠭᠠᠭᠤᠷᠢᠯᠠᠯ ᠬᠠᠩᠭᠠᠬᠤ ᠶᠢ ᠬᠦᠰᠡᠵᠦ ᠪᠠᠶᠢᠨ᠎ᠠ ᠭᠡᠪᠡ᠃    ᠯᠢᠦ ᠪᠥᠸᠧ᠂ ᠣᠷᠳᠣᠰ ᠬᠢᠭᠡᠳ ᠳᠤᠮᠳᠠᠳᠤ ᠤᠯᠤᠰ ᠤᠨ ᠠᠭᠤᠷᠬᠠᠶ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶ ᠶᠢᠨ ᠬᠠᠮᠲᠤᠷᠠᠯᠴᠠᠭ᠎ᠠ ᠶᠢᠨ ᠰᠠᠭᠤᠷᠢ ᠭᠦᠨ ᠵᠤᠵᠠᠭᠠᠨ᠂ ᠠᠮᠵᠢᠯᠲᠠ ᠪᠦᠲᠦᠮᠵᠢ ᠡᠯᠪᠡᠭ ᠪᠠᠶᠢᠵᠤ᠂ ᠠᠯᠤᠰ ᠢᠷᠡᠭᠡᠳᠦᠢ ᠥᠷᠭᠡᠨ ᠠᠭᠤᠳᠠᠮ ᠪᠠᠶᠢᠨ᠎ᠠ᠂ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠨ ᠬᠥᠮᠦᠵᠢᠯ᠂ ᠴᠢᠳᠠᠪᠤᠷᠢᠲᠠᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠳᠣᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠪᠡ᠃    ᠬᠤᠲᠠ ᠶᠢᠨ ᠤᠳᠤᠷᠢᠳᠤᠯᠭ᠎ᠠ ᠵᠠᠩ ᠰᠢᠤ ᠯᠢᠩ ᠣᠷᠣᠯᠴᠠᠵᠠᠶ᠃ 
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ