ᠠᠵᠤ ᠦᠢᠯᠡᠰ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠤᠨ ᠤᠷ᠎ᠠ ᠮᠡᠷᠭᠡᠵᠢᠯ ᠢᠶᠠᠨ ᠭᠠᠶᠢᠬᠠᠭᠤᠯᠤᠨ᠎ᠠ
ᠨᠡᠶᠢᠲᠡᠯᠡᠭᠰᠡᠨ ᠴᠠᠭ᠄
2024/7/16
     ᠣᠶᠢᠷ᠎ᠠ ᠳᠤ᠂ ᠭᠦᠭᠡᠬᠤᠲᠠ ᠶᠢᠨ ᠬᠤᠳᠠᠯᠳᠤᠭ᠎ᠠ ᠠᠷᠠᠯᠵᠢᠶ᠎ᠠ ᠵᠢᠭᠤᠯᠴᠢᠯᠠᠯ ᠤᠨ ᠠᠵᠢᠯ ᠮᠡᠷᠭᠡᠵᠢᠯ ᠤᠨ ᠰᠤᠷᠭᠠᠭᠤᠯᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠠᠷᠠᠭ ᠤᠨ ᠠᠵᠢᠯᠯᠠᠭ᠎ᠠ ᠵᠢᠴᠢ ᠣᠲᠣ ᠦᠶ᠎ᠡ ᠶᠢᠨ ᠬᠤᠭᠤᠯᠠ ᠵᠠᠭᠤᠰᠢ ᠬᠢᠬᠦ ᠠᠵᠢᠯ ᠲᠥᠷᠥᠯ ᠤᠨ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠯ ᠤᠨ ᠬᠠᠮᠲᠤ ᠶᠢᠨ ᠴᠣᠭᠴᠠ ᠪᠠᠶᠢᠭᠤᠯᠤᠭᠳᠠᠬᠤ ᠶᠣᠰᠣᠯᠠᠯ ᠶᠠᠪᠤᠭᠤᠯᠪᠠ᠃     ᠠᠵᠢᠯᠯᠠᠭ᠎ᠠ ᠳᠤᠮᠳᠠ᠂ ᠰᠤᠷᠭᠠᠭᠤᠯᠢ ᠶᠢᠨ ᠬᠤᠭᠤᠯᠠ ᠵᠠᠭᠤᠰᠢ᠂ ᠺᠤᠮᠫᠢᠦ᠋ᠲ᠋ᠧᠷ᠂ ᠵᠢᠭᠤᠯᠴᠢᠯᠠᠯ᠂ ᠤᠷᠠᠯᠢᠭ ᠤᠨ ᠵᠢᠷᠤᠭ ᠲᠥᠯᠥᠪᠯᠡᠭᠡ᠂ ᠮᠠᠰᠢᠨ ᠴᠠᠭᠢᠯᠭᠠᠨ ᠤ ᠠᠦ᠋ᠲ᠋ᠣᠴᠢᠯᠠᠯᠲᠠ᠂ ᠡᠳ᠋ ᠤᠨ ᠵᠠᠰᠠᠭ ᠠᠵᠤ ᠠᠬᠤᠢ ᠠᠷᠠᠯᠵᠢᠶ᠎ᠠ ᠬᠤᠳᠠᠯᠳᠤᠭ᠎ᠠ ᠵᠡᠷᠭᠡ ᠵᠢᠷᠭᠤᠭᠠᠨ ᠶᠡᠭᠡ ᠲᠥᠷᠥᠯ ᠤᠨ ᠲᠤᠰᠬᠠᠢ ᠮᠡᠷᠭᠡᠵᠢᠯ ᠤᠨ ᠪᠠᠭᠰᠢ ᠰᠤᠷᠤᠬᠴᠢᠳ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠦᠵᠡᠭᠦᠯᠭᠡ ᠵᠢᠴᠢ ᠭᠤᠶᠢᠳᠠ ᠰᠠᠶᠢᠬᠠᠨ ᠤᠷ᠎ᠠ ᠮᠡᠷᠭᠡᠵᠢᠯ ᠤᠨ ᠦᠵᠡᠭᠦᠯᠭᠡ ᠭᠠᠷᠭᠠᠵᠤ᠂ ᠪᠠᠭᠰᠢ ᠰᠤᠷᠤᠬᠴᠢᠳ ᠴᠤᠭ ᠵᠢᠪᠬᠤᠭ᠎ᠠ ᠪᠠᠨ ᠪᠠᠳᠠᠷᠠᠭᠤᠯᠵᠤ᠂ ᠭᠤᠴᠣ ᠡᠷᠳᠡᠮ ᠢᠶᠠᠨ ᠭᠠᠶᠢᠬᠠᠭᠤᠯᠵᠠᠢ᠃     ᠭᠠᠷᠠᠭ ᠤᠨ ᠠᠵᠢᠯᠯᠠᠭ᠎ᠠ ᠶᠢᠨ ᠬᠤᠭᠤᠴᠠᠭᠠᠨ ᠳᠤ᠂ ᠭᠦᠭᠡᠬᠤᠲᠠ ᠶᠢᠨ ᠠᠷᠠᠯᠵᠢᠶ᠎ᠠ ᠬᠤᠳᠠᠯᠳᠤᠭ᠎ᠠ ᠵᠢᠭᠤᠯᠴᠢᠯᠠᠯ ᠤᠨ ᠠᠵᠢᠯ ᠮᠡᠷᠭᠡᠵᠢᠯ ᠤᠨ ᠰᠤᠷᠭᠠᠭᠤᠯᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠭᠤᠯᠢ ᠶᠢᠨ ᠬᠦᠷᠢᠶ᠎ᠡ ᠶᠢ ᠴᠢᠯᠦᠭᠡᠲᠡᠢ ᠨᠡᠭᠡᠭᠡᠬᠦ᠂ ᠨᠡᠶᠢᠭᠡᠮ ᠲᠣᠭᠤᠷᠢᠭ ᠲᠤ ᠣᠷᠣᠬᠤ᠂ ︽ᠰᠦᠯᠵᠢᠶᠡᠨ ᠳᠡᠭᠡᠷ᠎ᠡ ᠰᠤᠷᠭᠠᠭᠤᠯᠢ ᠶᠢᠨ ᠬᠦᠷᠢᠶ᠎ᠡ ᠶᠢ ᠲᠣᠭᠤᠷᠢᠬᠤ︾ ᠵᠡᠷᠭᠡ ᠭᠡᠯᠪᠡᠷᠢ ᠪᠠᠷ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠪᠠᠶᠢᠭᠤᠯᠤᠯᠲᠠ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠭᠦᠨᠵᠡᠭᠡᠢ ᠤᠬᠠᠭᠤᠯᠵᠤ᠂ ᠭᠦᠳᠡᠯᠮᠦᠷᠢ ᠥᠩᠭᠡ ᠭᠡᠷᠡᠯ ᠲᠠᠢ᠂ ᠤᠷ᠎ᠠ ᠴᠢᠳᠠᠪᠤᠷᠢ ᠡᠷᠬᠢᠮ ᠨᠠᠨᠳᠢᠨ᠂ ᠡᠭᠦᠳᠦᠨ ᠪᠦᠲᠦᠭᠡᠯᠲᠡ ᠠᠭᠤᠤ ᠶᠡᠭᠡ ᠴᠠᠭ ᠦᠶ᠎ᠡ ᠶᠢᠨ ᠬᠡᠪ ᠰᠤᠷᠲᠠᠯ ᠢ ᠢᠳᠡᠪᠬᠢᠲᠡᠢ ᠪᠠᠳᠠᠷᠠᠭᠤᠯᠤᠭᠰᠠᠨ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ