| ᠤᠷᠳᠤᠰ ᠵᠠᠰᠠᠭ ᠠᠯᠪᠠᠨ ᠲᠠᠷᠬᠠᠭᠠᠭᠰᠠᠨ ﹇2024﹈ 24 ᠳ᠋ᠤᠭᠡᠷ ᠲᠣᠭᠠᠲᠤ | | | ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ︽ᠣᠷᠳᠣᠰ ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢ ᠴᠢᠨᠠᠭᠰᠢᠳᠠ ᠲᠡᠭᠦᠯᠳᠡᠷᠵᠢᠭᠦᠯᠬᠦ ᠶᠢᠨ ᠬᠡᠷᠡᠭᠵᠢᠭᠦᠯᠬᠦ | ᠲᠥᠰᠦᠯ︾ ᠢ ᠨᠢᠭᠡᠨᠲᠡ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ | ᠵᠥᠪᠯᠡᠵᠦ ᠪᠠᠲᠤᠯᠠᠭᠠᠳ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠣᠬᠢᠶᠠᠨ ᠪᠠᠶᠢᠭᠤᠯᠤᠨ | ᠬᠡᠷᠡᠭᠵᠢᠭᠦᠯᠲᠦᠭᠡᠶ᠃ | | | | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 4 ᠳ᠋ᠤᠭᠡᠷ ᠰᠠᠷ᠎ᠠ ᠶᠢᠨ 8 ᠤ ᠡᠳᠦᠷ | | | ᠤᠷᠳᠤᠰ ᠬᠤᠳᠠ ᠶᠢᠨ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠤᠭᠳᠠᠯᠴᠠᠭ᠎ᠠ ᠶᠢ | ᠴᠢᠨᠠᠭᠰᠢᠳᠠ ᠲᠡᠭᠦᠯᠳᠡᠷᠵᠢᠭᠦᠯᠬᠦ ᠶᠢᠨ ᠬᠡᠷᠡᠭᠵᠢᠬᠦᠯᠬᠦ ᠲᠦᠰᠦᠯ | | ︽︿ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢ ᠴᠢᠨᠠᠭᠰᠢᠳᠠ ᠲᠡᠭᠦᠯᠳᠡᠷᠵᠢᠭᠦᠯᠬᠦ ᠲᠤᠬᠠᠶ ᠰᠠᠨᠠᠯ﹀ ᠢ ᠳᠠᠷᠤᠮᠠᠯᠯᠠᠨ ᠶᠠᠪᠤᠭᠤᠯᠬᠤ | ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ | ᠮᠡᠳᠡᠭᠳᠡᠯ︾ ︵ᠲᠥᠪ ᠠᠯᠪᠠᠨ ᠲᠠᠷᠬᠠᠭᠠᠭᠰᠠᠨ ﹇2023﹈ 10 ᠳ᠋ᠤᠭᠠᠷ ᠲᠣᠭᠠᠲᠤ︶ ᠵᠢᠴᠢ ︽ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠤᠭᠲᠠᠯᠴᠠᠭ᠎ᠠ ᠶᠢ ᠴᠢᠨᠠᠭᠰᠢᠳᠠ ᠲᠡᠭᠦᠯᠳᠡᠷᠵᠢᠭᠦᠯᠬᠦ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠤᠷᠤᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 61 ᠳ᠋ᠤᠭᠡᠷ ᠲᠣᠭᠠᠲᠤ︶ | ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠤᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠠᠷᠠᠳ ᠣᠯᠠᠨ ᠳᠤ ᠪᠥᠬᠦ ᠲᠠᠯ᠎ᠠ ᠶᠢᠨ ᠪᠥᠬᠦ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ | ᠬᠠᠩᠭᠠᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠨᠠᠮ ᠤᠨ ᠬᠤᠷᠢᠳᠤᠭᠠᠷ ᠶᠡᠭᠡ ᠬᠤᠷᠠᠯ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠶᠢ ᠪᠠᠷᠢᠮᠲᠠᠯᠠᠨ᠂ | ᠪᠦᠬᠦᠶᠢᠯᠡ ᠬᠡᠪᠴᠢᠶᠡᠨ ᠤ ᠡᠷᠡᠭᠦᠯ ᠬᠠᠮᠠᠭᠠᠯᠠᠯ᠂ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠡᠷᠡᠭᠦᠯ ᠡᠩᠬᠡ ᠣᠷᠳᠣᠰ ᠤᠨ ᠪᠦᠲᠦᠭᠡᠨ | ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠂ ᠡᠮᠴᠢᠯᠡᠭᠡ ᠡᠷᠡᠭᠦᠯ ᠬᠠᠮᠠᠭᠠᠯᠠᠯ ᠤᠨ ᠬᠥᠭᠵᠢᠯᠲᠡ ᠶᠢᠨ ᠠᠷᠭ᠎ᠠ ᠮᠠᠶ᠋ᠢᠭ ᠢ ᠳᠣᠲᠣᠭᠠᠳᠤ ᠠᠭᠤᠯᠤᠭᠳᠠᠬᠤᠨ ᠤ ᠮᠠᠶ᠋ᠢᠭ ᠤᠨ | ᠬᠥᠭᠵᠢᠯᠲᠡ ᠶᠢ ᠨᠡᠩ ᠢᠯᠡᠭᠦᠦ ᠴᠢᠬᠤᠯᠠᠴᠢᠯᠠᠬᠤ ᠲᠡᠶᠢᠰᠢ ᠬᠤᠪᠢᠷᠠᠭᠤᠯᠬᠤ᠂ ᠦᠢᠯᠡᠴᠢᠯᠡᠭᠡᠨ ᠤ ᠵᠠᠭᠪᠤᠷ ᠢ ᠰᠢᠰᠲ᠋ᠧᠮ ᠲᠠᠢ ᠦᠷᠭᠦᠯᠵᠢᠯᠡᠭᠦᠯᠬᠦ ᠶᠢ ᠨᠡᠩ ᠢᠯᠡᠭᠦᠦ | ᠴᠢᠬᠤᠯᠠᠴᠢᠯᠠᠬᠤ ᠲᠡᠶᠢᠰᠢ ᠬᠤᠪᠢᠷᠠᠭᠤᠯᠬᠤ᠂ᠬᠠᠮᠢᠶᠠᠷᠤᠯᠲᠠ ᠶᠢᠨ ᠠᠷᠭ᠎ᠠ ᠪᠠᠷᠢᠯ ᠢ ᠰᠢᠨᠵᠢᠯᠡᠬᠦ ᠤᠬᠠᠭᠠᠨᠴᠢᠯᠠᠭᠰᠠᠨ ᠵᠠᠰᠠᠯᠲᠠ ᠶᠢ ᠨᠡᠩ ᠴᠢᠬᠤᠯᠠᠴᠢᠯᠠᠬᠤ ᠲᠡᠶᠢᠰᠢ | ᠬᠤᠪᠢᠷᠠᠭᠤᠯᠵᠤ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠶ ᠪᠠᠶᠢᠷᠢᠰᠢᠯ ᠢ | ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠴᠢᠨᠠᠷ ᠰᠠᠶᠢᠲᠠᠢ ᠥᠨᠳᠥᠷ ᠪᠦᠲᠦᠮᠵᠢᠲᠡᠶ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠤᠭᠲᠠᠯᠴᠠᠭ᠎ᠠ ᠶᠢ ᠪᠠᠶᠢᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠲᠠᠰᠤᠷᠠᠯᠲᠠ ᠦᠭᠡᠢ ᠴᠢᠩᠭᠠᠳᠬᠠᠨ᠎ᠠ᠃ | ︵ᠬᠤᠶᠠᠷ︶ ᠠᠵᠢᠯ ᠤᠨ ᠬᠠᠷᠠᠯᠲᠠ᠃ 2025 ᠣᠨ ᠪᠣᠯᠬᠤ ᠳᠤ᠂ ᠪᠥᠬᠦ ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠣᠭᠲᠠᠯᠴᠠᠭ᠎ᠠ ᠶᠢ ᠴᠢᠨᠠᠭᠰᠢᠳᠠ ᠪᠦᠷᠢᠨᠰᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠪᠠ ᠦᠢᠯᠡᠴᠢᠯᠡᠭᠡᠨ ᠤ ᠲᠡᠩᠴᠡᠭᠦᠷᠢᠲᠦ ᠴᠢᠨᠠᠷ ᠢ ᠠᠯᠬᠤᠮ ᠠᠯᠬᠤᠮ ᠢᠶᠠᠷ | ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠪᠠ ᠥᠨᠳᠥᠷ ᠳᠥᠪᠰᠢᠨ ᠪᠦᠬᠦᠢ ᠡᠮᠨᠡᠯᠭᠡ ᠶᠢᠨ | ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠠᠩᠬ᠎ᠠ ᠬᠡᠪᠴᠢᠶ᠎ᠡ ᠲᠠᠢ ᠪᠣᠯᠵᠤ᠂ ᠬᠤᠰᠢᠭᠤ ᠲᠣᠭᠤᠷᠢᠭ ᠤᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠴᠢᠳᠠᠪᠤᠷᠢ ᠶᠢ ᠢᠯᠡᠳᠲᠡ ᠴᠢᠩᠭᠠᠳᠬᠠᠵᠤ᠂ ᠤᠯᠤᠰ ᠤᠨ ᠠᠯᠪᠠᠨ ᠠᠴᠠ | ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠠᠮᠵᠢᠯᠲᠠ ᠪᠦᠲᠦᠮᠵᠢ ᠶᠢᠨ ᠬᠢᠨᠠᠨ ᠰᠢᠯᠭᠠᠷᠠᠭᠤᠯᠤᠯᠲᠠ ᠶᠢᠨ ᠨᠡᠷᠡᠰ ᠤᠨ ᠵᠢᠭᠰᠠᠭᠠᠯᠲᠠ ᠶᠢ ᠮᠡᠳᠡᠭᠳᠡᠬᠦᠶᠢᠴᠡ | ᠳᠡᠭᠡᠭᠰᠢᠯᠡᠭᠦᠯᠵᠦ᠂ ᠮᠢᠩᠭᠠᠨ ᠬᠥᠮᠥᠨ ᠨᠢᠭᠡᠪᠦᠷᠢ ᠶᠢᠨ ᠣᠷᠣ ᠶᠢᠨ ᠲᠤᠭ᠎ᠠ ᠶᠢ 6.8 ᠣᠷᠣ ᠪᠣᠯᠭᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠣᠷᠣ ᠪᠠ ᠬᠥᠮᠥᠨ ᠤ ᠬᠠᠷᠢᠴᠠᠯ ᠢ ᠠᠳᠠᠭ ᠲᠠᠭᠠᠨ1᠄ 1.6 ᠪᠠᠶᠢᠯᠭᠠᠵᠤ᠂ ᠡᠮᠴᠢ ᠪᠠ ᠰᠣᠪᠢᠯᠠᠭᠴᠢ ᠶᠢᠨ ᠬᠠᠷᠢᠴᠠᠯ ᠢ ᠠᠳᠠᠭ ᠲᠠᠭᠠᠨ 1᠄ 1.2 ᠪᠠᠶᠢᠯᠭᠠᠵᠤ᠂ | 50% ᠠᠴᠠ ᠳᠡᠭᠡᠭᠰᠢᠬᠢ ᠬᠤᠰᠢᠭᠤ ᠲᠣᠭᠤᠷᠢᠭ ᠤᠨ ᠲᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢ ᠤᠯᠤᠰ ᠤᠨ ᠰᠢᠶᠠᠨ ᠤ ᠲᠡᠰ ᠤᠨ ᠡᠮᠨᠡᠯᠭᠡ ᠶᠢᠨ | ᠬᠤᠷᠢᠶ᠎ᠠ ᠶᠢᠨ ᠡᠮᠴᠢᠯᠡᠭᠡ ᠶᠢᠨ ᠦᠢᠯᠡᠴᠢᠯᠡᠭᠡᠨ ᠤ ᠴᠢᠳᠠᠪᠤᠷᠢ ᠶᠢᠨ ᠲᠠᠨᠢᠯᠴᠠᠭᠤᠯᠬᠤ ᠪᠠᠷᠢᠮᠵᠢᠶ᠎ᠠ ᠳᠤ ᠬᠦᠷᠦᠭᠦᠯᠵᠦ᠂ ᠬᠤᠰᠢᠭᠤ ᠰᠢᠶᠠᠨ ᠤ ᠬᠡᠪᠴᠢᠶᠡᠨ ᠳᠠᠬᠢ | ᠡᠮᠨᠡᠯᠭᠡ ᠳᠤ ᠰᠠᠭᠤᠭᠰᠠᠨ ᠬᠥᠮᠥᠨ ᠤᠳᠠᠭ᠎ᠠ ᠶᠢᠨ ᠡᠵᠡᠯᠡᠬᠦ ᠬᠠᠷᠢᠴᠠᠯ ᠢ 80% ᠠᠴᠠ ᠳᠡᠭᠡᠭᠰᠢ ᠳᠤ ᠬᠦᠷᠦᠭᠦᠯᠵᠦ᠂ ᠬᠦᠨᠳᠦ ᠶᠡᠭᠡ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ᠂ ᠠᠪᠤᠷᠠᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠢᠯᠡᠳᠲᠡ ᠴᠢᠩᠭᠠᠳᠬᠠᠵᠤ᠂ ᠬᠢᠲᠠᠳ ᠧᠦ᠋ᠷᠣᠫᠠ | ᠡᠮᠨᠡᠯᠭᠡ ︵ᠮᠣᠩᠭᠤᠯ ᠧᠦ᠋ᠷᠣᠫᠠ ᠡᠮᠨᠡᠯᠭᠡ︶ ᠶᠢᠨ ᠬᠦᠭᠵᠢᠯᠲᠡ ᠶᠢ ᠨᠡᠩ ᠵᠤᠬᠢᠴᠠᠩᠭᠤᠢ ᠪᠣᠯᠭᠠᠵᠤ᠂ ᠡᠮᠬᠢ ᠳᠠᠷᠠᠭ᠎ᠠ ᠲᠠᠢ ᠪᠠᠷ ᠡᠪᠡᠳᠴᠢᠨ ᠦᠵᠡᠭᠦᠯᠬᠦ ᠪᠠ | ᠣᠨᠣᠰᠢᠯᠠᠨ ᠡᠮᠨᠡᠬᠦ ᠲᠤᠭᠲᠠᠯᠴᠠᠭ᠎ᠠ ᠶᠢᠨ ᠪᠠᠶᠢᠭᠤᠯᠤᠯᠲᠠ ᠶᠢ ᠢᠳᠡᠪᠬᠢᠲᠡᠢ ᠦᠷ᠎ᠡ ᠪᠦᠲᠦᠮᠵᠢ ᠲᠠᠢ ᠪᠣᠯᠭᠠᠨ᠎ᠠ᠃ | 2035 ᠤᠨ ᠪᠤᠯᠬᠤ ᠳᠤ᠂ ᠨᠡᠶᠢᠭᠡᠮ ᠵᠢᠷᠤᠮ ᠤᠨ ᠤᠳᠤᠬᠢᠴᠢᠯᠠᠯᠳᠠ ᠲᠠᠢ ᠵᠤᠬᠢᠴᠠᠯᠳᠤᠭᠰᠠᠨ᠂ ᠲᠤᠭᠲᠠᠯᠴᠠᠭ᠎ᠠ ᠨᠢ ᠪᠦᠷᠢᠨ ᠪᠦᠳᠦᠨ᠂ ᠠᠵᠢᠯ ᠤᠨ | ᠬᠤᠪᠢᠶᠠᠷᠢᠯᠠᠯ ᠨᠢ ᠳᠤᠳᠤᠷᠬᠠᠢ᠂ ᠴᠢᠳᠠᠮᠵᠢ ᠪᠠᠨ ᠬᠠᠷᠢᠯᠴᠠᠨ ᠨᠦᠬᠦᠪᠦᠷᠢᠯᠡᠭᠰᠡᠨ᠂ ᠦᠷᠭᠦᠯᠵᠢᠯᠡᠨ ᠬᠠᠮᠵᠢᠯᠴᠠᠭᠰᠠᠨ᠂ ᠠᠵᠢᠯᠯᠠᠭᠠᠨ ᠨᠢ ᠦᠨᠳᠦᠷ ᠪᠦᠳᠦᠮᠵᠢᠲᠠᠢ᠂ | ᠤᠶᠠᠨ ᠬᠠᠳᠠᠨ ᠴᠢᠨᠠᠷᠳᠠᠢ ᠪᠦᠬᠦᠯᠢ ᠴᠣᠭᠴᠠᠲᠤ ᠮᠠᠶ᠋ᠢᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢ ᠦᠨᠳᠦᠰᠦᠨ ᠳᠡᠭᠡᠨ ᠪᠤᠢ | ᠪᠤᠯᠭᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠳᠦᠪ ᠭᠤᠤᠯᠴᠢ ᠴᠢᠨᠠᠷ᠂ ᠬᠦᠷᠦᠯᠴᠡᠵᠦ ᠪᠤᠯᠬᠤᠶᠢᠴᠠ ᠴᠢᠨᠠᠷ ᠪᠠ ᠴᠢᠨᠠᠷ ᠰᠠᠶᠢᠲᠠᠶ ᠦᠢᠯᠡᠴᠢᠯᠡᠭᠡ | ᠬᠠᠩᠭᠠᠬᠤ ᠴᠢᠳᠠᠪᠤᠷᠢ ᠶᠢ ᠢᠯᠡᠳᠳᠡ ᠴᠢᠩᠭᠠᠳᠬᠠᠵᠤ᠂ ᠠᠷᠠᠳ ᠤᠯᠠᠨ ᠤ ᠡᠷᠡᠭᠦᠯ ᠮᠡᠨᠳᠦ ᠶᠢᠨ ᠲᠦᠪᠰᠢᠨ ᠢ ᠢᠯᠡᠳᠳᠡ ᠳᠡᠭᠡᠭᠰᠢᠯᠡᠭᠦᠯᠬᠦ ᠶᠢ ᠠᠬᠢᠭᠤᠯᠤᠨ᠎ᠠ | ᠬᠤᠶᠠᠷ᠂ ᠭᠤᠤᠯᠳᠠᠯᠭ᠎ᠠ ᠲᠠᠢ ᠠᠵᠢᠯ | ︵ᠨᠢᠭᠡ︶ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠤᠨ᠎ᠠ᠃ | 1. ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ | ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ︽ᠨᠠᠷᠠᠲᠤ | ᠡᠮᠴᠢ ᠶᠢᠨ ᠠᠵᠢᠯᠯᠠᠬᠤ ᠲᠠᠰᠤᠭ︾ ᠢ ᠰᠢᠯᠭᠠᠷᠠᠭᠤᠯᠬᠤ ᠠᠷᠭ᠎ᠠ ᠶᠢ ᠳᠠᠷᠤᠮᠠᠯᠯᠠᠨ ᠲᠠᠷᠬᠠᠭᠠᠵᠤ᠂ ︽ᠠᠵᠢᠯ ᠠᠴᠠ ᠠᠮᠠᠷᠠᠭᠰᠠᠳ ᠤᠨ ᠲᠥᠯᠥᠪᠯᠡᠭᠡ︾ ᠶᠢ | ᠬᠡᠷᠡᠭᠵᠢᠭᠦᠯᠦᠨ᠂ ᠪᠠᠴᠢᠮ ᠱᠠᠭᠠᠷᠳᠠᠭᠳᠠᠵᠤ ᠪᠠᠶᠢᠭ᠎ᠠ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠳᠬᠠᠵᠤ᠂ ᠵᠢᠯ | ᠪᠦᠷᠢ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠶᠢᠨ ᠮᠠᠰᠲ᠋ᠧᠷ᠂ ᠳ᠋ᠣᠺᠲ᠋ᠣᠷ ᠵᠡᠷᠭᠡ ᠳᠡᠭᠡᠳᠦ ᠲᠠᠰ ᠳᠠᠪᠬᠤᠷᠭ᠎ᠠ ᠶᠢᠨ ᠡᠷᠡᠭᠦᠯ ᠬᠠᠮᠠᠭᠠᠯᠠᠯ ᠤᠨ | ᠴᠢᠳᠠᠪᠤᠷᠢᠲᠠᠨ ᠢ ᠠᠳᠠᠭ ᠲᠠᠭᠠᠨ 100 ᠨᠡᠷᠡᠰ ᠣᠷᠣᠭᠤᠯᠤᠨ ᠠᠪᠴᠢᠷᠠᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠦᠮᠦᠨ ᠬᠡᠷᠡᠭᠯᠡᠬᠦ | ᠡᠵᠡᠨ ᠮᠡᠳᠡᠬᠦ ᠡᠷᠬᠡ ᠶᠢ ᠭᠦᠢᠴᠡᠳ ᠨᠠᠶᠢᠳᠠᠪᠤᠷᠢᠵᠢᠭᠤᠯᠵᠤ᠂ ᠵᠠᠪᠠᠯ ᠣᠷᠤᠭᠤᠯᠬᠤ ᠪᠠ ᠤᠶᠠᠨ ᠬᠠᠳᠠᠨ ᠴᠢᠨᠠᠷᠲᠠᠢ ᠪᠠᠷ ᠣᠷᠤᠭᠤᠯᠬᠤ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠨ᠂ ᠨᠢᠭᠡ ᠪᠦᠯᠦᠭ ᠳᠡᠭᠡᠳᠦ ᠳᠡᠰ ᠳᠠᠪᠬᠤᠷᠭ᠎ᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯᠲᠡᠨ ᠵᠢᠴᠢ ᠪᠦᠯᠬᠦᠮ ᠢ | ᠣᠷᠤᠭᠤᠯᠤᠨ ᠠᠪᠴᠢᠷᠠᠵᠤ᠂ ᠳᠡᠭᠡᠳᠦ ᠳᠡᠰ ᠳᠠᠪᠬᠤᠷᠭ᠎ᠠ ᠶᠢᠨ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠬᠦᠲᠦᠯᠦᠨ ᠳᠠᠭᠠᠭᠤᠯᠵᠤ ᠳᠠᠶᠢᠴᠢᠯᠠᠬᠤ ᠦᠢᠯᠡᠳᠦᠯ ᠢ | ᠢᠳᠡᠪᠬᠢᠲᠡᠢ ᠪᠠᠳᠠᠷᠠᠭᠤᠯᠤᠨ᠎ᠠ᠃ ᠪᠡᠭᠡᠵᠢᠩ ᠵᠡᠷᠭᠡ ᠭᠠᠵᠠᠷ ᠤᠨ ᠳᠡᠭᠡᠳᠦ ᠵᠡᠷᠭᠡ ᠶᠢᠨ ᠠᠨᠠᠭᠠᠬᠤ ᠤᠬᠠᠭᠠᠨ ᠤ ᠰᠤᠷᠭᠠᠭᠤᠯᠢ ᠲᠠᠢ ᠢᠳᠡᠪᠬᠢᠲᠡᠢ ᠪᠠᠷ ᠬᠠᠮᠲᠤᠷᠠᠯᠴᠠᠵᠤ᠂ | ᠠᠺᠠᠳᠧᠮᠢᠴᠢ ᠶᠢᠨ ᠠᠵᠢᠯᠯᠠᠬᠤ ᠥᠷᠲᠡᠭᠡ᠂ ᠨᠡᠷᠡᠲᠦ ᠠᠬᠠᠮᠠᠳ ᠬᠢᠲᠠᠳ ᠡᠮᠴᠢ ᠶᠢᠨ ᠡᠮᠨᠡᠯᠭᠡ ᠶᠢᠨ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠠᠵᠢᠯᠯᠠᠬᠤ ᠲᠠᠰᠤᠭ | ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠤᠯᠤᠰ ᠤᠨ ᠳᠣᠲᠣᠭᠠᠳᠤ ᠶᠢᠨ ᠣᠷᠦ᠋ᠢᠯᠠᠭᠰᠠᠨ ᠡᠮᠴᠢᠯᠡᠭᠡᠨ ᠤ ᠲᠤᠰᠬᠠᠶ ᠮᠡᠷᠭᠡᠵᠢᠯᠲᠡᠨ ᠵᠢᠴᠢ ᠪᠦᠯᠬᠦᠮ ᠢ ᠣᠷᠣᠭᠤᠯᠤᠨ | ᠠᠪᠴᠢᠷᠠᠵᠤ᠂ ᠪᠥᠬᠦ ᠬᠤᠲᠠ ᠵᠢᠯ ᠪᠦᠷᠢ ᠲᠤᠬᠠᠶᠢᠯᠠᠭᠰᠠᠨ ᠠᠵᠢᠯ ᠤᠨ ᠭᠤᠣᠯᠯᠠᠭᠴᠢ ᠠᠵᠢᠯᠲᠠᠨ ᠢ 50 — 100 ᠬᠥᠮᠦᠨ ᠢ ᠰᠣᠩᠭᠤᠨ ᠲᠣᠮᠢᠯᠠᠵᠤ | ᠬᠤᠷᠰᠢᠭᠰᠠᠨ ᠡᠮᠨᠡᠯᠭᠡ ᠶᠢᠨ ᠬᠤᠷᠢᠶ᠎ᠠ ᠳᠤ ᠳᠠᠪᠲᠠᠨ ᠪᠣᠯᠪᠠᠰᠤᠷᠠᠭᠤᠯᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠡᠮᠴᠢᠯᠡᠭᠡᠨ ᠤ ᠦᠢᠯᠡᠴᠢᠯᠡᠭᠡ ᠪᠠ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠮᠨᠡᠯᠭᠡ ᠳᠤ ᠰᠠᠭᠤᠬᠤ ᠡᠮᠴᠢ ᠶᠢᠨ | ᠵᠢᠷᠤᠮᠵᠢᠭᠰᠠᠨ ᠪᠣᠯᠪᠠᠰᠤᠷᠠᠭᠤᠯᠤᠯ ᠪᠠ ᠶᠡᠷᠦᠩᠬᠡᠶ ᠰᠠᠯᠠᠭᠠᠨ ᠤ ᠡᠮᠴᠢ ᠶᠢᠨ ᠠᠵᠢᠯ ᠤᠨ ᠪᠠᠶᠢᠷᠢ ᠰᠣᠯᠢᠬᠤ ᠪᠣᠯᠪᠠᠰᠤᠷᠠᠭᠤᠯᠤᠯ ᠤᠨ ᠡᠭᠦᠷᠭᠡ ᠶᠢ ᠨᠠᠶᠢᠳᠠᠪᠤᠷᠢᠵᠢᠭᠤᠯᠤᠨ᠂ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠪᠣᠯᠪᠠᠰᠤᠷᠠᠭᠤᠯᠬᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠬᠢᠶᠠᠯᠠᠭ᠎ᠠ ᠶᠢᠨ ᠬᠠᠨᠳᠤᠯᠭ᠎ᠠ ᠲᠠᠢ ᠠᠨᠠᠭᠠᠬᠤ ᠤᠬᠠᠭᠠᠨ ᠤ ᠰᠤᠷᠤᠭᠴᠢ ᠶᠢ ᠰᠦᠢᠳᠭᠡᠯ ᠬᠤᠷᠢᠶᠠᠬᠤ | ᠦᠭᠡᠢ ᠪᠠᠷ ᠬᠦᠮᠦᠵᠢᠭᠦᠯᠬᠦ ᠲᠦᠯᠦᠪᠯᠡᠭᠡ ᠶᠢᠨ ᠡᠭᠦᠷᠭᠡ ᠶᠢ ᠪᠡᠶᠡᠯᠡᠭᠦᠯᠦᠨ᠎ᠡ᠃ ᠤᠯᠤᠰ ᠤᠨ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠨ ᠤ ᠴᠢᠳᠠᠪᠤᠷᠢ ᠶᠢ | ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠲᠥᠷᠥᠯ ᠵᠦᠢᠯ ᠳᠤ ᠲᠦᠰᠢᠭᠯᠡᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ | ᠪᠠ ᠬᠢᠷᠢ ᠳᠥᠪᠰᠢᠨ ᠢ ᠳᠡᠭᠡᠭᠰᠢᠯᠡᠭᠦᠯᠦᠨ᠎ᠡ᠃ ᠣᠶᠣᠳᠡᠳ ᠢ ᠬᠦᠳᠡᠭᠡ ᠲᠣᠰᠬᠤᠨ ᠤ ᠡᠮᠴᠢ ᠪᠠᠷ ᠬᠠᠨᠳᠣᠯᠭ᠎ᠠ ᠲᠠᠢ ᠬᠦᠮᠦᠵᠢᠬᠦᠯᠬᠦ ᠲᠣᠰᠬᠠᠢ ᠳᠦᠯᠥᠪᠯᠡᠭᠡ ᠶᠢ | ᠨᠠᠶᠢᠳᠡᠪᠦᠷᠢᠵᠢᠭᠤᠯᠵᠦ᠂ ᠠᠨᠠᠭᠠᠬᠤ ᠣᠬᠠᠭᠠᠨ ᠤ ᠲᠣᠰᠬᠠᠢ ᠮᠡᠷᠭᠡᠵᠢᠯ ᠤᠨ ᠶᠡᠭᠡ ᠳᠡᠭᠡᠳᠦ ᠰᠣᠷᠭᠠᠭᠤᠯᠢ ᠳᠡᠬᠦᠰᠦᠭᠰᠡᠳ ᠢ ᠤᠷᠢᠨ ᠡᠯᠰᠡᠵᠤ ᠰᠢᠯᠭᠠᠬᠤ ᠦᠭᠡᠢ ᠪᠠᠷ | ᠬᠦᠳᠡᠭᠡ ᠲᠣᠰᠬᠤᠨ ᠤ ᠡᠮᠴᠢ ᠪᠠᠷ ᠪᠦᠷᠢᠳᠬᠡᠭᠦᠯᠵᠤ ᠭᠠᠴᠠᠭ᠎ᠠ ᠲᠣᠰᠬᠤᠨ ᠤ ᠡᠷᠡᠬᠦᠯ ᠬᠠᠮᠠᠭᠠᠯᠠᠯ ᠤᠨ ᠳᠠᠰᠤᠭ ᠲᠤ ᠣᠴᠢᠵᠤ ᠦᠢᠯᠡᠴᠢᠯᠡᠬᠦᠯᠥᠨᠠ᠃ ᠠᠵᠢᠯ | ᠡᠷᠬᠢᠯᠡᠬᠦ ᠡᠮᠴᠢ ᠶᠢᠨ ᠦᠨᠳᠦᠰᠦᠨ ᠱᠠᠲᠤᠨ ᠳᠤ ᠦᠢᠯᠡᠴᠢᠯᠡᠬᠦ ᠳᠦᠷᠢᠮ ᠢ ᠨᠠᠶᠢᠳᠠᠪᠤᠷᠢᠵᠢᠭᠤᠯᠵᠤ᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ | ᠡᠮᠨᠡᠯᠭᠡ ᠶᠢᠨ ᠬᠤᠷᠢᠶ᠎ᠠ ᠪᠣᠯᠤᠨ ᠦᠨᠡᠨᠬᠦ ᠲᠤᠰᠬᠠᠶ ᠮᠡᠷᠭᠡᠵᠢᠯ ᠲᠠᠢ ᠡᠮᠴᠢ ︵ᠠᠵᠢᠯ ᠤᠨ ᠪᠠᠶᠢᠷᠢ ᠳᠤ ᠪᠠᠶᠢᠭ᠎ᠠ ᠡᠮᠴᠢ᠂ ᠠᠵᠢᠯ ᠠᠴᠠ ᠪᠠᠨ ᠠᠮᠠᠷᠠᠭᠰᠠᠨ ᠡᠮᠴᠢ︶ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠣᠴᠢᠵᠤ ᠣᠨᠴᠠᠯᠢᠭᠲᠤ ᠰᠠᠯᠠᠭ᠎ᠠ ᠲᠠᠰᠤᠭ ︵ᠡᠭᠦᠳᠡᠨ ᠡᠮᠨᠡᠯᠭᠡ︶ ᠭᠠᠷᠭᠠᠬᠤ ᠶᠢ | ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠡᠮᠴᠢ ᠶᠢᠨ ᠰᠤᠷᠤᠯᠴᠠᠭᠰᠠᠨ ᠨᠠᠮᠲᠠᠷ ᠤᠨ ᠰᠤᠷᠭᠠᠨ ᠬᠥᠮᠦᠵᠢᠯ ᠳᠤ ᠣᠷᠣᠯᠴᠠᠬᠤ᠂ ᠠᠵᠢᠯ ᠡᠷᠬᠢᠯᠡᠬᠦ ︵ᠲᠤᠰᠠᠯᠠᠬᠤ︶ | ᠡᠮᠴᠢ ᠶᠢᠨ ᠬᠢᠷᠢ ᠭᠡᠮ ᠢ ᠰᠢᠯᠭᠠᠨ ᠠᠪᠬᠤ ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠡᠮᠴᠢ ᠶᠢ ᠠᠵᠢᠯ ᠡᠷᠬᠢᠯᠡᠬᠦ ︵ᠲᠤᠰᠠᠯᠠᠬᠤ︶ ᠡᠮᠴᠢ ᠲᠡᠰᠢ | ᠬᠤᠪᠢᠷᠠᠭᠤᠯᠬᠤ ᠶᠢ ᠠᠬᠢᠭᠤᠯᠤᠨ᠎ᠠ᠃ ᠡᠮ ᠨᠠᠶᠢᠷᠠᠭᠤᠯᠤᠭᠴᠢ ᠶᠢᠨ ᠡᠩᠨᠡᠭᠡ ᠶᠢᠨ ᠪᠠᠶᠢᠭᠤᠯᠥᠯᠳᠡ ᠶᠢᠨ ᠡᠷᠴᠢᠮ ᠢ ᠴᠢᠩᠭᠠᠷᠡᠭᠤᠯᠵᠦ᠂ ᠲᠣᠠᠠᠳᠠᠭᠠᠯ ᠶᠣᠰᠣᠭᠠᠷ | ᠡᠮᠴᠢᠯᠡᠬᠡᠨ ᠤ ᠡᠮ ᠨᠠᠶᠢᠷᠠᠭᠤᠯᠤᠭᠴᠢ ᠶᠢ ᠲᠣᠬᠢᠷᠡᠭᠤᠯᠥᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠷᠡᠭᠦᠯ ᠬᠠᠮᠠᠭᠠᠯᠠᠯ ᠤᠨ | ᠮᠡᠷᠭᠡᠵᠢᠯ ᠤᠨ ᠠᠵᠢᠯᠲᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠬᠠᠷᠢᠴᠠᠯ ᠢ ᠳᠡᠭᠡᠭᠰᠢᠯᠡᠬᠦᠯᠦᠨ᠎ᠡ᠃ | ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶ᠎ᠠ ᠶᠢᠨ | ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ︶ | 2. ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠲᠥᠪ ᠤᠨ ᠶᠡᠷᠦᠩᠬᠡᠶᠢᠯᠡᠭᠰᠡᠨ ᠴᠢᠳᠠᠪᠤᠷᠢ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠷᠣᠨ ᠪᠦᠰᠡ ᠶᠢᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠪ ᠤᠨ ᠲᠥᠷᠥᠯ ᠵᠦᠢᠯ ᠢ ᠣᠯᠬᠤ ᠪᠠᠷ ᠴᠢᠷᠮᠠᠶᠢᠨ᠎ᠠ᠃ ᠣᠶᠤᠨ ᠤ ᠡᠷᠡᠭᠦᠯ ᠬᠠᠮᠠᠭᠠᠯᠠᠯ᠂ ᠡᠷᠡᠭᠦᠯ ᠬᠠᠮᠠᠭᠠᠯᠠᠯ ᠤᠨ ᠬᠢᠨᠠᠯᠲᠠ | ᠲᠠᠯᠪᠢᠯᠲᠠ᠂ ᠡᠷᠡᠭᠦᠯ ᠮᠡᠨᠳᠦ ᠶᠢ ᠠᠬᠢᠭᠤᠯᠬᠤ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ᠂ ᠡᠷᠬᠢᠯᠡᠭᠰᠡᠨ ᠠᠵᠢᠯ ᠤᠨ ᠡᠷᠡᠭᠦᠯ ᠬᠠᠮᠠᠭᠠᠯᠠᠯ᠂ ᠴᠢᠰᠤ ᠠᠪᠬᠤ | ᠬᠠᠩᠭᠠᠬᠤ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠡᠮᠨᠡᠯᠭᠡ ᠶᠢᠨ ᠬᠤᠷᠢᠶ᠎ᠠ᠂ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ ᠲᠠᠰᠤᠭ ᠤᠨ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠎ᠠ᠃ ᠴᠢᠨᠠᠷ ᠴᠢᠨᠰᠠᠭ᠎ᠠ ᠶᠢ ᠨᠢᠭᠡᠳᠦᠯᠲᠡᠶ ᠡᠵᠡᠮᠳᠡᠬᠦ᠂ ᠡᠬᠢ ᠪᠠᠶᠠᠯᠢᠭ ᠪᠠ ᠮᠡᠳᠡᠭᠡ ᠵᠠᠩᠭᠢ ᠶᠢ ᠬᠠᠮᠲᠤᠪᠠᠷ | ᠡᠳ᠋ᠯᠡᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠬᠤ ᠰᠦᠯᠵᠢᠶ᠎ᠡ ᠶᠢ ᠪᠠᠶᠢᠭᠤᠯᠵᠤ᠂ ᠪᠠᠶᠢᠴᠠᠭᠠᠨ ᠰᠢᠯᠭᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ︾ ᠱᠠᠭᠠᠷᠳᠠᠯᠭ᠎ᠠ ᠶᠣᠰᠣᠭᠠᠷ᠂ | ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠬᠠᠷᠠᠭᠤᠯ ᠴᠡᠭ ᠤᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠦᠨ᠎ᠡ᠃ ᠪᠥᠬᠦ ᠬᠤᠲᠠ ᠶᠢᠨ ᠬᠠᠯᠳᠠᠪᠤᠷᠢᠲᠤ ᠡᠪᠡᠳᠴᠢᠨ ᠤ | ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠲᠦᠷᠢᠮ ᠢ ᠲᠣᠭᠲᠠᠭᠠᠵᠤ᠂ ᠣᠷᠣᠨ ᠪᠦᠰᠡ ᠬᠠᠮᠵᠢᠯᠴᠠᠭᠰᠠᠨ᠂ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠭᠰᠡᠨ ᠬᠠᠯᠳᠠᠪᠤᠷᠢᠲᠤ ᠡᠪᠡᠳᠴᠢᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠤᠭᠲᠠᠯᠴᠠᠭ᠎ᠠ ᠶᠢ ᠪᠠᠶᠢᠭᠤᠯᠤᠨ᠎ᠠ᠃ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠳᠡᠰ ᠪᠠ ᠲᠥᠷᠥᠯ ᠬᠤᠪᠢᠶᠠᠨ ᠵᠣᠬᠢᠶᠠᠨ ᠪᠠᠶᠢᠭᠤᠯᠵᠤ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠠᠷᠭᠠᠴᠠᠨ᠎ᠠ᠃ ᠱᠠᠲᠤ ᠳᠠᠪᠬᠤᠷᠭ᠎ᠠ ᠪᠠ ᠰᠠᠯᠪᠤᠷᠢ | ᠬᠤᠪᠢᠶᠠᠭᠰᠠᠨ ᠬᠦᠨᠳᠦ ᠶᠡᠭᠡ ᠬᠢᠵᠢᠭ ᠤᠨ ᠪᠠᠶᠢᠳᠠᠯ ᠢ ᠠᠪᠤᠷᠠᠨ ᠵᠠᠰᠠᠬᠤ ᠲᠤᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠵᠣᠬᠢᠬᠤ ᠲᠤᠭ᠎ᠠ ᠬᠡᠮᠵᠢᠶᠡᠨ ᠤ ᠲᠦᠷᠭᠡᠨ ᠬᠤᠪᠢᠷᠠᠭᠤᠯᠤᠭᠰᠠᠨ ᠬᠦᠨᠳᠦ ᠶᠡᠭᠡ ᠬᠢᠵᠢᠭ ᠤᠨ ᠪᠠᠶᠢᠳᠠᠯ ᠢ ᠠᠪᠤᠷᠠᠨ ᠵᠠᠰᠠᠬᠤ ᠪᠡᠯᠡᠳᠬᠡᠯ ᠡᠮᠨᠡᠯᠭᠡ ᠶᠢᠨ | ᠬᠤᠷᠢᠶ᠎ᠠ ᠶᠢ ᠪᠠᠶᠢᠷᠢᠯᠠᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ᠂ | ᠬᠠᠯᠳᠠᠪᠤᠷᠢᠯᠠᠬᠤ ᠴᠢᠨᠠᠷᠲᠠᠶ ᠡᠪᠡᠳᠴᠢᠨ ᠤ ᠰᠠᠯᠠᠭ᠎ᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ ᠲᠠᠰᠤᠭ᠂ ᠲᠤᠰᠠᠭᠠᠷᠯᠠᠵᠤ ᠦᠯᠡᠳᠡᠭᠡᠨ ᠠᠵᠢᠭᠯᠠᠬᠤ | ᠣᠷᠣ ᠪᠠ ᠪᠠᠴᠢᠮ ᠠᠪᠤᠷᠠᠨ ᠲᠤᠰᠠᠯᠠᠬᠤ ᠪᠡᠯᠡᠳᠬᠡᠯ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠎ᠠ᠃ ᠬᠤᠶᠠᠳᠤᠭᠠᠷ ᠳᠡᠰ | ᠵᠢᠴᠢ ᠲᠡᠭᠦᠨ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠦᠨᠳᠦ ᠡᠪᠡᠳᠴᠢᠲᠡᠨ ᠢ ᠠᠩᠬᠠᠷᠤᠨ ᠠᠪᠤᠷᠠᠬᠤ ᠡᠪᠡᠳᠴᠢᠲᠡᠨ ᠤ | ᠦᠷᠦᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠠᠷᠢᠮᠵᠢᠶᠠᠵᠢᠭᠤᠯᠤᠭᠰᠠᠨ ᠬᠦᠨᠳᠦ ᠡᠪᠡᠳᠴᠢᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠦᠷᠭᠦᠯᠵᠢᠯᠡᠨ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ︶ | 3. ᠬᠤᠲᠠ ᠬᠥᠳᠡᠭᠡ ᠶᠢᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠦᠯᠵᠢᠶᠡᠨ ᠤ ᠰᠠᠭᠤᠷᠢ ᠶᠢ ᠴᠢᠩᠭᠠᠳᠬᠠᠨ᠎ᠠ᠃ | ᠬᠥᠳᠡᠭᠡ ᠲᠣᠰᠬᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠰᠤᠮᠤ ᠰᠢᠶᠠᠩ ᠪᠠᠯᠭᠠᠰᠤ ᠨᠢᠭᠡᠪᠦᠷᠢ ᠳᠤ | ᠵᠠᠰᠠᠭ ᠤᠨ ᠣᠷᠳᠣᠨ ᠠᠴᠠ ᠡᠷᠬᠢᠯᠡᠭᠰᠡᠨ 1 ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠠᠶᠢᠲᠤᠷ ᠡᠷᠭᠢᠯᠡᠭᠰᠡᠨ ᠰᠠᠭᠤᠷᠢᠨ ᠳᠡᠭᠡᠷ᠎ᠡ᠂ ᠦᠢᠯᠡᠴᠢᠯᠡᠭᠡᠨ ᠤ ᠬᠡᠪᠴᠢᠶ᠎ᠡ᠂ ᠵᠠᠮ | ᠬᠠᠷᠢᠯᠴᠠᠭᠠᠨ ᠤ ᠳᠥᠭᠦᠮ ᠳᠥᠲᠡ ᠶᠢᠨ ᠬᠡᠮᠵᠢᠶ᠎ᠡ ᠵᠢᠴᠢ ᠭᠠᠵᠠᠷ ᠣᠷᠣᠨ ᠪᠠ ᠬᠥᠮᠦᠨ ᠠᠮᠠ ᠶᠢᠨ ᠲᠠᠷᠬᠠᠯᠲᠠ ᠶᠢᠨ ᠪᠠᠶᠢᠳᠠᠯ ᠢ ᠦᠨᠳᠦᠰᠦᠯᠡᠨ᠂ ᠬᠤᠰᠢᠭᠤ | ᠲᠣᠭᠤᠷᠢᠭ ᠨᠢᠭᠡᠪᠦᠷᠢ ᠳᠤ ᠲᠣᠰ ᠲᠣᠰ 1— 2 ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠣᠩᠭᠤᠨ ᠰᠢᠶᠠᠨ ᠤ ᠬᠡᠪᠴᠢᠶᠡᠨ ᠤ | ᠡᠮᠴᠢᠯᠡᠭᠡᠨ ᠤ ᠦᠢᠯᠡᠴᠢᠯᠡᠭᠡᠨ ᠤ ᠳᠡᠳ᠋ᠯᠡᠬᠦ ᠲᠥᠪ ᠪᠣᠯᠭᠠᠵᠤ᠂ ᠲᠡᠭᠦᠨ ᠢ ᠦᠨᠳᠦᠰᠦᠨ ᠳᠤ ᠪᠠᠨ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠦᠢᠯᠡᠴᠢᠯᠡᠭᠡᠨ ᠤ | ᠬᠢᠷᠢ ᠳᠥᠪᠰᠢᠨ ᠳᠤ ᠬᠦᠷᠦᠭᠦᠯᠦᠨ᠎ᠡ᠃ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠶᠡᠬᠡᠪᠡᠷ | ᠠᠬᠢᠭᠤᠯᠵᠤ᠂ ︽ᠰᠢᠯᠢᠳᠡᠭ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠬᠦ︾ ᠠᠵᠢᠯᠯᠠᠭ᠎ᠠ ᠶᠢᠨ ᠲᠠᠨᠢᠯᠴᠠᠭᠤᠯᠬᠤ ᠪᠠᠷᠢᠮᠵᠢᠶ᠎ᠠ ᠳᠤ ᠬᠦᠷᠦᠭᠰᠡᠨ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢᠶᠠᠷ ᠭᠤᠤᠯᠳᠠᠯᠭ᠎ᠠ ᠪᠣᠯᠭᠠᠨ ᠨᠢᠭᠡ ᠪᠦᠯᠦᠭ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢ | ᠡᠭᠦᠳᠦᠨ ᠪᠠᠶᠢᠭᠤᠯᠵᠤ᠂ ᠡᠮᠴᠢᠯᠡᠭᠡᠨ ᠤ ᠰᠠᠯᠠᠭ᠎ᠠ ᠲᠠᠰᠤᠭ ᠤᠨ ᠪᠠᠶᠢᠷᠢᠯᠠᠭᠤᠯᠤᠯᠲᠠ ᠪᠠ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠪᠦᠷᠢᠨᠰᠢᠭᠦᠯᠦᠨ᠎ᠡ᠃ ᠵᠠᠰᠠᠭ ᠤᠨ | ᠣᠷᠳᠣᠨ ᠠᠴᠠ ᠳᠠᠮᠵᠢᠨ ᠪᠠᠶᠢᠭᠤᠯᠤᠭᠰᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠪᠣᠯᠤᠨ ᠭᠠᠴᠠᠭ᠎ᠠ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠤᠨ ᠬᠠᠷᠢᠭᠤᠴᠠᠯᠭ᠎ᠠ ᠶᠢ ᠴᠢᠩᠭᠠᠳᠬᠠᠨ᠂ ᠬᠥᠮᠦᠨ ᠠᠮᠠ ᠶᠢᠨ ᠲᠠᠷᠬᠠᠯᠲᠠ ᠶᠢᠨ ᠪᠠᠶᠢᠳᠠᠯ ᠢ ᠦᠨᠳᠦᠰᠦᠯᠡᠨ᠂ ᠲᠥᠯᠥᠪᠵᠢᠭᠦᠯᠭᠡ ᠪᠣᠯᠤᠨ | ᠲᠣᠬᠢᠷᠠᠭᠤᠯᠤᠯᠲᠠ ᠶᠢ ᠨᠢ ᠰᠢᠯᠢᠳᠡᠭᠵᠢᠭᠦᠯᠵᠦ᠂ ᠭᠤᠤᠯ ᠪᠣᠯᠬᠤ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠪᠠᠶᠢᠭᠤᠯᠤᠨ᠎ᠠ᠃ ᠬᠥᠮᠦᠨ ᠠᠮᠠ | ᠨᠡᠯᠢᠶᠡᠳ ᠴᠥᠭᠡᠨ ᠪᠠᠶᠢᠭ᠎ᠠ ᠭᠠᠴᠠᠭ᠎ᠠ ᠲᠣᠰᠬᠤᠨ ᠨᠤᠭᠤᠳ ᠲᠣᠭᠤᠷᠢᠨ ᠡᠮᠴᠢᠯᠡᠬᠦ᠂ ᠬᠥᠷᠰᠢ ︵ᠬᠤᠯᠪᠣᠭᠠᠯᠠᠭᠰᠠᠨ︶ ᠭᠠᠴᠠᠭ᠎ᠠ ᠲᠣᠰᠬᠤᠨ ᠥᠷᠭᠡᠳᠬᠡᠭᠰᠡᠨ | ᠦᠢᠯᠡᠴᠢᠯᠡᠭᠡ᠂ ᠳᠡᠭᠡᠳᠦ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠴᠠ ᠲᠣᠮᠢᠯᠠᠨ ᠰᠠᠭᠤᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠳᠤ ᠳᠥᠭᠦᠮ ᠦᠵᠡᠭᠦᠯᠦᠨ᠎ᠡ᠃ ᠦᠢᠯᠡᠴᠢᠯᠡᠭᠡᠨ ᠤ ᠬᠥᠮᠦᠨ ᠠᠮᠠ ᠨᠢ 500 ᠬᠥᠮᠦᠨ ᠬᠦᠷᠬᠦ ᠦᠭᠡᠢ᠂ | ᠣᠷᠣᠨ ᠪᠦᠰᠡ ᠨᠢ ᠣᠶᠢᠷᠠᠯᠴᠠᠭ᠎ᠠ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠬᠥᠷᠰᠢ ᠵᠡᠷᠭᠡᠯᠡᠳᠡᠭᠡ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠯᠤᠭ᠎ᠠ ᠬᠠᠮᠲᠤᠷᠠᠨ | ᠡᠷᠡᠭᠦᠯ ᠬᠠᠮᠠᠭᠠᠯᠠᠯ ᠤᠨ ᠲᠠᠰᠤᠭ ᠪᠠᠶᠢᠭᠤᠯᠵᠤ ᠪᠣᠯᠤᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯᠲᠠᠨ ᠬᠦᠷᠦᠯᠴᠡᠬᠦ ᠦᠭᠡᠶ ᠭᠠᠴᠠᠭ᠎ᠠ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠲᠤ ᠡᠮ ᠡᠮᠨᠡᠯᠭᠡ ᠶᠢᠨ ᠦᠢᠯᠡᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶᠠᠨ ᠤ ᠬᠤᠪᠢᠶᠠᠷᠢ ᠬᠤᠷᠢᠶ᠎ᠠ ᠠᠴᠠ | ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠠᠴᠠ ᠡᠮᠴᠢ ᠲᠣᠮᠢᠯᠠᠨ ᠰᠠᠭᠤᠯᠭᠠᠬᠤ ᠬᠡᠷᠡᠭᠲᠡᠶ᠃ ᠰᠤᠮᠤ ᠰᠢᠶᠠᠩ ᠪᠠᠯᠭᠠᠰᠤ ᠠᠴᠠ ᠵᠡᠭᠡᠯᠢ ᠭᠤᠳᠤᠮᠵᠢ | ᠪᠣᠯᠤᠭᠰᠠᠨ ᠭᠠᠵᠠᠷ ᠣᠷᠣᠨ ᠳᠤ ᠵᠠᠷᠴᠢᠮ ᠳᠡᠭᠡᠷ᠎ᠡ ᠪᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠶᠢ ᠲᠥᠯᠥᠪᠵᠢᠭᠦᠯᠦᠨ | ᠪᠠᠶᠢᠷᠢᠯᠠᠭᠤᠯᠵᠤ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠣᠬᠢᠷᠠᠭᠤᠯᠬᠤ ᠦᠭᠡᠶ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 4. ᠬᠤᠰᠢᠭᠤ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠰᠢᠶᠠᠨ ᠤ ᠬᠡᠪᠴᠢᠶᠡᠨ ᠤ ᠬᠥᠲᠥᠴᠢ ᠪᠣᠯᠬᠤ ᠪᠠᠶᠢᠷᠢ ᠰᠠᠭᠤᠷᠢ ᠶᠢ ᠳᠣᠪᠤᠶᠢᠯᠭᠠᠨ᠎ᠠ᠃ ᠬᠤᠰᠢᠭᠤ | ᠲᠣᠭᠤᠷᠢᠭ ᠤᠨ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠲᠠᠰ ᠳᠡᠪᠰᠢᠭᠦᠯᠬᠦ ᠶᠢ ᠠᠬᠢᠭᠤᠯᠵᠤ᠂ ᠬᠤᠰᠢᠭᠤ ᠲᠣᠭᠤᠷᠢᠭ ᠤᠨ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠪᠣᠭᠤᠮᠲᠠ ᠰᠢᠪᠲᠤᠯᠬᠤ ᠲᠥᠯᠥᠪᠯᠡᠭᠡ ᠶᠢ ᠰᠠᠶᠢᠲᠤᠷ | ᠨᠠᠶᠢᠳᠠᠪᠤᠷᠢᠵᠢᠭᠤᠯᠤᠨ᠎ᠠ᠃ ︽14·5︾ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ 8 ᠬᠤᠰᠢᠭᠤ ᠲᠣᠭᠤᠷᠢᠭ ᠤᠨ ᠲᠡᠰ ᠤᠨ ᠡᠮᠨᠡᠯᠭᠡ ᠶᠢᠨ | ᠬᠤᠷᠢᠶᠠᠨ ᠤ ᠭᠤᠤᠯᠳᠠᠯᠭ᠎ᠠ ᠲᠠᠢ ᠲᠤᠰᠬᠠᠶ ᠰᠠᠯᠠᠭᠠᠨ ᠤ ᠪᠠᠶᠢᠭᠤᠯᠤᠯᠲᠠ ᠶᠢ ᠠᠬᠢᠭᠤᠯᠵᠤ᠂ ᠬᠠᠪᠤᠳᠠᠷ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠵᠡᠷᠭᠡ | ᠬᠦᠨᠳᠦ ᠶᠡᠭᠡ ᠡᠪᠡᠳᠴᠢᠨ ᠢ ᠣᠨᠣᠰᠢᠯᠠᠨ ᠡᠮᠨᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠡᠮᠴᠢᠯᠡᠭᠡᠨ ᠤ ᠬᠤᠯᠪᠣᠭᠠᠲᠤ ᠴᠣᠭᠴᠠ +︾ ᠪᠠᠷ ᠭᠠᠷᠳᠠᠬᠤ ᠴᠡᠭ | ᠪᠣᠯᠭᠠᠵᠤ᠂ ᠬᠤᠲᠠ ᠶᠢᠨ ᠭᠤᠷᠪᠠᠳᠤᠭᠠᠷ ᠲᠠᠰ ᠤᠨ ᠡᠮᠨᠡᠯᠭᠡ ᠶᠢᠨ ᠬᠤᠷᠢᠶᠠᠨ ᠤ ᠲᠤᠰᠬᠠᠶ ᠰᠠᠯᠠᠭ᠎ᠠ ᠶᠢ ᠬᠠᠮᠲᠤ ᠪᠠᠷ ᠪᠠᠶᠢᠭᠤᠯᠬᠤ᠂ ᠲᠤᠬᠠᠶᠢᠯᠠᠭᠰᠠᠨ ᠠᠵᠢᠯ ᠤᠨ | ᠵᠢᠯᠣᠭᠤᠳᠣᠯᠭ᠎ᠠ ᠬᠢᠬᠦ᠂ ᠡᠪᠡᠳᠴᠢᠲᠡᠨ ᠤ ᠥᠷᠥᠭᠡ ᠶᠢ ᠪᠠᠶᠢᠴᠠᠭᠠᠬᠤ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠲᠥᠷᠥᠯ ᠵᠦᠢᠯ ᠤᠨ | ᠬᠠᠮᠵᠢᠯᠴᠠᠭ᠎ᠠ ᠵᠡᠷᠭᠡ ᠬᠠᠮᠲᠤᠷᠠᠨ ᠡᠮᠴᠢᠯᠡᠭᠡ ᠡᠷᠭᠢᠯᠡᠬᠦ ᠬᠡᠯᠪᠡᠷᠢ ᠪᠠᠷ ᠳᠠᠮᠵᠢᠭᠤᠯᠤᠨ᠂ ᠬᠤᠰᠢᠭᠤ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠪᠠᠭᠤᠷᠠᠶ | ᠲᠤᠰᠬᠠᠶ ᠰᠠᠯᠠᠭ᠎ᠠ ᠪᠠ ᠭᠤᠤᠯᠳᠠᠯᠭ᠎ᠠ ᠲᠠᠢ ᠲᠤᠰᠬᠠᠶ ᠰᠠᠯᠠᠭᠠᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ᠪᠡᠭᠡᠵᠢᠩ ᠥᠪᠥᠷ ᠮᠣᠩᠭᠤᠯ ᠢ ᠠᠵᠢᠯ | ᠲᠥᠷᠥᠯ ᠢᠶᠠᠷ ᠢᠶᠠᠨ ᠬᠠᠪᠰᠤᠷᠤᠨ ᠲᠡᠳᠬᠦᠬᠦ︾ ᠶᠢ ᠴᠢᠩᠭᠠᠳᠬᠠᠵᠤ᠂ ᠡᠯ᠎ᠡ ᠬᠤᠰᠢᠭᠤ ᠲᠣᠭᠤᠷᠢᠭ ᠰᠠᠨᠠᠭᠠᠴᠢᠯᠠᠭ᠎ᠠ ᠠᠴᠠ ᠪᠠᠨ ᠲᠤᠰᠠᠯᠠᠬᠤ ᠡᠮᠨᠡᠯᠭᠡ ᠶᠢᠨ | ᠬᠤᠷᠢᠶ᠎ᠠ ᠲᠠᠢ ᠵᠣᠯᠭᠠᠭᠤᠯᠵᠤ᠂ ᠲᠤᠰᠠᠯᠠᠮᠵᠢ ᠭᠥᠷᠳᠡᠭᠰᠡᠨ ᠬᠤᠰᠢᠭᠤ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠲᠤᠰᠠᠯᠠᠬᠤ ᠡᠮᠨᠡᠯᠭᠡ ᠶᠢᠨ ᠬᠤᠷᠢᠶ᠎ᠠ ᠪᠠ ᠬᠤᠰᠢᠭᠤ | ᠲᠣᠭᠤᠷᠢᠭ ᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠤᠷᠪᠠᠨ ᠲᠠᠯ᠎ᠠ ᠶᠢᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠬᠡᠯᠡᠯᠴᠡᠭᠡᠷ ᠤᠨ | ᠪᠢᠴᠢᠭ ᠲᠤ ᠭᠠᠷ ᠤᠨ ᠥᠰᠥᠭ ᠵᠢᠷᠤᠵᠤ᠂ ︽ᠪᠦᠯᠬᠦᠮ ᠪᠠᠶᠢᠭᠤᠯᠬᠤ ᠮᠠᠶ᠋ᠢᠭ︾ ᠤᠨ ᠳᠡᠮᠵᠢᠯᠭᠡ ᠶᠢ ᠨᠠᠶᠢᠳᠠᠪᠤᠷᠢᠵᠢᠭᠤᠯᠤᠨ᠂ ᠲᠤᠰᠠᠯᠠᠮᠵᠢ ᠭᠥᠷᠳᠡᠭᠰᠡᠨ ᠡᠮᠨᠡᠯᠭᠡ ᠶᠢᠨ | ᠬᠤᠷᠢᠶ᠎ᠠ ᠳᠤ ᠪᠥᠬᠦ ᠵᠢᠯ ᠢᠶᠠᠷ ᠲᠣᠮᠢᠯᠠᠨ ᠰᠠᠭᠤᠯᠭᠠᠭᠰᠠᠨ ᠬᠥᠮᠦᠰ ᠲᠤᠬᠠᠢ ᠶᠢᠨ ᠭᠠᠵᠠᠷ ᠲᠤ ᠰᠠᠭᠤᠵᠤ ᠬᠠᠪᠰᠤᠷᠤᠨ ᠲᠡᠳᠬᠦᠬᠦ ᠶᠢ ᠪᠠᠲᠤᠯᠠᠵᠤ᠂ 2025 ᠣᠨ | ᠪᠣᠯᠬᠤ ᠳᠤ᠂ ᠳᠠᠯᠠᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠵᠡᠭᠦᠨᠭᠠᠷ ᠬᠤᠰᠢᠭᠤᠨ ᠤ ᠭᠤᠣᠯᠳᠠᠯᠭᠠᠲᠤ ᠡᠮᠨᠡᠯᠭᠡ ᠶᠢᠨ ᠬᠤᠷᠢᠶ᠎ᠠ ᠶᠢᠨ ᠴᠡᠭᠡᠵᠢ | ᠡᠪᠡᠳᠬᠦ᠂ ᠰᠠ ᠳᠠᠭᠠᠷᠢᠬᠤ᠂ ᠰᠢᠷᠬᠠᠳᠤᠯ᠂ ᠬᠦᠨᠳᠦ ᠲᠦᠭᠰᠢᠭᠦᠷᠢᠲᠡᠶ ᠵᠢᠷᠮᠦᠰᠦᠨ ᠡᠮᠡᠭᠲᠡᠶ ᠶᠢ ᠠᠪᠤᠷᠠᠨ ᠲᠤᠰᠠᠯᠠᠬᠤ᠂ ᠬᠦᠨᠳᠦ ᠲᠦᠭᠰᠢᠭᠦᠷᠢᠲᠡᠶ ᠬᠡᠤᠬᠡᠳ ᠪᠠ ᠰᠠᠶ᠋ᠢ | ᠲᠥᠷᠥᠭᠰᠡᠨ ᠬᠡᠦᠬᠡᠳ ᠢ ᠠᠪᠤᠷᠠᠨ ᠡᠮᠨᠡᠬᠦ ᠵᠡᠷᠭᠡ ᠲᠦᠷᠭᠡᠨ ᠡᠮᠨᠡᠬᠦ ᠲᠦᠷᠭᠡᠨ ᠠᠪᠤᠷᠠᠬᠤ ︽ᠲᠠᠪᠤᠨ ᠶᠡᠭᠡ ᠲᠥᠪ︾ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ | ᠴᠢᠷᠮᠠᠶᠢᠨ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 5. ᠥᠨᠳᠥᠷ ᠬᠢᠷᠢ ᠳᠥᠪᠰᠢᠨ ᠪᠦᠬᠦᠢ ᠡᠮᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠨᠢᠭᠡᠳᠦᠯᠲᠡᠶ ᠲᠥᠯᠥᠪᠵᠢᠭᠦᠯᠭᠡ ᠶᠣᠰᠣᠭᠠᠷ᠂ ᠬᠤᠲᠠ ᠶᠢᠨ ᠭᠤᠣᠯᠳᠠᠯᠭᠠᠲᠤ ᠡᠮᠨᠡᠯᠭᠡ ᠶᠢᠨ ᠬᠤᠷᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ | ᠡᠮᠴᠢᠯᠡᠭᠡᠨ ᠤ ᠲᠥᠪ ᠤᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠬᠠᠮᠢᠶᠠᠷᠤᠯᠲᠠ ᠶᠢᠨ ᠲᠦᠷᠢᠮ ᠪᠠ ᠠᠵᠢᠯᠯᠠᠭᠠᠨ ᠤ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠭᠤᠤᠯᠳᠠᠯᠭ᠎ᠠ ᠲᠠᠢ ᠡᠪᠡᠳᠴᠢᠨ ᠤ ᠲᠥᠷᠥᠯ ᠪᠠ ᠲᠤᠰᠬᠠᠶ ᠰᠠᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠳᠠᠭᠤᠷᠢᠶᠠᠯ ᠦᠵᠡᠭᠦᠯᠵᠦ ᠬᠥᠲᠥᠯᠥᠨ | ᠳᠠᠭᠠᠭᠤᠯᠬᠤ ᠪᠠ ᠨᠥᠯᠥᠭᠡᠯᠡᠨ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠬᠤᠳᠠ ᠶᠢᠨ ᠠᠷᠠᠳ ᠤᠨ ᠵᠠᠰᠠᠭ ᠤᠨ ᠣᠷᠳᠣᠨ ᠬᠢᠭᠡᠳ ᠪᠡᠭᠡᠵᠢᠩ ᠤᠨ ᠴᠢᠩᠬᠤᠸᠠ ᠶᠡᠭᠡ ᠰᠤᠷᠭᠠᠭᠤᠯᠢ ᠶᠢᠨ ᠴᠠᠩ ᠭᠧᠩ ᠡᠮᠨᠡᠯᠭᠡ ᠶᠢᠨ | ᠬᠤᠷᠢᠶ᠎ᠠ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠳᠤ ᠲᠦᠰᠢᠭᠯᠡᠨ᠂ 5 ᠵᠢᠯ ᠤᠨ | ᠬᠤᠭᠤᠴᠠᠭ᠎ᠠ ᠶᠢ ᠠᠰᠢᠭᠯᠠᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠠᠳᠠᠯᠢᠪᠲᠤᠷ ᠪᠣᠯᠭᠠᠨ | ᠵᠡᠷᠭᠡᠪᠡᠷ ᠰᠢᠯᠵᠢᠭᠦᠯᠬᠦ ᠶᠢ ᠠᠬᠢᠭᠤᠯᠵᠤ᠂ ᠨᠢᠭᠡ ᠪᠦᠯᠦᠭ ᠡᠮᠴᠢᠯᠡᠭᠡᠨ ᠤ ᠲᠤᠰᠬᠠᠢ ᠰᠠᠯᠠᠭ᠎ᠠ ᠶᠢ ᠪᠠᠶᠢᠭᠤᠯᠤᠨ ᠬᠦᠴᠦᠷᠬᠡᠭᠵᠢᠭᠦᠯᠵᠦ᠂ ᠨᠢᠭᠡ ᠪᠦᠯᠦᠭ ᠭᠤᠣᠯᠯᠠᠭᠴᠢ | ᠴᠢᠳᠠᠪᠤᠷᠢᠲᠠᠨ ᠢ ᠪᠣᠶᠢᠵᠢᠭᠤᠯᠵᠤ᠂ ᠨᠢᠭᠡ ᠪᠦᠯᠦᠭ ᠮᠡᠷᠭᠡᠵᠢᠯ ᠤᠨ ᠬᠤᠭᠤᠰᠣᠨ ᠢ ᠨᠥᠬᠦᠪᠥᠷᠢᠯᠡᠵᠦ᠂ ᠨᠢᠭᠡ ᠪᠦᠯᠦᠭ ᠬᠠᠮᠢᠶᠠᠷᠤᠯᠲᠠ ᠶᠢᠨ ᠳᠦᠷᠢᠮ ᠢ | ᠲᠡᠭᠦᠯᠳᠡᠷᠵᠢᠭᠦᠯᠦᠨ᠎ᠡ᠃ ᠭᠤᠤᠯᠳᠡᠯᠭ᠎ᠠ ᠲᠠᠢ ᠲᠣᠰᠬᠠᠢ ᠰᠠᠯᠨᠭᠠᠨ ᠤ ᠪᠠᠶᠢᠭᠤᠯᠥᠯᠳᠡ ᠶᠢ ᠠᠬᠢᠭᠤᠯᠵᠦ᠂ 2025 ᠣᠨ ᠪᠣᠯᠬᠤ ᠳᠤ᠂ ᠪᠦᠬᠦ ᠬᠤᠳᠡ ᠣᠯᠥᠰ ᠤᠨ | ᠳᠡᠰ ᠤᠨ ᠡᠮᠴᠢᠯᠡᠭᠡᠨ ᠤ ᠭᠤᠤᠯᠳᠡᠯᠭ᠎ᠠ ᠲᠠᠢ ᠲᠣᠰᠬᠠᠢ ᠰᠠᠯᠨᠭᠠᠨ ᠤ ᠳᠥᠷᠦᠯ ᠵᠦᠢᠯ ᠢ ᠠᠳᠠᠭ ᠲᠠᠭᠠᠨ 1 ᠪᠤᠶᠢᠵᠢᠭᠤᠯᠵᠦ᠂ ᠦᠪᠡᠷᠳᠡᠭᠡᠨ ᠵᠠᠰᠠᠬᠤ ᠣᠷᠣᠨ ᠤ | ᠳᠡᠰ ᠤᠨ ᠡᠮᠴᠢᠯᠡᠭᠡᠨ ᠤ ᠭᠤᠤᠯᠳᠡᠯᠭ᠎ᠠ ᠲᠠᠢ ᠲᠣᠰᠬᠠᠢ ᠰᠠᠯᠨᠭᠠᠨ ᠤ ᠳᠥᠷᠦᠯ ᠵᠦᠢᠯ ᠢ ᠠᠳᠠᠭ ᠲᠠᠭᠠᠨ 6 ᠪᠣᠶᠢᠵᠢᠭᠤᠯᠵᠤ᠂ ᠠᠶᠢᠮᠠᠭ ᠬᠤᠳᠡ ᠶᠢᠨ ᠳᠡᠰ ᠤᠨ | ᠡᠮᠴᠢᠯᠡᠭᠡᠨ ᠤ ᠭᠤᠤᠯᠳᠡᠯᠭ᠎ᠠ ᠲᠠᠢ ᠲᠣᠰᠬᠠᠢ ᠰᠠᠯᠨᠭᠠᠨ ᠤ ᠳᠥᠷᠦᠯ ᠵᠦᠢᠯ ᠢ ᠠᠳᠠᠭ ᠲᠠᠭᠠᠨ 9 ᠪᠣᠶᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 6. ᠦᠷᠭᠦᠯᠵᠢᠯᠡᠭᠦᠯᠬᠦ ᠴᠢᠨᠠᠷᠲᠠᠶ ᠦᠢᠯᠡᠴᠢᠯᠡᠭᠡᠨ ᠤ ᠲᠤᠲᠠᠯᠴᠠᠭᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠡᠮᠨᠡᠯᠭᠡ ᠶᠢᠨ ᠬᠤᠷᠢᠶ᠎ᠠ ᠪᠠᠷ ᠮᠡᠷᠭᠡᠵᠢᠯ ᠤᠨ | ᠲᠤᠯᠭᠠᠭᠤᠷᠢᠯᠠᠯ ᠪᠣᠯᠭᠠᠭᠰᠠᠨ᠂ ᠨᠡᠶᠢᠭᠡᠮ ᠲᠣᠭᠤᠷᠢᠭ᠂ ᠨᠠᠰᠤᠲᠠᠶᠢᠴᠤᠳ ᠢ ᠠᠰᠠᠷᠠᠨ ᠰᠤᠪᠢᠯᠠᠬᠤ ᠦᠢᠯᠡᠴᠢᠯᠡᠭᠡᠨ ᠤ ᠪᠠᠶᠢᠭᠤᠯᠤᠮᠵᠢ ᠪᠠᠷ ᠲᠠᠪᠴᠠᠩ ᠪᠣᠯᠭᠠᠭᠰᠠᠨ᠂ | ᠭᠡᠷ ᠲᠡᠭᠡᠨ ᠰᠠᠭᠤᠬᠤ ᠪᠠᠷ ᠰᠠᠭᠤᠷᠢ ᠪᠠᠲᠤᠯᠠᠭ᠎ᠠ ᠪᠣᠯᠭᠠᠭᠰᠠᠨ ᠨᠠᠰᠤᠲᠠᠶᠢᠴᠤᠳ ᠤᠨ ᠠᠰᠠᠷᠠᠨ ᠰᠤᠪᠢᠯᠠᠬᠤ ᠦᠢᠯᠡᠴᠢᠯᠡᠭᠡᠨ ᠤ ᠰᠦᠯᠵᠢᠶ᠎ᠡ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠡᠮᠨᠡᠨ ᠵᠠᠰᠠᠬᠤ — ᠡᠷᠡᠭᠦᠯᠵᠢᠭᠦᠯᠬᠦ — ᠣᠷᠳᠣ ᠬᠤᠭᠤᠴᠠᠭ᠎ᠠ ᠪᠠᠷ ᠰᠣᠪᠢᠯᠠᠬᠤ ᠦᠢᠯᠡᠴᠢᠯᠡᠭᠡᠨ ᠤ ᠬᠡᠯᠬᠢᠶᠡᠰᠦ ᠶᠢ ᠪᠦᠷᠢᠨᠰᠢᠬᠦᠯᠦᠨ᠂ | ᠰᠤᠪᠢᠯᠠᠯᠲᠠ᠂ ᠡᠷᠡᠭᠦᠯᠵᠢᠯ ᠤᠨ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ 2025 ᠣᠨ ᠪᠣᠯᠬᠤ ᠳᠤ᠂ ᠪᠥᠬᠦ ᠬᠤᠲᠠ ᠶᠢᠨ ᠬᠢᠲᠠᠳ | ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠳᠤ ᠴᠥᠮ ᠡᠷᠡᠭᠦᠯᠵᠢᠯ ᠤᠨ ᠰᠠᠯᠠᠭ᠎ᠠ ᠶᠢ ᠲᠤᠰᠠᠭᠠᠷ ᠳᠣᠭᠢᠷᠠᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠰᠤᠪᠢᠯᠠᠯᠲᠠ ᠶᠢᠨ ᠬᠡᠯᠪᠡᠷᠢ ᠶᠢᠨ ᠣᠷᠣ ᠶᠢᠨ ᠡᠵᠡᠯᠡᠬᠦ ᠬᠠᠷᠢᠴᠠᠯ ᠢ 30% ᠠᠴᠠ ᠳᠡᠭᠡᠭᠰᠢ ᠳᠤ ᠬᠦᠷᠦᠭᠦᠯᠦᠨ᠎ᠡ᠃ ᠭᠡᠰᠡᠭ | ᠠᠯᠪᠠᠨ ᠠᠴᠠ ᠪᠠᠶᠢᠭᠤᠯᠥᠠᠠᠰᠠᠨ ᠡᠮᠴᠢᠯᠡᠬᠡᠨ ᠤ ᠪᠠᠶᠢᠭᠤᠯᠥᠮᠵᠢ ᠶᠢᠨ ᠭᠡᠯᠪᠡᠷᠢ ᠪᠠᠨ ᠬᠤᠪᠢᠷᠡᠭᠤᠯᠥᠨ ᠰᠣᠪᠢᠯᠠᠯᠳᠡ ᠬᠢᠬᠦ ᠪᠠ ᠡᠷᠡᠬᠦᠯᠵᠢᠯ ᠤᠨ ᠡᠮᠴᠢᠯᠡᠭᠡᠨ ᠤ | ᠪᠠᠶᠢᠭᠤᠯᠥᠮᠵᠢ ᠪᠣᠯᠬᠤ ᠶᠢ ᠵᠣᠷᠢᠠᠠᠵᠢᠭᠤᠯᠥᠨ ᠳᠡᠮᠵᠢᠨ᠎ᠠ᠃ ᠨᠡᠶᠢᠭᠡᠮ ᠤᠨ ᠬᠦᠴᠦᠨ ᠤ ᠡᠷᠡᠭᠦᠯᠵᠢᠭᠦᠯᠬᠦ᠂ ᠰᠤᠪᠢᠯᠠᠬᠤ ᠵᠡᠷᠭᠡ ᠲᠤᠰᠬᠠᠶ ᠡᠮᠴᠢᠯᠡᠭᠡᠨ ᠤ ᠪᠠᠶᠢᠭᠤᠯᠤᠮᠵᠢ | ᠡᠷᠬᠢᠯᠡᠬᠦ ᠶᠢ ᠳᠡᠮᠵᠢᠵᠦ᠂ ᠡᠷᠡᠭᠦᠯᠵᠢᠭᠦᠯᠬᠦ ᠪᠠ ᠰᠤᠪᠢᠯᠠᠬᠤ ᠵᠡᠷᠭᠡ ᠦᠷᠭᠦᠯᠵᠢᠯᠡᠭᠦᠯᠬᠦ ᠴᠢᠨᠠᠷᠲᠠᠶ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ | ︽ᠨᠠᠰᠤᠲᠠᠶᠢᠴᠤᠳ ᠬᠡᠦᠬᠡᠳ︾ ᠤᠨ ᠡᠷᠡᠭᠦᠯ ᠮᠡᠨᠳᠦ ᠶᠢᠨ ᠦᠢᠯᠡᠴᠢᠯᠡᠭᠡ ᠪᠠ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠡᠷᠡᠭᠦᠯᠵᠢᠯ ᠤᠨ ᠡᠮᠴᠢᠯᠡᠭᠡ᠂ ᠨᠠᠰᠤᠲᠠᠶᠢᠴᠤᠳ᠂ ᠵᠡᠮᠳᠡᠭᠴᠦᠳ ᠡᠬᠡ ᠨᠢᠯᠬᠠᠰ ᠪᠠ ᠨᠡᠶᠢᠭᠡᠮ ᠲᠣᠭᠤᠷᠢᠭ ᠤᠨ ᠰᠤᠪᠢᠯᠠᠯᠲᠠ᠂ | ᠠᠮᠤᠷ ᠵᠢᠮ ᠰᠤᠪᠢᠯᠠᠯᠲᠠ ᠵᠢᠴᠢ ᠰᠢᠮ᠎ᠡ ᠲᠡᠵᠢᠭᠡᠯ ᠤᠨ ᠳᠡᠮᠵᠢᠯᠭᠡ ᠵᠡᠷᠭᠡ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠵᠦ᠂ ᠨᠥᠬᠦᠴᠡᠯ ᠲᠠᠢ ᠠᠯᠪᠠᠨ ᠠᠴᠠ | ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠠᠵᠢᠯ | ᠥᠷᠨᠢᠭᠦᠯᠬᠦ ᠶᠢ ᠳᠡᠮᠵᠢᠵᠦ᠂ ᠡᠮᠴᠢᠯᠡᠭᠡ ᠬᠥᠮᠦᠵᠢᠯ ᠢ ᠤᠶᠠᠯᠳᠤᠭᠤᠯᠬᠤ ᠶᠢ ᠠᠬᠢᠭᠤᠯᠵᠤ᠂ 2024 ᠣᠨ ᠪᠣᠯᠬᠤ ᠳᠤ᠂ ᠡᠮᠴᠢᠯᠡᠭᠡ ᠬᠦᠮᠦᠵᠢᠯ ᠢ | ᠤᠶᠠᠯᠳᠤᠭᠤᠯᠤᠭᠰᠠᠨ ᠲᠤᠷᠰᠢᠯᠲᠠ ᠶᠢᠨ ᠴᠡᠭ ᠢ 2 ᠪᠠᠶᠢᠭᠤᠯᠤᠨ ᠳᠠᠭᠤᠰᠬᠠᠵᠤ᠂ ᠲᠡᠷᠡᠴᠢᠯᠡᠨ ᠵᠢᠯ ᠪᠦᠷᠢ ᠨᠡᠮᠡᠭᠳᠡᠬᠦ ᠬᠠᠨᠳᠤᠰᠢ ᠲᠠᠢ ᠪᠠᠶᠢᠯᠭᠠᠨ᠎ᠠ︔ 2035 ᠣᠨ | ᠪᠣᠯᠬᠤ ᠳᠤ᠂ ᠬᠤᠰᠢᠭᠤ ᠲᠣᠭᠤᠷᠢᠭ ᠨᠢᠭᠡᠪᠦᠷᠢ ᠳᠤ ᠨᠠᠭᠠᠲᠤ ᠵᠠᠬ᠎ᠠ ᠳᠤ ᠪᠠᠨ 1 ᠡᠮᠴᠢᠯᠡᠭᠡ ᠬᠥᠮᠦᠵᠢᠯ ᠢ ᠤᠶᠠᠯᠳᠤᠭᠤᠯᠤᠭᠰᠠᠨ ᠲᠤᠷᠰᠢᠯᠲᠠ ᠶᠢᠨ ᠴᠡᠭ ᠢ | ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠨ᠂ ︽ᠬᠥᠭᠡᠷᠦᠬᠦᠨ ᠪᠦᠦᠪᠡᠢ ᠥᠷᠲᠡᠭᠡ︾ | ᠨᠡᠶᠢᠭᠡᠮ ᠲᠣᠭᠤᠷᠢᠭ ᠤᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠯᠲᠠ ᠶᠢ ᠠᠬᠢᠭᠤᠯᠵᠤ᠂ 15 ᠮᠢᠨᠦ᠋ᠲ ᠤᠨ ᠬᠡᠤᠬᠡᠳ ᠰᠠᠭᠠᠲᠠᠭᠤᠯᠬᠤ | ᠦᠢᠯᠡᠴᠢᠯᠡᠭᠡᠨ ᠤ ᠲᠣᠭᠤᠷᠢᠭ ᠢ ᠬᠦᠴᠦᠯᠡᠨ ᠪᠠᠶᠢᠭᠤᠯᠵᠤ᠂ 2026 ᠣᠨ ᠪᠣᠯᠬᠤ ᠳᠤ᠂ ︽ᠬᠥᠭᠡᠷᠦᠬᠦᠨ ᠪᠦᠦᠪᠡᠢ ᠥᠷᠲᠡᠭᠡ︾ ᠶᠢ 70 ᠡᠷᠦᠬᠡ ᠪᠠᠶᠢᠭᠤᠯᠤᠨ | ᠳᠠᠭᠤᠰᠬᠠᠵᠤ᠂ ᠬᠤᠲᠠ ᠶᠢᠨ ᠨᠡᠶᠢᠭᠡᠮ ᠲᠣᠭᠤᠷᠢᠭ ᠤᠨ ᠬᠡᠤᠬᠡᠳ ᠰᠠᠭᠠᠲᠠᠭᠤᠯᠬᠤ ᠦᠢᠯᠡᠴᠢᠯᠡᠭᠡ ︵ᠬᠡᠤᠬᠡᠳ ᠰᠠᠭᠠᠲᠠᠭᠤᠯᠬᠤ ᠪᠠᠶᠢᠭᠤᠯᠤᠮᠵᠢ᠂ ᠬᠡᠤᠬᠡᠳ ᠤᠨ | ᠴᠡᠴᠡᠷᠯᠢᠭ ᠤᠨ ᠬᠡᠤᠬᠡᠳ ᠰᠠᠭᠠᠲᠠᠭᠤᠯᠬᠤ ᠠᠩᠭᠢ᠂ ᠬᠡᠷ ᠪᠦᠯᠢ ᠶᠢᠨ ᠬᠡᠤᠬᠡᠳ ᠰᠠᠭᠠᠲᠠᠭᠤᠯᠬᠤ ᠴᠡᠭ ᠵᠡᠷᠭᠡ︶ ᠶᠢᠨ ᠪᠦᠷᠬᠦᠴᠡ ᠶᠢᠨ ᠨᠣᠷᠮ᠎ᠠ ᠶᠢ 95% ᠠᠴᠠ | ᠳᠡᠭᠡᠭᠰᠢ ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ︶᠃ | ︵ᠬᠤᠶᠠᠷ︶ ᠠᠵᠢᠯ ᠬᠤᠪᠢᠶᠠᠷᠢᠯᠠᠨ ᠬᠠᠮᠲᠤᠷᠠᠯᠴᠠᠬᠤ ᠪᠠᠨ ᠴᠢᠩᠭᠠᠳᠬᠠᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠵᠤ᠂ ᠲᠤᠭᠲᠠᠯᠴᠠᠭ᠎ᠠ ᠪᠠᠨ | ᠨᠢᠭᠡᠳᠬᠡᠵᠢᠭᠦᠯᠬᠦ ᠶᠢ ᠠᠬᠢᠭᠤᠯᠤᠨ᠎ᠠ᠃ | 1. ᠭᠡᠷ ᠪᠦᠯᠢ ᠶᠢᠨ ᠡᠮᠴᠢ ᠶᠢᠨ ᠳᠦᠷᠢᠮ ᠢ ᠪᠦᠷᠢᠨᠰᠢᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠭᠤᠤᠯ | ᠲᠠᠪᠴᠠᠩ ᠪᠣᠯᠭᠠᠵᠤ᠂ ᠶᠡᠷᠦᠩᠬᠡᠶ ᠰᠠᠯᠠᠭᠠᠨ ᠤ ᠡᠮᠴᠢ ᠪᠠᠷ ᠭᠤᠤᠯ ᠴᠣᠭᠴᠠ ᠪᠣᠯᠭᠠᠭᠰᠠᠨ᠂ ᠶᠡᠷᠦᠩᠬᠡᠶ ᠰᠠᠯᠠᠭ᠎ᠠ ᠲᠤᠰᠬᠠᠶ ᠮᠡᠷᠭᠡᠵᠢᠯ ᠪᠦᠲᠦᠮᠵᠢᠲᠡᠶ ᠪᠠᠷ ᠬᠠᠮᠲᠤᠷᠠᠨ | ᠬᠥᠲᠡᠯᠦᠯᠴᠡᠭᠰᠡᠨ᠂ ᠡᠮᠨᠡᠬᠦ ᠪᠠ ᠰᠡᠷᠭᠡᠶᠢᠯᠡᠬᠦ ᠶᠢ ᠣᠷᠭᠠᠨᠢᠭ ᠢᠶᠠᠷ ᠠᠭᠤᠰᠤᠯᠴᠠᠭᠤᠯᠤᠭᠰᠠᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ | ᠵᠠᠭᠪᠤᠷ ᠢ ᠪᠠᠶᠢᠭᠤᠯᠵᠤ᠂ ᠶᠡᠷᠦᠩᠬᠡᠶᠢᠯᠡᠭᠰᠡᠨ ᠦᠷᠭᠦᠯᠵᠢᠯᠡᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠦᠨᠳᠦᠰᠦᠨ ᠡᠮᠴᠢᠯᠡᠭᠡ ᠪᠠ ᠡᠷᠡᠭᠦᠯ ᠮᠡᠨᠳᠦ ᠶᠢᠨ | ᠬᠠᠮᠢᠶᠠᠷᠤᠯᠲᠠ ᠶᠢᠨ ᠦᠢᠯᠡᠴᠢᠯᠡᠭᠡ ᠢ ᠬᠠᠩᠭᠠᠨ᠎ᠠ᠃ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶ ᠰᠠᠯᠠᠭᠠᠨ ᠤ | ᠡᠮᠴᠢ ᠶᠢ ᠬᠥᠲᠥᠯᠦᠨ ᠵᠢᠯᠣᠭᠤᠳᠴᠤ ᠪᠠᠶᠢᠭᠠᠳ ᠦᠨᠳᠦᠰᠦᠨ ᠱᠠᠲᠤᠨ ᠤ ᠬᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠳᠤ ᠣᠷᠣᠯᠴᠠᠭᠤᠯᠵᠤ᠂ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠭᠡᠷ᠎ᠡ ᠲᠣᠭᠲᠠᠬᠤ᠂ ᠣᠨᠣᠰᠢᠯᠠᠨ ᠡᠮᠨᠡᠬᠦ ᠵᠡᠷᠭᠡ ᠦᠢᠯᠡᠴᠢᠯᠡᠭᠡ ᠬᠠᠩᠭᠠᠵᠤ᠂ 2025 ᠣᠨ | ᠪᠣᠯᠬᠤ ᠳᠤ᠂ ᠪᠥᠬᠦ ᠬᠥᠮᠦᠰ ᠤᠨ ᠭᠡᠷ᠎ᠡ ᠲᠣᠭᠲᠠᠬᠤ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ 75% ᠠᠴᠠ ᠳᠡᠭᠡᠭᠰᠢ ᠳᠤ ᠬᠦᠷᠦᠭᠦᠯᠵᠦ᠂ ᠭᠤᠤᠯᠳᠠᠯᠭ᠎ᠠ ᠲᠠᠢ | ᠬᠥᠮᠦᠰ ᠤᠨ ᠭᠡᠷ᠎ᠡ ᠲᠣᠭᠲᠠᠬᠤ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ ᠬᠠᠨᠤᠮᠵᠢ ᠶᠢᠨ ᠬᠡᠮᠵᠢᠶ᠎ᠡ ᠶᠢ | 90% ᠠᠴᠠ ᠳᠡᠭᠡᠭᠰᠢ ᠳᠤ ᠬᠦᠷᠦᠭᠦᠯᠦᠨ᠎ᠡ᠃ ᠭᠡᠷ᠎ᠡ ᠲᠣᠭᠲᠠᠬᠤ ᠦᠢᠯᠡᠴᠢᠯᠡᠭᠡᠨ ᠤ ᠪᠡᠯᠡ ᠬᠤᠷᠠᠮᠳᠤᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠭᠡᠷ᠎ᠡ | ᠲᠣᠭᠲᠠᠭᠰᠠᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢ ᠬᠥᠮᠦᠨ ᠤ | ᠲᠤᠭ᠎ᠠ ᠪᠠᠷ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠤᠶᠤ ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠳᠤ ᠣᠯᠭᠤᠬᠤ ᠶᠢ | ᠰᠦᠪᠡᠭᠴᠢᠯᠡᠵᠦ᠂ ᠵᠠᠷᠴᠢᠮ ᠳᠡᠭᠡᠷ᠎ᠡ ᠪᠠᠨ 70% ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠵᠠᠷᠤᠳᠠᠯ ᠢ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ | ᠠᠵᠢᠯᠲᠠᠨ ᠤ ᠴᠠᠯᠢᠩ ᠣᠯᠭᠤᠬᠤ ᠳᠤ ᠬᠡᠷᠡᠭᠯᠡᠵᠦ ᠪᠣᠯᠤᠨ᠎ᠠ᠃ ᠭᠡᠷ᠎ᠡ ᠲᠣᠭᠲᠠᠬᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠ ᠲᠤᠰᠢᠶᠠᠬᠤ ᠲᠣᠭᠲᠠᠴᠠ ᠶᠢ | ᠪᠦᠷᠢᠨᠰᠢᠭᠦᠯᠵᠦ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠡᠮᠨᠡᠭᠦᠯᠬᠦ᠂ ᠰᠢᠯᠵᠢᠭᠦᠯᠦᠨ ᠡᠮᠨᠡᠭᠦᠯᠬᠦ᠂ ᠡᠮ ᠬᠡᠷᠡᠭᠯᠡᠬᠦ᠂ ᠡᠮᠨᠡᠯᠭᠡ ᠶᠢᠨ ᠳᠠᠭᠠᠳᠬᠠᠯ ᠵᠡᠷᠭᠡ | ᠲᠠᠯ᠎ᠠ ᠪᠠᠷ ᠬᠢ ᠵᠦᠷᠢᠶᠡᠴᠢᠯᠡᠭᠰᠡᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠭᠡᠷ ᠪᠦᠯᠢ ᠶᠢᠨ ᠡᠮᠴᠢ ᠶᠢᠨ ᠠᠩᠬᠠᠨ ᠤ ᠡᠮᠴᠢᠯᠡᠭᠡ᠂ ᠰᠢᠯᠵᠢᠭᠦᠯᠦᠨ | ᠡᠮᠨᠡᠭᠦᠯᠬᠦ ᠪᠠ ᠳᠣᠷᠣᠭᠰᠢ ᠰᠢᠯᠵᠢᠭᠦᠯᠦᠨ ᠬᠦᠯᠢᠶᠡᠨ ᠠᠪᠴᠦ ᠡᠮᠴᠢᠯᠡᠬᠦ ᠦᠢᠯᠡᠴᠢᠯᠡᠭᠡᠨ ᠤ ᠵᠠᠭᠪᠤᠷ ᠢ ᠠᠯᠬᠤᠮ ᠠᠯᠬᠤᠮ ᠢᠶᠠᠷ ᠪᠣᠶ ᠪᠤᠯᠭᠠᠨ᠎ᠠ᠃ ︵ᠬᠠᠷᠢᠭᠤᠴᠠᠯᠭᠠᠲᠤ | ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | 2. ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠳ᠋ᠦᠩᠱᠧᠩ ᠲᠣᠭᠤᠷᠢᠭ᠂ ᠬᠢᠶ᠎ᠠ ᠪᠠᠭᠰᠢ | ᠲᠣᠭᠤᠷᠢᠭ ᠲᠤ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠭᠦᠯᠦᠭᠰᠡᠨ ᠬᠤᠲᠠ ᠶᠢᠨ ᠡᠮᠴᠢᠯᠡᠭᠡᠨ ᠤ ᠪᠦᠯᠦᠭᠯᠡᠯ ᠢ ᠰᠦᠪᠡᠭᠴᠢᠯᠡᠨ ᠪᠠᠶᠢᠭᠤᠯᠵᠤ᠂ | ︽ᠬᠤᠲᠠ ᠪᠠᠷ ᠬᠤᠰᠢᠭᠤ ᠲᠣᠭᠤᠷᠢᠭ ᠢ ᠳᠠᠶᠢᠴᠢᠯᠠᠬᠤ᠂ ᠬᠤᠰᠢᠭᠤ ᠲᠣᠭᠤᠷᠢᠭ ᠨᠡᠶᠢᠬᠡᠮ ᠲᠤᠭᠤᠷᠢᠭ ᠶᠢ ᠨᠢᠭᠡ ᠴᠣᠭᠴᠠᠵᠢᠭᠤᠯᠬᠤ︾ ᠣᠯᠠᠨ ᠡᠰᠢᠵᠢᠭᠰᠡᠨ | ᠬᠥᠭᠵᠢᠯᠲᠡ ᠶᠢᠨ ᠵᠠᠭᠪᠤᠷ ᠢ ᠪᠣᠢ ᠪᠣᠯᠭᠠᠨ᠎ᠠ᠃ ᠳᠠᠯᠠᠳ ᠬᠤᠰᠢᠭᠤ᠂ ᠵᠡᠭᠦᠨᠭᠠᠷ ᠬᠤᠰᠢᠭᠤ᠂ ᠡᠵᠡᠨ ᠬᠤᠷᠤᠭ᠎ᠠ ᠬᠤᠰᠢᠭᠤ᠂ ᠦᠤᠰᠢᠨ ᠬᠤᠰᠢᠭᠤ᠂ ᠬᠠᠩᠭᠢᠨ | ᠬᠤᠰᠢᠭᠤ᠂ ᠣᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤᠨ ᠳᠤ ᠬᠤᠰᠢᠭᠤ ᠲᠣᠭᠤᠷᠢᠭ ᠤᠨ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠᠷ | ᠲᠦᠷᠦᠭᠦᠯᠡᠭᠦᠯᠦᠭᠰᠡᠨ᠂ ᠪᠤᠰᠤᠳ ᠬᠤᠰᠢᠭᠤ ᠲᠣᠭᠤᠷᠢᠭ ᠤᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠢᠴᠢ ᠰᠤᠮᠤ ᠰᠢᠶᠠᠩ ᠪᠠᠯᠭᠠᠰᠤ ᠶᠢᠨ | ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ ᠪᠠᠷ ᠪᠦᠷᠢᠯᠳᠦᠬᠦᠨ ᠨᠢᠭᠡᠴᠢ ᠪᠣᠯᠭᠠᠭᠰᠠᠨ | ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ ᠨᠠᠭᠠᠳᠣ ᠵᠠᠬ᠎ᠠ ᠳᠠᠭᠠᠨ 1 ᠪᠠᠶᠢᠭᠤᠯᠤᠨ᠎ᠠ᠃ ᠰᠢᠶᠡᠨ ᠤ ᠭᠡᠪᠴᠢᠶᠡᠨ ᠤ ᠡᠮᠴᠢᠯᠡᠭᠡᠨ ᠤ ᠬᠠᠮᠳᠣ ᠶᠢᠨ | ᠴᠣᠠᠠᠴᠠ ᠶᠢᠨ ᠬᠠᠮᠢᠶᠡᠷᠦᠯᠳᠡ ᠶᠢᠨ ᠺᠣᠮᠢᠰ ᠢ ᠪᠠᠢᠭᠤᠯᠵᠦ᠂ ᠵᠠᠰᠠᠭ ᠵᠠᠬᠢᠷᠭᠠᠨ᠂ ᠠᠵᠢᠯᠳᠡᠨ ᠤ ᠶᠠᠪᠤᠳᠡᠯ᠂ ᠡᠳ᠋ ᠤᠨ ᠶᠠᠪᠤᠳᠡᠯ᠂ ᠲᠣᠬᠠᠶᠢᠯᠬᠠᠰᠠᠨ ᠠᠵᠢᠯ᠂ ᠡᠮ | ᠭᠡᠷᠡᠭᠯᠡᠬᠦ ᠭᠠᠷᠴᠠᠭ᠂ ᠮᠡᠳᠡᠭᠡ ᠵᠠᠩᠬᠢ ᠶᠢᠨ ᠰᠢᠰᠲ᠋ᠧᠮ ᠵᠡᠷᠭᠡ ᠠᠭᠤᠯᠭ᠎ᠠ ᠶᠢ ᠡᠮᠬᠢᠯᠡᠨ ᠨᠡᠢᠯᠡᠬᠦᠯᠵᠦ᠂ ᠰᠢᠶᠡᠨ ᠤ ᠭᠡᠪᠴᠢᠶᠡᠨ ᠤ ᠡᠮᠴᠢᠯᠡᠭᠡᠨ ᠤ ᠬᠠᠮᠳᠣ ᠶᠢᠨ | ᠴᠣᠠᠠᠴᠠ ᠶᠢᠨ ᠲᠣᠳᠣᠭᠠᠳᠣ ᠶᠢᠨ ᠨᠢᠭᠡᠳᠦᠯᠳᠡᠢ ᠬᠠᠮᠢᠶᠡᠷᠦᠯᠳᠡ ᠪᠠ ᠬᠦᠭᠵᠢᠯᠳᠡ ᠶᠢ ᠪᠠᠶᠠᠯᠠᠬᠦᠯᠥᠨ᠎ᠠ᠃ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ | ᠰᠢᠶᠠᠨ ᠤ ᠪᠦᠰᠡ ᠪᠠ ᠦᠨᠳᠦᠰᠦᠨ ᠱᠠᠲᠤ ᠶᠢ ᠬᠦᠴᠦᠷᠬᠡᠭᠵᠢᠭᠦᠯᠬᠦ ᠪᠠᠷ ᠬᠠᠷᠠᠯᠲᠠ ᠪᠣᠯᠭᠠᠨ᠂ ᠲᠦᠷᠦᠭᠦᠯᠡᠬᠦ ᠡᠮᠨᠡᠯᠭᠡ ᠶᠢᠨ ᠬᠤᠷᠢᠶ᠎ᠠ ᠶᠢᠨ ᠬᠤᠲᠠ ᠬᠥᠳᠡᠭᠡ ᠶᠢᠨ | ᠬᠤᠯᠪᠣᠭᠠᠰᠤ ᠶᠢᠨ ᠦᠢᠯᠡᠳᠦᠯ ᠪᠠ ᠬᠥᠲᠥᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠤᠨ᠂ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠪᠣᠳᠠᠲᠠᠶ ᠪᠥᠭᠡᠳ ᠨᠠᠷᠢᠯᠢᠭ ᠬᠢᠨ᠎ᠠ᠃ ᠬᠤᠰᠢᠭᠤ ᠲᠤᠭᠤᠷᠢᠭ ᠪᠠᠯᠭᠠᠰᠤ ᠲᠣᠰᠬᠤᠨ ᠤ | ᠭᠤᠷᠪᠠᠨ ᠱᠠᠲᠤᠨ ᠤ ᠡᠮᠴᠢᠯᠡᠭᠡ ᠶᠢᠨ ᠦᠢᠯᠡᠴᠢᠯᠡᠭᠡᠨ ᠤ ᠲᠤᠭᠲᠠᠯᠴᠠᠭ᠎ᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠲᠦᠷᠦᠭᠦᠯᠡᠬᠦ | ᠡᠮᠴᠢᠯᠡᠭᠡᠨ ᠤ ᠪᠠᠶᠢᠭᠤᠯᠤᠮᠵᠢ ᠨᠢ ᠪᠠᠴᠢᠮ ᠲᠦᠭᠰᠢᠭᠦᠷᠢᠲᠡᠶ ᠬᠦᠨᠳᠦ ᠡᠪᠡᠳᠴᠢᠲᠡᠨ ᠢ ᠠᠪᠤᠷᠠᠨ ᠵᠠᠰᠠᠬᠤ ᠡᠭᠦᠷᠭᠡ ᠶᠢ ᠡᠭᠦᠷᠭᠡᠯᠡᠵᠦ᠂ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠣᠨᠣᠰᠢᠯᠠᠨ ᠡᠮᠨᠡᠬᠦ ᠦᠢᠯᠡᠴᠢᠯᠡᠭᠡ | ᠬᠠᠩᠭᠠᠨ᠎ᠠ᠃ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ ᠤ | ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ | ᠪᠡᠶᠡᠯᠡᠭᠦᠯᠦᠨ᠂ 2024 ᠣᠨ ᠪᠣᠯᠬᠤ ᠳᠤ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠢᠭᠡᠳᠦᠯᠲᠡᠶ ᠮᠡᠳᠡᠭᠡ ᠵᠠᠩᠭᠢ ᠶᠢᠨ ᠲᠠᠪᠴᠠᠩ ᠢ | ᠦᠨᠳᠦᠰᠦᠨ ᠳᠤ ᠪᠠᠨ ᠪᠠᠶᠢᠭᠤᠯᠵᠤ᠂ ᠶᠡᠷᠦᠩᠬᠡᠶ ᠡᠮᠨᠡᠯᠭᠡ ᠶᠢᠨ ᠬᠤᠷᠢᠶ᠎ᠠ ᠶᠢᠨ ᠳᠣᠲᠣᠷᠠᠬᠢ ᠪᠠᠶᠢᠴᠠᠭᠠᠵᠤ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ | ᠮᠡᠳᠡᠷᠡᠵᠦ ᠬᠠᠮᠲᠤᠪᠠᠷ ᠡᠳ᠋ᠯᠡᠬᠦ ᠶᠢ ᠪᠡᠶᠡᠯᠡᠭᠦᠯᠵᠤ᠂ ︽ᠦᠨᠳᠦᠰᠦᠨ ᠱᠠᠲᠤᠨ ᠳᠤ ᠪᠠᠶᠢᠴᠠᠭᠠᠵᠤ᠂ ᠰᠢᠶᠠᠨ ᠤ ᠱᠠᠲᠤᠨ ᠳᠤ ᠣᠨᠣᠰᠢᠯᠠᠬᠤ︾ ᠪᠠᠶᠢᠷᠢᠰᠢᠯ ᠢ ᠪᠣᠶ | ᠪᠣᠯᠭᠠᠨ᠎ᠠ᠃ ᠵᠠᠰᠠᠭ ᠤᠨ ᠣᠷᠳᠣᠨ ᠠᠴᠠ ᠡᠷᠬᠢᠯᠡᠭᠰᠡᠨ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠬᠠᠮᠲᠤ ᠶᠢᠨ ᠴᠣᠭᠴᠠ ᠳᠤ | ᠣᠷᠣᠭᠤᠯᠤᠨ᠂ ᠬᠥᠳᠡᠭᠡ ᠲᠣᠰᠬᠤᠨ ᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠡᠳ᠋ ᠤᠨ ᠶᠠᠪᠤᠳᠠᠯ᠂ ᠲᠤᠬᠠᠶᠢᠯᠠᠭᠰᠠᠨ ᠠᠵᠢᠯ᠂ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠵᠡᠷᠭᠡ ᠨᠢᠭᠡᠳᠦᠯᠲᠡᠶ ᠬᠠᠮᠢᠶᠠᠷᠤᠯᠲᠠ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | 3. ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ ᠶᠢ ᠴᠢᠩᠭᠠᠳᠬᠠᠨ᠎ᠠ᠃ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ ᠲᠥᠷᠥ ᠶᠢᠨ ᠪᠣᠳᠣᠯᠭ᠎ᠠ ᠶᠢᠨ | ᠲᠤᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠮᠨᠡᠬᠦ ᠪᠠ ᠰᠡᠷᠭᠡᠶᠢᠯᠡᠬᠦ ᠶᠢ ᠬᠠᠮᠵᠢᠯᠴᠠᠭᠤᠯᠬᠤ᠂ ᠡᠮᠨᠡᠬᠦ ᠪᠠ ᠰᠡᠷᠭᠡᠶᠢᠯᠡᠬᠦ ᠶᠢ ᠠᠭᠤᠰᠤᠯᠴᠠᠭᠤᠯᠬᠤ | ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ ᠵᠡᠷᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠢ ᠰᠢᠭᠤᠳ ᠡᠷᠬᠢᠯᠡᠬᠦ ᠰᠠᠯᠠᠭ᠎ᠠ ᠲᠠᠰᠤᠭ ᠢ | ᠪᠠᠶᠢᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠪᠠ ᠲᠤᠰᠬᠠᠢ ᠮᠡᠷᠭᠡᠵᠢᠯ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠭᠦᠨᠵᠡᠭᠡᠢ | ᠬᠠᠮᠵᠢᠯᠴᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠴᠢᠳᠠᠪᠤᠷᠢᠲᠠᠨ ᠢ ᠰᠢᠯᠵᠢᠭᠦᠯᠬᠦ᠂ ᠰᠣᠯᠪᠢᠯᠴᠠᠭᠤᠯᠤᠨ ᠪᠤᠯᠪᠠᠰᠤᠷᠠᠭᠤᠯᠬᠤ᠂ ᠦᠢᠯᠡᠴᠢᠯᠡᠭᠡ ᠶᠢ ᠠᠭᠤᠰᠤᠯᠴᠠᠭᠤᠯᠬᠤ᠂ | ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠵᠡᠷᠭᠡ ᠲᠣᠭᠲᠠᠴᠠ ᠶᠢ ᠪᠠᠶᠢᠭᠤᠯᠤᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠤᠰᠬᠠᠶ ᠠᠵᠢᠯᠲᠠᠨ ᠢ ᠡᠮᠴᠢᠯᠡᠭᠡᠨ ᠤ | ᠬᠤᠯᠪᠣᠭᠠᠲᠤ ᠴᠣᠭᠴᠠ ᠳᠤ ᠣᠷᠣᠯᠴᠠᠭᠤᠯᠤᠨ ᠠᠵᠢᠯᠯᠠᠭᠤᠯᠬᠤ ᠶᠢ ᠬᠠᠶᠢᠨ ᠰᠦᠪᠡᠭᠴᠢᠯᠡᠵᠦ᠂ ᠨᠡᠶᠢᠭᠡᠮ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠬᠡᠰᠡᠭ ᠣᠷᠣᠨ ᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ᠂ ᠦᠨᠳᠦᠰᠦᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠣᠷᠵᠢᠭᠤᠯᠤᠭᠰᠠᠨ | ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠤᠵᠢᠭ ᠡᠪᠡᠳᠴᠢᠨ ᠤ ᠡᠮᠨᠡᠬᠦ ᠰᠡᠷᠭᠡᠶᠢᠯᠡᠬᠦ ᠶᠢ ᠠᠭᠤᠰᠤᠯᠴᠠᠭᠤᠯᠬᠤ | ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ︽ᠡᠪᠡᠳᠴᠢᠯᠡᠬᠦ ᠠᠴᠠ ᠡᠮᠦᠨ᠎ᠡ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ᠂ ᠡᠪᠡᠳᠴᠢᠯᠡᠭᠰᠡᠨ ᠤ | ᠳᠠᠷᠠᠭ᠎ᠠ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠮᠥᠷᠳᠡᠨ ᠦᠢᠯᠡᠴᠢᠯᠡᠬᠦ ᠶᠢ ᠲᠠᠰᠤᠯᠳᠠᠭᠤᠯᠬᠤ ᠥᠬᠡᠶ︾ ᠪᠠᠶᠢᠬᠤ ᠨᠢᠭᠡ ᠴᠣᠭᠴᠠᠵᠢᠭᠤᠯᠤᠭᠰᠠᠨ ᠡᠷᠡᠭᠦᠯ | ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠪᠣᠶ ᠪᠣᠯᠭᠠᠨ᠎ᠠ᠃ ᠡᠷᠡᠭᠦᠯ ᠡᠩᠬᠡ ᠣᠷᠳᠣᠰ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠯ᠎ᠡ ᠬᠤᠯᠪᠣᠭᠳᠠᠯ | ᠪᠥᠬᠦᠶ ᠨᠢᠭᠡᠴᠢ᠂ ᠬᠡᠷ ᠪᠦᠯᠢ ᠪᠠ ᠬᠤᠪᠢ ᠬᠥᠮᠦᠨ ᠢ ᠬᠥᠲᠥᠯᠦᠨ ᠵᠢᠯᠣᠭᠤᠳᠴᠤ ᠪᠠᠶᠢᠭᠠᠳ ᠲᠣᠰ ᠲᠣᠰ ᠤᠨ ᠡᠷᠡᠭᠦᠯ ᠮᠡᠨᠳᠦ ᠶᠢᠨ ᠬᠠᠷᠢᠭᠤᠴᠠᠯᠭ᠎ᠠ ᠶᠢ ᠨᠢ | ᠭᠦᠢᠴᠡᠳᠬᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 4. ᠡᠮᠴᠢᠯᠡᠭᠡ ᠨᠠᠰᠤᠵᠢᠯ ᠰᠣᠪᠢᠯᠠᠯᠲᠠ ᠶᠢ ᠤᠶᠠᠯᠳᠤᠭᠤᠯᠬᠤ ᠶᠢ ᠠᠬᠢᠭᠤᠯᠤᠨ᠎ᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠪᠠᠷ ᠰᠠᠭᠤᠷᠢ ᠪᠣᠯᠭᠠᠭᠰᠠᠨ᠂ ᠨᠠᠰᠤᠲᠠᠶᠢᠴᠤᠳ ᠤᠨ ᠡᠮᠨᠡᠯᠭᠡ ᠶᠢᠨ ᠬᠤᠷᠢᠶ᠎ᠠ ᠪᠣᠯᠤᠨ ᠶᠡᠷᠦᠩᠬᠡᠶᠢᠯᠡᠭᠰᠡᠨ ᠴᠢᠨᠠᠷᠲᠠᠶ ᠡᠮᠨᠡᠯᠭᠡ ᠶᠢᠨ ᠬᠤᠷᠢᠶ᠎ᠠ ᠶᠢᠨ | ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠪᠠᠷ ᠭᠤᠤᠯ ᠪᠣᠯᠭᠠᠭᠰᠠᠨ᠂ ᠬᠠᠮᠢᠶ᠎ᠠ ᠪᠦᠬᠦᠢ ᠵᠢᠭᠠᠨ ᠰᠤᠷᠭᠠᠯᠲᠠ ᠶᠢᠨ ᠪᠠᠶᠢᠭᠤᠯᠤᠮᠵᠢ ᠪᠠᠷ ᠲᠤᠯᠭᠠᠭᠤᠷᠢᠯᠠᠯ | ᠪᠣᠯᠭᠠᠭᠰᠠᠨ ᠨᠠᠰᠤᠲᠠᠶᠢᠴᠤᠳ ᠤᠨ ᠡᠮᠴᠢᠯᠡᠭᠡ ᠶᠢᠨ ᠦᠢᠯᠡᠴᠢᠯᠡᠭᠡᠨ ᠤ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠦᠨ᠎ᠡ᠃ 2025 ᠣᠨ ᠪᠣᠯᠬᠤ ᠳᠤ᠂ 85% ᠠᠴᠠ | ᠳᠡᠭᠡᠭᠰᠢᠬᠢ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠶᠡᠷᠦᠩᠬᠡᠶᠢᠯᠡᠭᠰᠡᠨ ᠴᠢᠨᠠᠷᠲᠠᠶ ᠡᠮᠨᠡᠯᠭᠡ ᠶᠢᠨ ᠬᠤᠷᠢᠶ᠎ᠠ ᠳᠤ ᠨᠠᠰᠤᠲᠠᠶᠢᠴᠤᠳ ᠤᠨ ᠠᠨᠠᠭᠠᠬᠤ | ᠤᠬᠠᠭᠠᠨ ᠤ ᠰᠠᠯᠠᠭ᠎ᠠ ᠭᠠᠷᠭᠠᠵᠤ᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠳᠤ ᠴᠥᠮ | ᠨᠠᠰᠤᠲᠠᠶᠢᠴᠤᠳ ᠤᠨ ᠡᠪᠡᠳᠴᠢᠨ ᠤ ᠰᠠᠯᠠᠭ᠎ᠠ ᠲᠣᠬᠢᠷᠠᠭᠤᠯᠤᠨ᠎ᠠ᠃ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶᠠᠨ ᠤ ᠨᠠᠰᠤᠲᠠᠶᠢᠴᠤᠳ ᠤᠨ ᠨᠥᠬᠦᠷᠰᠡᠭ ᠡᠮᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠷᠢᠴᠠᠯ ᠢ 90% ᠠᠴᠠ ᠳᠡᠭᠡᠭᠰᠢ ᠳᠤ | ᠬᠦᠷᠦᠭᠦᠯᠵᠦ᠂ 30% ᠠᠴᠠ ᠳᠡᠭᠡᠭᠰᠢᠬᠢ ᠪᠠᠶᠢᠭᠤᠯᠤᠮᠵᠢ ᠶᠢ ᠳᠠᠭᠤᠷᠢᠶᠠᠯ ᠦᠵᠡᠭᠦᠯᠦᠨ ᠪᠦᠲᠦᠭᠡᠨ ᠪᠠᠶᠢᠭᠤᠯᠬᠤ ᠪᠠᠷᠢᠮᠵᠢᠶ᠎ᠠ ᠳᠤ ᠬᠦᠷᠦᠭᠦᠯᠦᠨ᠎ᠡ᠃ ᠡᠷᠡᠭᠦᠯᠵᠢᠯ᠂ | ᠨᠠᠰᠤᠲᠠᠶᠢᠴᠤᠳ ᠤᠨ ᠡᠪᠡᠳᠴᠢᠨ᠂ ᠣᠷᠳᠣ ᠬᠤᠭᠤᠴᠠᠭᠠᠨ ᠤ ᠰᠤᠪᠢᠯᠠᠯᠲᠠ᠂ ᠤᠵᠢᠭ ᠡᠪᠡᠳᠴᠢᠨ ᠤ ᠬᠠᠮᠢᠶᠠᠷᠤᠯᠲᠠ᠂ ᠠᠮᠤᠷ ᠵᠢᠮ ᠰᠣᠪᠢᠯᠠᠯᠲᠠ ᠵᠡᠷᠭᠡ | ᠦᠷᠭᠦᠯᠵᠢᠯᠡᠬᠦ ᠴᠢᠨᠠᠷᠲᠠᠶ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ 2025 ᠣᠨ ᠤ ᠡᠴᠦᠰ ᠪᠣᠯᠬᠤ ᠳᠤ᠂ ᠪᠥᠬᠦ ᠬᠤᠲᠠ ᠳᠤ ᠨᠠᠮ | ᠵᠢᠮ ᠰᠤᠪᠢᠯᠠᠯᠲᠠ ᠶᠢᠨ ᠳᠠᠭᠤᠷᠢᠢᠶᠠᠯ ᠦᠵᠡᠭᠦᠯᠬᠦ ᠪᠠᠶᠢᠭᠤᠯᠤᠮᠵᠢ ᠶᠢ 10 ᠪᠠᠶᠢᠭᠤᠯᠤᠨ ᠳᠠᠭᠤᠰᠬᠠᠬᠤ ᠶᠢᠨ ᠬᠠᠮᠲᠤ ᠵᠢᠯ ᠳᠠᠷᠠᠭᠠᠯᠠᠨ ᠨᠡᠮᠡᠭᠳᠡᠭᠦᠯᠬᠦ ᠪᠠᠶᠢᠳᠠᠯ ᠢ | ᠪᠠᠲᠤᠯᠠᠬᠤ ᠬᠡᠷᠡᠭᠲᠡᠶ᠃ ᠦᠨᠳᠣᠰᠣᠡ ᠱᠠᠳᠣᠨ ᠤ ᠡᠮᠴᠢᠯᠡᠭᠡ ᠡᠷᠡᠬᠦᠯ ᠬᠠᠮᠠᠭᠠᠯᠠᠯ ᠤᠨ ᠪᠠᠢᠭᠤᠯᠥᠮᠵᠢ ᠶᠢᠨ ᠨᠠᠰᠣᠳᠡᠢᠴᠣᠳ ᠢ ᠡᠮᠨᠡᠨ ᠬᠠᠷᠠᠭᠠᠯᠵᠠᠬᠤ᠂ ᠭᠡᠷ ᠪᠦᠯᠢ ᠶᠢᠨ | ᠡᠪᠡᠳᠴᠢᠳᠡᠨ ᠤ ᠣᠷᠦ᠂ ᠭᠡᠷ ᠲᠡᠭᠡᠨ ᠰᠠᠭᠤᠵᠤ ᠰᠣᠪᠢᠯᠠᠬᠤ ᠵᠡᠷᠭᠡ ᠦᠢᠯᠡᠴᠢᠯᠡᠭᠡ ᠭᠠᠷᠭᠠᠬᠤ ᠶᠢ ᠳᠡᠮᠵᠢᠨ᠎ᠠ᠃ ᠴᠢᠳᠠᠮᠵᠢ ᠪᠠᠨ ᠠᠯᠳᠠᠭᠰᠠᠨ ᠨᠠᠰᠤᠲᠠᠶᠢᠴᠤᠳ ᠲᠠᠬᠢ | ︽ᠡᠷᠡᠭᠦᠯ ᠮᠡᠨᠳᠦ ᠶᠢ ᠡᠷᠦᠬᠡ ᠳᠤ ᠣᠷᠣᠭᠤᠯᠬᠤ ᠬᠠᠯᠠᠮᠵᠢᠯᠠᠬᠤ ᠠᠵᠢᠯᠯᠠᠭ᠎ᠠ︾ ᠶᠢ ᠥᠷᠨᠢᠭᠦᠯᠵᠦ᠂ ᠬᠡᠷ ᠲᠤᠨᠢ ᠬᠦᠷᠴᠦ ᠡᠷᠡᠭᠦᠯ ᠮᠡᠨᠳᠦ ᠶᠢᠨ ᠦᠢᠯᠡᠴᠢᠯᠡᠭᠡ | ᠬᠠᠩᠭᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠢᠭᠡᠳ ᠨᠠᠰᠤᠵᠢᠯ ᠤᠨ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠬᠠᠮᠵᠢᠯᠴᠠᠬᠤ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ 2025 ᠣᠨ ᠪᠣᠯᠬᠤ ᠳᠤ᠂ ᠭᠡᠷ᠎ᠡ ᠲᠤᠭᠲᠠᠬᠤ ᠦᠢᠯᠡᠴᠢᠯᠡᠭᠡᠨ ᠤ ᠬᠠᠷᠢᠴᠠᠯ ᠢ 100% ᠳᠤ ᠬᠦᠷᠦᠭᠦᠯᠦᠨ᠎ᠡ᠃ | ᠨᠠᠰᠤᠲᠠᠶᠢᠴᠤᠳ ᠲᠤ ᠪᠣᠯᠵᠣᠨ ᠡᠮᠴᠢᠯᠡᠬᠦ᠂ ᠲᠦᠷᠭᠡᠨ ᠡᠮᠨᠡᠬᠦ ᠲᠦᠷᠭᠡᠨ ᠠᠪᠤᠷᠠᠬᠤ ᠰᠠᠭᠠᠳ ᠦᠭᠡᠢ ᠨᠡᠪᠲᠡᠷᠡᠬᠦ ᠵᠠᠮ ᠢ ᠢᠳᠡᠪᠬᠢᠲᠡᠢ ᠪᠠᠷ ᠨᠡᠭᠡᠭᠡᠵᠦ᠂ | ᠨᠠᠰᠤᠲᠠᠶᠢᠴᠤᠳ ᠤᠨ ᠤᠵᠢᠭ ᠡᠪᠡᠳᠴᠢᠨ ᠢ ᠬᠠᠮᠢᠶᠠᠷᠬᠤ᠂ ᠡᠷᠡᠭᠦᠯᠵᠢᠭᠦᠯᠬᠦ ᠪᠠ ᠰᠤᠪᠢᠯᠠᠬᠤ ᠦᠢᠯᠡᠴᠢᠯᠡᠭᠡ ᠶᠢ ᠬᠠᠮᠵᠢᠯᠴᠠᠨ ᠰᠠᠶᠢᠲᠤᠷ ᠬᠢᠨ᠎ᠡ᠃ ᠤᠯᠤᠰ ᠤᠨ | ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠳᠠᠭᠤᠷᠢᠶᠠᠯ ᠦᠵᠡᠭᠦᠯᠬᠦ ᠪᠠᠶᠢᠭᠤᠯᠤᠮᠵᠢ ᠶᠢᠨ ᠲᠥᠷᠥᠯ ᠵᠦᠢᠯ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ | 2025 ᠣᠨ ᠪᠣᠯᠬᠤ ᠳᠤ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠳᠠᠭᠤᠷᠢᠶᠠᠯ ᠦᠵᠡᠭᠦᠯᠬᠦ ᠪᠠᠶᠢᠭᠤᠯᠤᠮᠵᠢ ᠶᠢ 2 ᠡᠭᠦᠳᠦᠨ ᠪᠠᠶᠢᠭᠤᠯᠵᠤ ᠳᠠᠭᠤᠰᠬᠠᠨ᠎ᠠ᠃ | ᠡᠮᠴᠢᠯᠡᠭᠡ ᠡᠷᠡᠭᠦᠯᠵᠢᠯ ᠤᠨ ᠣᠨᠣᠯᠵᠢᠬᠤᠨ᠂ ᠲᠦᠷᠢᠮ᠂ ᠪᠡᠯᠡᠳᠬᠡᠮᠵᠢ᠂ ᠮᠡᠷᠭᠡᠵᠢᠯ ᠪᠠ ᠴᠢᠳᠠᠪᠤᠷᠢᠲᠠᠨ ᠵᠡᠷᠭᠡ ᠶᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠳᠤ | ᠣᠷᠣᠭᠤᠯᠤᠨ ᠠᠪᠴᠢᠷᠠᠵᠤ᠂ ᠡᠷᠡᠭᠦᠯᠵᠢᠯ ᠤᠨ ᠡᠮᠴᠢᠯᠡᠭᠡ᠂ ᠴᠢᠳᠠᠮᠵᠢ ᠶᠢ ᠡᠷᠡᠭᠦᠯᠵᠢᠭᠦᠯᠬᠦ ᠪᠠᠷ ᠭᠤᠤᠯᠳᠠᠯᠭ᠎ᠠ ᠪᠣᠯᠭᠠᠨ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ᠂ ᠢᠯᠠᠩᠭᠤᠶ᠎ᠠ ᠨᠡᠶᠢᠭᠡᠮ ᠠᠴᠠ ᠡᠷᠭᠢᠯᠡᠭᠰᠡᠨ ︵ᠠᠷᠠᠳ ᠠᠴᠠ ᠡᠵᠡᠩᠨᠡᠭᠰᠡᠨ︶ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠪᠠᠷ ᠭᠤᠤᠯ ᠴᠣᠭᠴᠠ ᠪᠣᠯᠭᠠᠨ᠂ ᠡᠮᠴᠢᠯᠡᠭᠡ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠠᠷᠳᠠᠴᠠ | ᠪᠣᠯᠭᠠᠵᠤ᠂ ᠡᠮᠴᠢᠯᠡᠭᠡ ᠡᠷᠡᠭᠦᠯᠵᠢᠯ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠭᠤᠰᠤᠯᠴᠠᠯ ᠢ ᠠᠬᠢᠭᠤᠯᠤᠨ᠂ ᠡᠮᠴᠢᠯᠡᠭᠡᠨ ᠤ ᠪᠠᠶᠢᠭᠤᠯᠤᠮᠵᠢ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠡᠮᠬᠢ ᠵᠢᠷᠤᠮ ᠲᠠᠢ ᠪᠠᠷ ᠰᠢᠯᠵᠢᠭᠦᠯᠦᠨ ᠵᠠᠯᠭᠠᠭᠤᠯᠵᠤ᠂ ᠵᠣᠯᠭᠠᠭᠤᠯᠤᠨ ᠢᠵᠢ ᠪᠦᠷᠢᠳᠦᠭᠦᠯᠦᠭᠰᠡᠨ | ᠡᠮᠴᠢᠯᠡᠭᠡ ᠡᠷᠡᠭᠦᠯᠵᠢᠯ ᠰᠤᠪᠢᠯᠠᠯᠲᠠ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠲᠤᠭᠲᠠᠯᠴᠠᠭ᠎ᠠ ᠶᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ︶᠃ | 5. ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠯᠪᠠᠨ ᠠᠴᠠ | ᠪᠠᠶᠢᠭᠤᠯᠤᠭᠰᠠᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶᠠᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠭᠤᠯᠤᠭᠳᠠᠬᠤᠨ ᠤ | ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯ ᠤᠨ ᠠᠮᠵᠢᠯᠲᠠ ᠪᠦᠲᠦᠮᠵᠢ ᠶᠢᠨ ᠰᠢᠯᠭᠠᠨ | ᠬᠢᠨᠠᠯᠳᠠ ᠳᠤ ᠪᠥᠬᠦ ᠣᠷᠣᠨ ᠤ ᠠᠳᠠᠯᠢ ᠲᠥᠷᠥᠯ ᠤᠨ ᠡᠮᠨᠡᠯᠭᠡ ᠶᠢᠨ ᠬᠤᠷᠢᠶᠠᠨ ᠤ ᠡᠮᠦᠨ᠎ᠡ ᠡᠩᠨᠡᠭᠡᠨ ᠳᠤ ᠣᠷᠤᠭᠤᠯᠵᠤ᠂ ᠡᠮᠨᠡᠯᠭᠡ ᠶᠢᠨ ᠬᠤᠷᠢᠶᠠᠨ ᠤ ᠰᠠᠯᠠᠭ᠎ᠠ | ᠲᠠᠰᠤᠭ ᠤᠨ ᠲᠣᠬᠢᠷᠠᠭᠤᠯᠤᠯᠲᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠲᠦᠷᠭᠡᠨ ᠡᠮᠴᠢᠯᠡᠭᠡ ᠲᠦᠷᠭᠡᠨ ᠠᠪᠤᠷᠠᠯᠳᠠ᠂ ᠬᠦᠴᠢᠷ ᠲᠦᠪᠡᠭᠲᠡᠶ ᠬᠦᠨᠳᠦ | ᠡᠪᠡᠳᠴᠢᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠵᠠᠰᠠᠬᠤ ᠴᠢᠳᠠᠪᠤᠷᠢ ᠶᠢ | ᠯᠠᠪᠳᠠᠭᠤᠨ ᠢᠶᠠᠷ ᠳᠡᠭᠡᠭᠰᠢᠯᠡᠭᠦᠯᠵᠦ᠂ 2035 ᠣᠨ ᠪᠣᠯᠬᠤ ᠳᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮ ᠨᠠᠶᠢᠷᠠᠯᠲᠠ ᠶᠢᠨ ᠲᠠᠰᠤᠭ ᠢ | ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠣᠨᠴᠠᠯᠢᠭᠲᠤ ᠳᠠᠪᠠᠭᠤᠯᠢᠭ ᠭᠤᠤᠯᠳᠠᠯᠭ᠎ᠠ ᠲᠠᠢ ᠲᠤᠰᠬᠠᠶ ᠰᠠᠯᠠᠭᠠᠨ ᠤ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠰᠢᠨᠵᠢᠯᠡᠭᠡᠨ ᠤ ᠳᠠᠭᠠᠭᠤᠯᠤᠭᠴᠢ ᠪᠠ ᠭᠤᠤᠯᠯᠠᠭᠴᠢ ᠴᠢᠳᠠᠪᠤᠷᠢᠲᠠᠨ ᠢ ᠶᠡᠬᠡᠪᠡᠷ ᠬᠥᠮᠥᠵᠢᠭᠦᠯᠵᠦ᠂ ᠦᠷᠭᠦᠯᠵᠢᠯᠡᠬᠦ | ᠬᠥᠭᠵᠢᠯᠲᠡ ᠶᠢᠨ ᠵᠦᠶ ᠵᠣᠬᠢᠰᠲᠠᠶ ᠴᠢᠳᠠᠪᠤᠷᠢᠲᠠᠨ ᠤ ᠱᠠᠲᠤᠯᠢᠭ ᠡᠩᠨᠡᠭᠡ ᠶᠢ ᠪᠣᠶ ᠪᠣᠯᠭᠠᠵᠤ᠂ 2035 ᠣᠨ ᠪᠣᠯᠬᠤ ᠳᠤ᠂ ᠪᠥᠬᠦ ᠬᠤᠲᠠ ᠳᠤ ᠤᠯᠤᠰ ᠤᠨ ᠬᠢᠲᠠᠳ | ᠡᠮᠨᠡᠯᠭᠡ ︵ᠮᠣᠩᠭᠤᠯ ᠡᠮᠨᠡᠯᠭᠡ︶ ᠶᠢᠨ ᠳᠠᠪᠠᠭᠤᠯᠢᠭ ᠲᠤᠰᠬᠠᠶ ᠰᠠᠯᠠᠭ᠎ᠠ ᠶᠢ 1— 2 ᠪᠠᠶᠢᠭᠤᠯᠵᠤ᠂ ᠭᠤᠷᠪᠠᠳᠤᠭᠠᠷ ᠳᠡᠰ ᠤᠨ ᠬᠢᠲᠠᠳ ᠡᠮᠨᠡᠯᠭᠡ ︵ᠮᠣᠩᠭᠤᠯ | ᠡᠮᠨᠡᠯᠭᠡ︶ ᠶᠢᠨ ᠬᠤᠷᠢᠶ᠎ᠠ ᠨᠢᠭᠡᠪᠦᠷᠢ ᠳᠤ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠳᠠᠪᠠᠭᠤᠯᠢᠭ ᠲᠤᠰᠬᠠᠶ ᠰᠠᠯᠠᠭ᠎ᠠ ᠶᠢ 2 | ᠪᠠᠶᠢᠭᠤᠯᠵᠤ᠂ ᠬᠤᠶᠠᠳᠤᠭᠠᠷ ᠳᠡᠰ ᠤᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠨᠢᠭᠡᠪᠦᠷᠢ ᠳᠤ ᠬᠤᠲᠠ ᠶᠢᠨ ᠲᠡᠰ ᠤᠨ ᠬᠢᠲᠠᠳ ᠡᠮᠨᠡᠯᠭᠡ | ︵ᠮᠣᠩᠭᠤᠯ ᠡᠮᠨᠡᠯᠭᠡ︶ ᠶᠢᠨ ᠳᠠᠪᠠᠭᠤᠯᠢᠭ ᠲᠤᠰᠬᠠᠶ ᠰᠠᠯᠠᠭ᠎ᠠ ᠶᠢ ᠠᠳᠠᠭ ᠲᠠᠭᠠᠨ 4 ᠪᠠᠶᠢᠭᠤᠯᠬᠤ ᠪᠠᠷ ᠴᠢᠷᠮᠠᠶᠢᠨ᠎ᠠ᠃ ᠠᠯᠪᠠᠨ ᠠᠴᠠ ᠪᠠᠶᠢᠭᠤᠯᠤᠭᠰᠠᠨ ᠬᠢᠲᠠᠳ | ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠲᠦᠷᠦᠭᠦᠯᠡᠨ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠰᠦᠪᠡᠭᠴᠢᠯᠡᠵᠦ᠂ | ᠬᠤᠤᠰ ᠴᠢᠭᠯᠡᠯ ᠢᠶᠠᠷ ᠰᠢᠯᠵᠢᠭᠦᠯᠦᠨ ᠨᠡᠮᠡᠭᠳᠡᠭᠦᠯᠬᠦ᠂ ᠲᠦᠷᠭᠡᠨ ᠴᠢᠨᠠᠷᠲᠠᠢ ᠪᠠ ᠤᠵᠢᠭ ᠴᠢᠨᠠᠷᠲᠠᠢ ᠡᠪᠡᠳᠴᠢᠨ ᠢ ᠰᠠᠯᠭᠠᠨ ᠵᠠᠰᠠᠭᠰᠠᠨ ᠬᠢᠲᠠᠳ ᠡᠮᠨᠡᠯᠭᠡ ︵ᠮᠣᠩᠭᠤᠯ | ᠡᠮᠨᠡᠯᠭᠡ︶ ᠶᠢᠨ ᠱᠠᠲᠤ ᠬᠤᠪᠢᠶᠠᠨ ᠣᠨᠣᠰᠢᠯᠠᠨ ᠡᠮᠨᠡᠬᠦ ᠲᠤᠭᠲᠠᠯᠴᠠᠭ᠎ᠠ ᠶᠢ ᠪᠣᠶ ᠪᠣᠯᠭᠠᠨ᠎ᠠ᠃ ᠪᠥᠬᠦ ᠬᠤᠲᠠ ᠶᠢᠨ ᠡᠯ᠎ᠡ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶ᠎ᠠ ᠪᠠ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠳᠤ ᠴᠥᠮ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠰᠠᠯᠠᠭ᠎ᠠ ᠲᠠᠰᠤᠭ | ᠳᠣᠭᠢᠷᠠᠭᠤᠯᠵᠤ᠂ ᠦᠢᠯᠡᠴᠢᠯᠡᠭᠡᠨ ᠤ ᠴᠢᠳᠠᠪᠤᠷᠢ ᠶᠢ ᠠᠯᠬᠤᠮ ᠠᠯᠬᠤᠮ ᠢᠶᠠᠷ ᠴᠢᠩᠭᠠᠷᠠᠭᠤᠯᠵᠤ᠂ 2025 ᠣᠨ ᠪᠣᠯᠬᠤ ᠳᠤ᠂ ᠪᠥᠬᠦ ᠬᠤᠲᠠ ᠶᠢᠨ ᠡᠯ᠎ᠡ ᠰᠤᠮᠤ | ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠢᠲᠠᠳ ᠡᠮᠨᠡᠯᠭᠡ | ︵ᠮᠣᠩᠭᠤᠯ ᠡᠮᠨᠡᠯᠭᠡ︶ ᠶᠢᠨ ᠠᠵᠢᠯ ᠡᠷᠭᠢᠯᠡᠬᠦ ︵ᠲᠤᠰᠠᠯᠠᠬᠤ︶ ᠡᠮᠴᠢ ᠶᠢᠨ ᠡᠵᠡᠯᠡᠬᠦ ᠬᠠᠷᠢᠴᠠᠯ ᠢ 25% ᠠᠴᠠ ᠳᠡᠭᠡᠭᠰᠢ ᠳᠤ ᠬᠦᠷᠦᠭᠦᠯᠵᠦ᠂ ᠬᠢᠲᠠᠳ ᠡᠮᠨᠡᠯᠭᠡ | ︵ᠮᠣᠩᠭᠤᠯ ᠡᠮᠨᠡᠯᠭᠡ︶ ᠶᠢᠨ ᠵᠢᠯ ᠤᠨ ᠣᠨᠣᠰᠢᠯᠠᠨ ᠡᠮᠨᠡᠬᠦ ᠬᠡᠮᠵᠢᠶ᠎ᠡ ᠶᠢᠨ ᠡᠵᠡᠯᠡᠬᠦ ᠬᠠᠷᠢᠴᠠᠯ ᠢ 35% ᠠᠴᠠ ᠳᠡᠭᠡᠭᠰᠢ ᠳᠤ ᠬᠦᠷᠦᠭᠦᠯᠦᠨ᠎ᠡ᠃ ︵ᠬᠠᠷᠢᠭᠤᠴᠠᠯᠭᠠᠲᠤ | ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ︵ᠭᠤᠷᠪᠠ︶ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠦᠢᠯᠡᠴᠢᠯᠡᠭᠡᠨ ᠤ ᠲᠤᠷᠰᠢᠯᠭ᠎ᠠ ᠶᠢ ᠰᠠᠶᠢᠵᠢᠷᠠᠭᠤᠯᠵᠤ᠂ ᠦᠢᠯᠡᠴᠢᠯᠡᠭᠡᠨ ᠤ | ᠰᠢᠯᠢᠳᠡᠭᠵᠢᠬᠦ ᠶᠢ ᠠᠬᠢᠭᠤᠯᠤᠨ᠎ᠠ᠃ | 1. ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠤᠨ ᠠᠶᠤᠯᠬᠦᠢ ᠶᠢ ᠪᠠᠲᠤᠯᠠᠨ᠎ᠠ᠃ ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠪᠠ ᠡᠵᠡᠮᠳᠡᠬᠦ | ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ 30 ᠬᠤᠲᠠ ᠶᠢᠨ ᠲᠡᠰ ᠤᠨ ᠡᠮᠴᠢᠯᠡᠭᠡᠨ ᠤ ᠶᠠᠰᠤ ᠴᠢᠨᠠᠷ ᠤᠨ ᠡᠵᠡᠮᠳᠡᠯ ᠤᠨ ᠲᠥᠪ ᠢ ᠪᠦᠷᠢᠨᠰᠢᠬᠦᠯᠵᠦ᠂ ᠬᠡᠰᠡᠭ | ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠶᠠᠰᠤ ᠴᠢᠨᠠᠷ ᠤᠨ ᠡᠵᠡᠮᠳᠡᠯ ᠤᠨ ᠵᠣᠬᠢᠶᠠᠨ ᠪᠠᠶᠢᠭᠤᠯᠤᠯᠲᠠ ᠶᠢ ᠬᠤᠰᠢᠭᠤ ᠲᠣᠭᠤᠷᠢᠭ ᠬᠦᠷᠲᠡᠯ᠎ᠡ ᠥᠷᠭᠡᠳᠬᠡᠨ᠎ᠡ᠃ | ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠦᠢᠯᠡᠴᠢᠯᠡᠭᠡᠨ ᠤ ᠪᠦᠬᠦ ᠶᠠᠪᠤᠴᠠ ᠶᠢ ᠬᠠᠮᠤᠷᠤᠭᠰᠠᠨ ᠶᠠᠰᠤ ᠴᠢᠨᠠᠷ ᠤᠨ ᠬᠠᠮᠢᠶᠠᠷᠤᠯᠲᠠ ᠬᠢᠭᠡᠳ ᠡᠵᠡᠮᠳᠡᠬᠦ | ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠮᠨᠡᠯᠭᠡ ᠶᠢᠨ ᠬᠤᠷᠢᠶ᠎ᠠ ᠪᠠ ᠰᠠᠯᠠᠭ᠎ᠠ ᠲᠠᠰᠤᠭ ᠤᠨ ᠬᠤᠶᠠᠷ ᠱᠠᠲᠤᠨ ᠤ ᠬᠠᠷᠢᠭᠤᠴᠠᠯᠭ᠎ᠠ ᠶᠢᠨ ᠳᠦᠷᠢᠮ ᠢ | ᠬᠡᠷᠡᠭᠵᠢᠭᠦᠯᠦᠨ᠂ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠳᠦᠷᠢᠮ ᠪᠠ ᠵᠢᠷᠤᠮᠵᠢᠯ ᠢ ᠲᠡᠭᠦᠯᠳᠡᠷᠵᠢᠭᠦᠯᠵᠦ᠂ 18 ᠵᠦᠢᠯ ᠤᠨ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠳᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠎ᠠ᠃ ᠡᠮᠴᠢᠯᠡᠭᠡᠨ ᠤ ᠦᠢᠯᠡᠴᠢᠯᠡᠭᠡ ᠶᠢᠨ ᠠᠵᠢᠯᠯᠠᠭᠠᠨ ᠤ ᠵᠢᠷᠤᠮᠵᠢᠯ ᠢ ᠲᠡᠭᠦᠯᠳᠡᠷᠵᠢᠭᠦᠯᠵᠦ᠂ ᠡᠮᠴᠢᠯᠡᠭᠡᠨ ᠤ ᠦᠢᠯᠡᠴᠢᠯᠡᠭᠡ ᠶᠢᠨ | ᠪᠠᠷᠢᠮᠵᠢᠶᠠᠵᠢᠭᠤᠯᠬᠤ᠂ ᠵᠢᠷᠤᠮᠵᠢᠭᠤᠯᠬᠤ ᠬᠢᠷᠢ ᠳᠥᠪᠰᠢᠨ ᠢ ᠳᠡᠭᠡᠭᠰᠢᠯᠡᠭᠦᠯᠦᠨ᠎ᠡ᠃ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠭᠰᠠᠨ ᠦᠢᠯᠡᠴᠢᠯᠡᠭᠡᠨ ᠤ ᠶᠠᠰᠤ | ᠴᠢᠨᠠᠷ ᠤᠨ ᠲᠤᠭ᠎ᠠ ᠪᠠᠷᠢᠮᠲᠠ ᠶᠢᠨ ᠰᠢᠰᠲ᠋ᠧᠮ ᠢ ᠦᠨᠡᠯᠡᠨ ᠵᠢᠱᠢᠬᠦ᠂ ᠬᠠᠷᠢᠭᠤ ᠲᠤᠰᠬᠠᠬᠤ ᠪᠠ ᠤᠷᠮᠠᠰᠢᠭᠤᠯᠬᠤ ᠲᠣᠭᠲᠠᠴᠠ ᠶᠢ ᠰᠢᠯᠢᠳᠡᠭᠵᠢᠭᠦᠯᠦᠨ᠎ᠡ᠃ | ᠡᠮᠴᠢᠯᠡᠭᠡ ᠶᠢᠨ ᠦᠢᠯᠡᠴᠢᠯᠡᠭᠡᠨ ᠤ ᠦᠨᠡᠯᠡᠬᠦ ᠳᠦᠷᠢᠮ ᠢ ᠰᠦᠪᠡᠭᠴᠢᠯᠡᠨ ᠪᠠᠶᠢᠭᠤᠯᠵᠤ᠂ ᠡᠮ ᠤᠨ ᠵᠦᠢᠯᠡᠰ ᠤᠨ ᠬᠠᠩᠭᠠᠯᠭ᠎ᠠ ᠶᠢ ᠪᠠᠲᠤᠯᠠᠬᠤ ᠪᠠ ᠡᠮ ᠤᠨ ᠵᠦᠢᠯᠡᠰ ᠤᠨ | ᠤᠬᠠᠭᠠᠨ ᠤ ᠦᠢᠯᠡᠴᠢᠯᠡᠭᠡᠨ ᠤ ᠬᠢᠷᠢ ᠳᠥᠪᠰᠢᠨ ᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ︶ | 2. ᠡᠮᠴᠢᠯᠡᠭᠡ ᠡᠷᠡᠭᠦᠯ ᠬᠠᠮᠠᠭᠠᠯᠠᠯ ᠤᠨ ᠮᠡᠷᠭᠡᠵᠢᠯ ᠤᠨ ᠬᠢᠷᠢ ᠳᠥᠪᠰᠢᠨ ᠢ ᠳᠡᠭᠡᠭᠰᠢᠯᠡᠭᠦᠯᠦᠨ᠎ᠡ᠃ ᠡᠮᠴᠢᠯᠡᠭᠡᠨ ᠤ ᠠᠨᠠᠭᠠᠬᠤ ᠤᠬᠠᠭᠠᠨ᠂ ᠠᠵᠢᠯ ᠮᠡᠷᠭᠡᠵᠢᠯ ᠤᠨ | ᠡᠷᠡᠭᠦᠯ ᠬᠠᠮᠠᠭᠠᠯᠠᠯ᠂ ᠰᠡᠷᠭᠡᠶᠢᠯᠡᠬᠦ ᠠᠨᠠᠭᠠᠬᠤ ᠤᠬᠠᠭᠠᠨ ᠤ ᠰᠤᠳᠤᠯᠤᠨ ᠨᠡᠭᠡᠭᠡᠬᠦ ᠲᠤᠭᠲᠠᠯᠴᠠᠭ᠎ᠠ ᠪᠣᠯᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠤᠯᠤᠰ | ᠪᠣᠯᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠷᠢᠭᠦᠨ ᠤ ᠪᠠ ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠭᠦᠨᠵᠡᠭᠡᠶ ᠬᠡᠷᠡᠭᠵᠢᠭᠦᠯᠵᠦ᠂ | 2035 ᠣᠨ ᠪᠣᠯᠬᠤ ᠳᠤ᠂ ᠤᠯᠤᠰ ᠤᠨ ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢ 1᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠰᠢᠨᠵᠢᠯᠡᠭᠡᠨ ᠤ | ᠰᠠᠯᠠᠭ᠎ᠠ ᠶᠢ 1— 2 ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢ 3— 5 ᠪᠠᠶᠢᠭᠤᠯᠤᠨ᠎ᠠ᠃ | ᠰᠢᠨᠵᠢᠯᠡᠭᠡᠨ ᠤ ᠳᠠᠭᠠᠭᠤᠯᠤᠭᠴᠢ ᠪᠠ ᠰᠢᠯᠢᠳᠡᠭ ᠴᠢᠳᠠᠪᠤᠷᠢᠲᠠᠨ ᠤ ᠪᠦᠯᠬᠦᠮ ᠨᠡᠶᠢᠲᠡ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠵᠤ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠵᠦ᠂ | ᠰᠤᠳᠤᠯᠭᠠᠨ ᠤ ᠬᠡᠯᠪᠡᠷᠢ ᠶᠢᠨ ᠡᠮᠨᠡᠯᠭᠡ ᠶᠢᠨ ᠬᠤᠷᠢᠶ᠎ᠠ ᠪᠠ ᠰᠤᠳᠤᠯᠭᠠᠨ ᠤ ᠬᠡᠯᠪᠡᠷᠢ ᠶᠢᠨ ᠰᠠᠯᠠᠭ᠎ᠠ ᠲᠠᠰᠤᠭ ᠤᠨ ᠪᠠᠶᠢᠭᠤᠯᠤᠯᠲᠠ ᠶᠢ ᠴᠢᠷᠮᠠᠶᠢᠨ ᠠᠬᠢᠭᠤᠯᠤᠨ᠎ᠠ᠃ | ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | 3. ᠦᠢᠯᠡᠴᠢᠯᠡᠭᠡᠨ ᠤ ᠦᠷᠭᠦᠯᠵᠢᠯᠡᠬᠦ ᠴᠢᠨᠠᠷ ᠢ ᠠᠬᠢᠭᠤᠯᠤᠨ᠎ᠠ᠃ ᠱᠠᠲᠤ ᠬᠤᠪᠢᠶᠠᠨ ᠣᠨᠣᠰᠢᠯᠠᠨ ᠡᠮᠨᠡᠬᠦ ᠮᠡᠷᠭᠡᠵᠢᠯ ᠤᠨ ᠪᠠᠷᠢᠮᠵᠢᠶ᠎ᠠ ᠪᠠ ᠠᠵᠢᠯ ᠤᠨ | ᠲᠣᠭᠲᠠᠴᠠ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠵᠣᠬᠢᠴᠠᠭᠤᠯᠬᠤ ᠠᠵᠢᠯ ᠥᠷᠨᠢᠭᠦᠯᠬᠦ ᠶᠢ ᠵᠣᠷᠢᠭᠵᠢᠭᠤᠯᠵᠤ᠂ | ᠡᠪᠡᠳᠴᠢᠲᠡᠨ ᠢ ᠬᠠᠪᠰᠤᠷᠴᠦ ᠰᠢᠯᠵᠢᠭᠦᠯᠦᠨ ᠡᠮᠨᠡᠭᠦᠯᠦᠨ᠎ᠡ᠃ ᠣᠯᠠᠨ ᠰᠢᠨᠵᠢᠯᠡᠭᠡᠨ ᠤ ᠰᠠᠯᠠᠭᠠᠨ ᠤ ᠬᠠᠮᠲᠤᠷᠠᠨ ᠡᠮᠴᠢᠯᠡᠬᠦ ᠪᠠ ᠡᠪᠡᠳᠴᠢᠲᠡᠨ ᠤ ᠥᠷᠥᠭᠡ ᠶᠢ | ᠪᠠᠶᠢᠴᠠᠭᠠᠬᠤ ᠳᠦᠷᠢᠮ ᠢ ᠪᠦᠷᠢᠨᠰᠢᠭᠦᠯᠦᠨ᠎ᠡ᠃ ᠴᠡᠭᠡᠵᠢ ᠡᠪᠡᠳᠬᠦ᠂ ᠰᠠ ᠳᠠᠭᠠᠷᠢᠬᠤ᠂ ᠬᠦᠨᠳᠦ ᠲᠦᠭᠰᠢᠭᠦᠷᠢᠲᠡᠶ ᠵᠢᠷᠮᠦᠰᠦᠨ ᠡᠮᠡᠭᠲᠡᠶ᠂ ᠬᠦᠨᠳᠦ ᠲᠦᠭᠰᠢᠭᠦᠷᠢᠲᠡᠶ | ᠰᠠᠶ᠋ᠢ ᠲᠥᠷᠥᠭᠰᠡᠨ ᠬᠡᠤᠬᠡᠳ ᠪᠠ ᠬᠡᠤᠬᠡᠳ᠂ ᠰᠢᠷᠬᠠᠳᠤᠯ ᠵᠡᠷᠭᠡ ᠬᠦᠨᠳᠦ ᠪᠠᠴᠢᠮ ᠡᠪᠡᠳᠴᠢᠨ ᠢ ᠠᠪᠤᠷᠠᠨ ᠵᠠᠰᠠᠬᠤ ᠲᠥᠪ ᠢ ᠪᠠᠶᠢᠭᠤᠯᠵᠤ᠂ ᠠᠪᠤᠷᠠᠨ ᠡᠮᠨᠡᠬᠦ ᠰᠠᠭᠠᠳ | ᠥᠬᠡᠶ ᠨᠡᠪᠲᠡᠷᠡᠬᠦ ᠵᠠᠮ ᠪᠠ ᠨᠢᠭᠡ ᠴᠤᠭᠴᠠᠵᠢᠭᠤᠯᠤᠭᠰᠠᠨ ᠦᠢᠯᠡᠴᠢᠯᠡᠭᠡ ᠶᠢ ᠬᠠᠩᠭᠠᠨ᠎ᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠬᠢᠭᠡᠳ ᠳᠡᠭᠡᠳᠦ ᠱᠠᠲᠤᠨ ᠤ ᠡᠮᠴᠢᠯᠡᠭᠡᠨ ᠤ ᠪᠠᠶᠢᠭᠤᠯᠤᠮᠵᠢ ᠯᠤᠭ᠎ᠠ ᠤᠵᠢᠭ ᠡᠪᠡᠳᠴᠢᠨ ᠤ ᠬᠠᠮᠲᠤᠷᠠᠭᠰᠠᠨ ᠡᠭᠦᠳᠡᠨ ᠡᠮᠨᠡᠯᠭᠡ ᠪᠠᠶᠢᠭᠤᠯᠬᠤ ᠶᠢ | ᠰᠦᠪᠡᠭᠴᠢᠯᠡᠵᠦ᠂ ᠪᠠᠶᠢᠩᠭᠤ ᠲᠤᠬᠢᠶᠠᠯᠳᠤᠳᠠᠭ ᠡᠪᠡᠳᠴᠢᠨ ᠤᠵᠢᠭ ᠡᠪᠡᠳᠴᠢᠨ ᠢ ᠡᠮᠨᠡᠨ ᠵᠠᠰᠠᠬᠤ᠂ ᠰᠡᠷᠭᠡᠶᠢᠯᠡᠬᠦ ᠪᠠ ᠡᠷᠡᠭᠦᠯᠵᠢᠭᠦᠯᠬᠦ ᠶᠢ ᠥᠷᠨᠢᠭᠦᠯᠦᠨ᠎ᠡ᠃ | ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 4. ᠦᠢᠯᠡᠴᠢᠯᠡᠭᠡᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠎ᠡ᠃ ᠢᠨᠲ᠋ᠧᠷ ᠰᠦᠯᠵᠢᠶ᠎ᠡ᠂ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ ᠢ | ᠢᠳᠡᠪᠬᠢᠲᠡᠶ ᠪᠠᠷ ᠬᠡᠷᠡᠭᠯᠡᠨ᠂ ᠦᠢᠯᠡᠴᠢᠯᠡᠭᠡᠨ ᠤ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶᠠᠨ ᠤ | ᠪᠠᠶᠢᠭᠤᠯᠤᠯᠲᠠ ᠶᠢ ᠲᠦᠷᠭᠡᠳᠬᠡᠨ᠂ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶᠠᠨ ᠤ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ | ︽ᠣᠷᠳᠣᠰ ᠤᠨ ᠡᠷᠡᠭᠦᠯ ᠮᠡᠨᠳᠦ ᠶᠢᠨ ᠠᠨᠢᠰᠤ︾ ᠰᠦᠯᠵᠢᠶᠡᠨ ᠤ ᠡᠮᠴᠢᠯᠡᠭᠡᠨ ᠤ ᠦᠢᠯᠡᠴᠢᠯᠡᠭᠡᠨ ᠤ ᠵᠢᠵᠢᠭ ᠴᠣᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ | ᠲᠠᠰ ᠳᠡᠪᠰᠢᠭᠦᠯᠬᠦ ᠪᠠ ᠳᠡᠯᠭᠡᠷᠡᠭᠦᠯᠦᠨ ᠬᠡᠷᠡᠭᠯᠡᠵᠦ᠂ ᠴᠠᠭ ᠬᠤᠪᠢᠶᠠᠨ ᠪᠣᠯᠵᠣᠵᠤ ᠣᠨᠣᠰᠢᠯᠠᠨ ᠡᠮᠨᠡᠬᠦ ᠪᠠ ᠪᠠᠶᠢᠴᠠᠭᠠᠨ ᠰᠢᠯᠭᠠᠬᠤ ᠶᠢ ᠲᠥᠪᠯᠡᠷᠡᠭᠦᠯᠦᠨ ᠪᠣᠯᠵᠣᠬᠤ | ᠦᠢᠯᠡᠴᠢᠯᠡᠭᠡ ᠶᠢ ᠬᠡᠷᠡᠭᠵᠢᠭᠦᠯᠵᠦ᠂ ᠡᠮᠴᠢᠯᠡᠭᠡᠨ ᠤ ᠲᠠᠰᠤᠯᠭ᠎ᠠ ᠳᠤ ᠳ᠋ᠦᠩᠨᠡᠨ ᠪᠤᠳᠤᠬᠤ᠂ ᠰᠢᠯᠵᠢᠮᠡᠯ ᠲᠣᠭᠠᠴᠠᠭ᠎ᠠ ᠬᠢᠬᠦ᠂ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ᠂ | ᠡᠮ ᠲᠣᠬᠢᠷᠠᠭᠤᠯᠤᠨ ᠬᠦᠷᠭᠡᠬᠦ ᠵᠡᠷᠭᠡ ᠢᠨᠲ᠋ᠧᠷ ᠰᠦᠯᠵᠢᠶᠡᠨ ᠤ ᠬᠡᠷᠡᠭᠯᠡᠭᠡᠨ ᠤ ᠦᠢᠯᠡᠴᠢᠯᠡᠭᠡ ᠶᠢ ᠳᠡᠯᠭᠡᠷᠡᠭᠦᠯᠦᠨ᠎ᠡ᠃ ᠬᠠᠮᠢᠶ᠎ᠠ ᠪᠥᠬᠦᠶ ᠰᠦᠯᠵᠢᠶᠡᠨ ᠳᠡᠭᠡᠷᠡᠬᠢ | ᠦᠢᠯᠡᠴᠢᠯᠡᠭᠡᠨ ᠤ ᠦᠵᠦᠭᠦᠷ ᠢ ᠡᠮᠬᠢᠯᠡᠨ ᠨᠡᠶᠢᠯᠡᠭᠦᠯᠵᠦ ᠨᠡᠪᠲᠡᠷᠡᠭᠦᠯᠦᠨ᠎ᠡ᠃ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠤᠨ ᠲᠠᠩᠰᠠ ᠡᠪᠬᠡᠮᠡᠯ ᠤᠨ | ᠬᠡᠷᠡᠭᠯᠡᠯᠲᠡ ᠶᠢ ᠠᠬᠢᠭᠤᠯᠵᠤ᠂ ᠡᠷᠬᠡ ᠣᠯᠭᠤᠵᠤ ᠰᠢᠯᠵᠢᠭᠦᠯᠦᠨ ᠦᠵᠡᠬᠦ ᠪᠠ ᠨᠡᠭᠡᠭᠡᠯᠲᠡ ᠲᠠᠢ ᠦᠢᠯᠡᠴᠢᠯᠡᠬᠦ ᠠᠷᠭ᠎ᠠ ᠵᠠᠮ ᠵᠢᠴᠢ ᠰᠣᠯᠢᠯᠴᠠᠬᠤ ᠠᠷᠭ᠎ᠠ ᠮᠠᠶ᠋ᠢᠭ ᠢ | ᠲᠡᠭᠦᠯᠳᠡᠷᠵᠢᠭᠦᠯᠦᠨ᠎ᠡ᠃ ᠡᠳᠦᠷ ᠳᠤᠮᠳᠠᠬᠢ ᠡᠮᠴᠢᠯᠡᠭᠡᠨ ᠤ ᠦᠢᠯᠡᠴᠢᠯᠡᠭᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠡᠮᠨᠡᠯᠭᠡ ᠳᠤ ᠰᠠᠭᠤᠬᠤ ᠡᠮᠨᠡᠯᠭᠡ ᠠᠴᠠ ᠭᠠᠷᠬᠤ | ᠲᠡᠰ ᠳᠠᠷᠠᠭᠠᠯᠠᠯ ᠢ ᠳᠥᠭᠦᠮᠴᠢᠯᠡᠨ᠂ ︽ᠡᠮᠨᠡᠯᠭᠡ ᠳᠤ ᠰᠠᠭᠤᠬᠤ ᠶᠢ ᠤᠷᠢᠳᠠᠪᠠᠷ ᠪᠣᠯᠵᠣᠬᠤ︾ ᠦᠢᠯᠡᠴᠢᠯᠡᠭᠡ ᠶᠢ ᠠᠬᠢᠭᠤᠯᠵᠤ᠂ ᠠᠯᠤᠰ ᠡᠵᠡᠮᠰᠢᠯᠲᠤ ᠡᠮᠴᠢᠯᠡᠭᠡ ᠶᠢᠨ | ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠶᠢ | ᠰᠢᠯᠢᠳᠡᠭᠵᠢᠭᠦᠯᠦᠨ᠎ᠡ᠃ ᠰᠠᠶ᠋ᠢ ᠲᠦᠷᠦᠭᠰᠡᠨ ᠬᠡᠦᠬᠡᠳ ᠤᠨ ᠬᠠᠮᠢᠶ᠎ᠠ ᠪᠦᠬᠦᠢ ᠦᠨᠡᠮᠯᠡᠯ ᠤᠨ ᠣᠯᠠᠨ ᠦᠨᠡᠮᠯᠡᠯ ᠢ ᠬᠠᠮᠲᠤᠷᠠᠨ ᠭᠠᠷᠭᠠᠬᠤ ᠶᠢ ᠢᠳᠡᠪᠬᠢᠲᠡᠢ ᠠᠬᠢᠭᠤᠯᠤᠨ᠎ᠠ᠃ | ᠦᠯᠦ ᠬᠠᠯᠳᠠᠭᠠᠯᠲᠠ ᠶᠢᠨ ᠲᠥᠯᠥᠪᠯᠡᠭᠡ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠳᠥᠬᠦᠮ ᠪᠣᠯᠭᠠᠬᠤ ᠶᠢ ᠬᠦᠴᠦᠲᠡᠢ ᠠᠬᠢᠭᠤᠯᠤᠨ᠎ᠠ᠃ | ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | 5. ᠦᠢᠯᠡᠴᠢᠯᠡᠭᠡᠨ ᠤ ᠲᠠᠭᠠᠯᠠᠮᠵᠢᠲᠤ ᠴᠢᠨᠠᠷ ᠢ ᠨᠡᠮᠡᠭᠳᠡᠭᠦᠯᠦᠨ᠎ᠡ᠃ ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠰᠠᠶᠢᠵᠢᠷᠠᠭᠤᠯᠵᠤ᠂ ᠪᠡᠯᠡᠳᠬᠡᠮᠵᠢ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠦᠢᠯᠡᠴᠢᠯᠡᠭᠡᠨ ᠤ ᠦᠷᠭᠦᠯᠵᠢᠯᠡᠬᠦ ᠴᠢᠨᠠᠷ ᠢ ᠠᠬᠢᠭᠤᠯᠵᠤ᠂ ︽ᠠᠮᠠᠷᠠᠯᠲᠠ ᠶᠢᠨ ᠡᠳᠦᠷ ᠤᠨ ᠡᠭᠦᠳᠡᠨ ᠡᠮᠨᠡᠯᠭᠡ︾ ᠶᠢ | ᠦᠷᠭᠦᠯᠵᠢᠯᠡᠨ ᠠᠬᠢᠭᠤᠯᠵᠤ᠂ ︽ᠰᠥᠨᠢ ᠶᠢᠨ ᠡᠭᠦᠳᠡᠨ ᠡᠮᠨᠡᠯᠭᠡ︾᠂ ︽ᠬᠠᠷᠢᠮᠠᠬᠠᠶ ᠡᠭᠦᠳᠡᠨ ᠡᠮᠨᠡᠯᠭᠡ︾ ᠶᠢ ᠰᠦᠪᠡᠭᠴᠢᠯᠡᠨ ᠪᠠᠶᠢᠭᠤᠯᠵᠤ᠂ ᠡᠪᠡᠳᠴᠢᠲᠡᠨ ᠢ | ᠰᠢᠯᠵᠢᠭᠦᠯᠦᠨ ᠡᠮᠨᠡᠭᠦᠯᠬᠦ ᠶᠢ ᠵᠢᠯᠣᠭᠤᠳᠤᠨ ᠬᠠᠪᠰᠤᠷᠤᠨ᠎ᠠ᠃ ᠡᠮᠨᠡᠯᠭᠡ ᠶᠢᠨ ᠠᠵᠢᠯᠲᠠᠳ ᠤᠨ ᠦᠢᠯᠡᠴᠢᠯᠡᠬᠦ ᠦᠵᠡᠯ ᠤᠬᠠᠮᠰᠠᠷ ᠢ ᠴᠢᠩᠭᠠᠷᠠᠭᠤᠯᠤᠨ᠂ ᠡᠮᠴᠢ ᠪᠣᠯᠣᠨ | ᠡᠪᠡᠳᠴᠢᠲᠡᠨ ᠤ ᠣᠶᠢᠯᠠᠭᠠᠯᠴᠠᠭ᠎ᠠ ᠶᠢ ᠴᠢᠩᠭᠠᠳᠬᠠᠵᠤ᠂ ᠬᠦᠮᠦᠨ ᠨᠡᠶᠢᠭᠡᠮ ᠤᠨ ᠬᠠᠯᠠᠮᠵᠢᠯᠠᠯ ᠢ ᠠᠬᠢᠭᠤᠯᠤᠨ᠂ ᠡᠪᠡᠳᠴᠢᠲᠡᠨ ᠤ ᠨᠢᠭᠤᠴᠠ ᠶᠢ ᠬᠠᠮᠠᠭᠠᠯᠠᠨ᠎ᠠ᠃ ᠴᠢᠨᠠᠷ | ᠰᠠᠶᠢᠲᠠᠶ ᠰᠤᠪᠢᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠰᠡᠳᠬᠢᠴᠡ᠂ ᠮᠢᠨᠴᠦᠭᠦᠷᠡᠭᠦᠯᠵᠦ ᠡᠪᠡᠳᠬᠦ ᠶᠢ ᠳᠠᠷᠤᠬᠤ᠂ ᠡᠮ ᠬᠡᠷᠡᠭᠯᠡᠬᠦ ᠶᠢ | ᠵᠢᠯᠤᠭᠤᠳᠬᠤ᠂ ᠰᠢᠮ᠎ᠡ ᠲᠡᠵᠢᠭᠡᠯ ᠤᠨ ᠵᠢᠯᠣᠭᠤᠳᠣᠯᠭ᠎ᠠ ᠵᠡᠷᠭᠡ ᠦᠢᠯᠡᠴᠢᠯᠡᠭᠡ ᠶᠢ ᠦᠷᠭᠦᠯᠵᠢᠯᠡᠨ ᠴᠢᠩᠭᠠᠳᠬᠠᠨ᠎ᠠ᠃ ᠡᠮᠨᠡᠯᠭᠡ ᠶᠢᠨ ᠠᠵᠢᠯ ᠤᠨ ᠨᠡᠶᠢᠬᠡᠮ ᠤᠨ ᠰᠠᠶᠢᠨ | ᠳᠤᠷ᠎ᠠ ᠶᠢᠨ ᠠᠵᠢᠯᠲᠠᠨ ᠪᠣᠯᠤᠨ ᠰᠠᠶᠢᠨ ᠳᠤᠷ᠎ᠠ ᠶᠢᠨ ᠠᠵᠢᠯᠯᠠᠭᠰᠠᠳ ᠤᠨ ᠦᠢᠯᠡᠴᠢᠯᠡᠭᠡᠨ ᠤ ᠳᠦᠷᠢᠮ ᠢ ᠪᠦᠷᠢᠨᠰᠢᠭᠦᠯᠦᠨ᠎ᠡ᠃ ᠬᠤᠲᠠ ᠶᠢᠨ ᠡᠮᠴᠢᠯᠡᠭᠡᠨ ᠤ | ᠵᠢᠭᠤᠷᠠᠯᠳᠤᠭᠠᠨ ᠤ ᠠᠷᠠᠳ ᠤᠨ ᠡᠶᠡᠳᠡᠭᠦᠯᠦᠭᠡ ᠶᠢᠨ ᠭᠤᠤᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠴᠢᠯᠡᠭᠡᠨ ᠤ ᠵᠢᠭᠤᠷᠠᠯᠳᠤᠭᠠᠨ ᠢ | ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠦᠨ᠂ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠢ ᠨᠡᠶᠢᠳᠡᠮ ᠪᠦᠷᠬᠦᠭᠦᠯᠬᠦ ᠶᠢ | ᠦᠷᠭᠦᠯᠵᠢᠯᠡᠨ ᠠᠬᠢᠭᠤᠯᠵᠤ᠂ ᠡᠮᠴᠢ ᠪᠠ ᠡᠪᠡᠳᠴᠢᠲᠡᠨ ᠤ ᠡᠶ᠎ᠡ ᠵᠣᠬᠢᠴᠠᠯ ᠲᠠᠢ ᠬᠠᠷᠢᠴᠠᠭ᠎ᠠ ᠶᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ︵ᠲᠦᠷᠪᠡ︶ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠢᠶᠠᠷᠤᠯᠲᠠ ᠶᠢ | ᠨᠠᠷᠢᠯᠢᠭᠵᠢᠭᠤᠯᠬᠤ ᠶᠢ ᠠᠬᠢᠭᠤᠯᠤᠨ᠎ᠠ᠃ | 1. ᠣᠳᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠎ᠡ᠃ ᠡᠮᠨᠡᠯᠭᠡ ᠶᠢᠨ ᠬᠤᠷᠢᠶ᠎ᠠ ᠶᠢᠨ ᠠᠵᠢᠯ ᠳᠠᠬᠢ ᠨᠠᠮ ᠤᠨ | ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠤᠷᠠᠬᠢ ᠡᠮᠨᠡᠯᠭᠡ ᠶᠢᠨ ᠬᠤᠷᠢᠶ᠎ᠠ ᠶᠢᠨ | ᠳᠠᠷᠤᠭ᠎ᠠ ᠶᠢᠨ ᠬᠠᠷᠢᠭᠤᠴᠠᠬᠤ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠡᠮᠨᠡᠯᠭᠡ ᠶᠢᠨ ᠬᠤᠷᠢᠶ᠎ᠠ ᠶᠢᠨ ᠳᠦᠷᠢᠮ ᠢᠶᠠᠷ ᠶᠡᠷᠦᠩᠬᠡᠶᠢᠯᠡᠨ ᠵᠢᠯᠣᠭᠤᠳᠣᠭᠤᠯᠵᠤ᠂ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠳᠣᠲᠣᠭᠠᠳᠤ ᠶᠢᠨ ᠵᠠᠰᠠᠯᠲᠠ ᠶᠢᠨ ᠪᠦᠲᠦᠴᠡ ᠪᠣᠯᠤᠨ ᠡᠷᠬᠡ ᠠᠰᠢᠭ ᠤᠨ ᠠᠵᠢᠯᠯᠠᠭᠠᠨ ᠤ ᠳᠦᠷᠢᠮ ᠢ | ᠵᠢᠷᠤᠮᠵᠢᠭᠤᠯᠵᠤ᠂ ᠡᠮᠨᠡᠯᠭᠡ ᠶᠢᠨ ᠬᠤᠷᠢᠶᠠᠨ ᠤ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠦᠬᠦ ᠲᠠᠯ᠎ᠠ ᠶᠢᠨ ᠲᠥᠰᠥᠪ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠠᠵᠢᠯ ᠢ ᠥᠷᠨᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷ ᠢᠶᠠᠷ ᠤᠳᠤᠷᠢᠳᠤᠮᠵᠢ ᠪᠣᠯᠭᠠᠬᠤ᠂ ᠡᠷᠡᠭᠦᠯ ᠦᠢᠯᠡᠳᠪᠦᠷᠢᠯᠡᠯ ᠪᠠ ᠦᠢᠯᠡᠴᠢᠯᠡᠭᠡᠨ ᠤ ᠶᠠᠰᠤ | ᠴᠢᠨᠠᠷ ᠢᠶᠠᠷ ᠭᠤᠣᠯ ᠪᠣᠯᠭᠠᠭᠰᠠᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠤᠭᠲᠠᠯᠴᠠᠭ᠎ᠠ ᠶᠢ ᠲᠡᠭᠦᠯᠳᠡᠷᠵᠢᠭᠦᠯᠵᠤ᠂ ᠤᠯᠤᠰ ᠤᠨ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠯᠲᠠ ᠳᠠᠬᠢ ᠨᠡᠷᠡᠰ ᠤᠨ ᠵᠢᠭᠰᠠᠭᠠᠯᠲᠠ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠴᠢᠷᠮᠠᠶᠢᠨ ᠪᠡᠶᠡᠯᠡᠭᠦᠯᠦᠨ᠎ᠡ᠃ | ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 2. ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠰᠬᠠᠶ ᠪᠠᠶᠢᠭᠤᠯᠤᠮᠵᠢ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ | ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠨᠡᠶᠢᠭᠡᠮ ᠳᠤ ᠬᠠᠨᠳᠤᠭᠤᠯᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠮᠡᠷᠭᠡᠵᠢᠯ ᠤᠨ ᠦᠢᠯᠡᠴᠢᠯᠡᠭᠡ ᠬᠠᠩᠭᠠᠬᠤ ᠶᠢ ᠵᠢᠷᠤᠮᠵᠢᠭᠤᠯᠤᠨ᠎ᠠ᠃ ᠤᠳᠤᠷᠢᠳᠬᠤ ᠪᠠᠭ ᠢ ᠰᠢᠯᠢᠳᠡᠭ ᠢ ᠨᠢ ᠰᠣᠩᠭᠤᠨ ᠰᠠᠶᠢᠲᠤᠷ ᠲᠣᠬᠢᠷᠠᠭᠤᠯᠵᠤ᠂ ᠠᠵᠢᠯ ᠤᠨ | ᠪᠠᠶᠢᠷᠢ ᠶᠢ ᠳᠡᠰ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠬᠠᠷᠢᠴᠠᠯ ᠢ ᠳᠡᠭᠡᠭᠰᠢᠯᠡᠭᠦᠯᠦᠨ᠎ᠡ᠃ ᠮᠡᠷᠭᠡᠵᠢᠯ ᠤᠨ | ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠶᠠᠰᠤ ᠴᠢᠨᠠᠷ ᠢ ᠡᠵᠡᠮᠳᠡᠬᠦ᠂ ᠲᠦᠭᠰᠢᠭᠦᠷᠢ ᠶᠢ ᠰᠡᠷᠭᠡᠶᠢᠯᠡᠬᠦ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ | ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠬᠡᠷ᠂ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ︶ | 3. ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠦᠨᠳᠣᠰᠣᠡ ᠱᠠᠳᠣᠨ ᠤ | ᠡᠮᠴᠢᠯᠡᠭᠡᠨ ᠤ ᠣᠨᠴᠠᠯᠢᠠᠠᠳᠦ ᠰᠠᠯᠠᠭ᠎ᠠ ᠳᠠᠰᠤᠭ ᠤᠨ ᠪᠦᠳᠦᠭᠡᠨ ᠪᠠᠶᠢᠭᠤᠯᠥᠯᠳᠡ ᠶᠢᠨ ᠢᠨᠵᠧᠨᠧᠷᠢᠩ ᠢ ᠭᠡᠷᠡᠭᠵᠢᠬᠦᠯᠵᠦ᠂ ᠪᠠᠶᠢᠩᠭᠤ ᠲᠣᠬᠢᠶᠠᠯᠳᠤᠳᠠᠭ ᠡᠪᠡᠳᠴᠢᠨ᠂ | ᠣᠯᠡᠨ ᠡᠬᠦᠰᠬᠦ ᠡᠪᠡᠳᠴᠢᠨ ᠵᠡᠷᠭᠡ ᠦᠨᠳᠣᠰᠣᠡ ᠡᠮᠴᠢᠯᠡᠭᠡᠨ ᠤ ᠦᠢᠯᠡᠴᠢᠯᠡᠭᠡᠨ ᠤ ᠴᠢᠳᠡᠪᠦᠷᠢ ᠶᠢ ᠳᠡᠭᠡᠭᠰᠢᠯᠡᠬᠦᠯᠥᠨ᠎ᠠ᠃ ᠰᠤᠮᠤ ᠰᠢᠶᠠᠩ ᠪᠠᠯᠭᠠᠰᠤ ᠶᠢᠨ ᠡᠷᠡᠭᠦᠯ | ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠬᠤᠶᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ ᠡᠩ ᠤᠨ ᠮᠡᠰᠡ ᠵᠠᠰᠠᠯ | ᠵᠡᠷᠭᠡ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ 2025 ᠣᠨ ᠪᠣᠯᠬᠤ ᠳᠤ ᠪᠣᠶ ᠪᠥᠬᠦᠶ ᠰᠤᠮᠤ ᠰᠢᠶᠠᠩ ᠪᠠᠯᠭᠠᠰᠤ ᠶᠢᠨ ᠡᠷᠡᠭᠦᠯ | ᠬᠠᠮᠠᠭᠠᠯᠠᠯ ᠤᠨ ᠬᠤᠷᠢᠶ᠎ᠠ ︵ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ︶ ᠶᠢ ᠦᠨᠳᠦᠰᠦᠨ ᠪᠠᠷᠢᠮᠵᠢᠶ᠎ᠠ ᠳᠤ ᠬᠦᠷᠦᠭᠦᠯᠵᠦ᠂ | 20% ᠶᠢᠨ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ︵ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ︶ ᠶᠢ | ᠲᠠᠨᠢᠯᠴᠠᠭᠤᠯᠬᠤ ᠪᠠᠷᠢᠮᠵᠢᠶ᠎ᠠ ᠳᠤ ᠬᠦᠷᠦᠭᠦᠯᠦᠨ᠎ᠡ᠃ ᠬᠥᠳᠡᠭᠡ ᠲᠣᠰᠬᠤᠨ ᠤ ᠬᠠᠯᠳᠠᠪᠤᠷᠢᠲᠤ ᠡᠪᠡᠳᠴᠢᠨ ᠤ ᠬᠠᠮᠢᠶᠠᠷᠤᠯᠲᠠ ᠪᠠ ᠨᠡᠶᠢᠭᠡᠮ ᠲᠣᠭᠤᠷᠢᠭ ᠤᠨ | ᠰᠡᠳᠬᠢᠴᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠯᠲᠡ ᠶᠢ ᠴᠢᠩᠭᠠᠳᠬᠠᠨ᠎ᠠ᠃ ᠦᠨᠳᠣᠰᠣᠨ ᠱᠠᠳᠣᠨ ᠤ ᠡᠮᠴᠢᠯᠡᠭᠡ ᠡᠷᠡᠬᠦᠯ | ᠬᠠᠮᠠᠭᠠᠯᠠᠯ ᠤᠨ ᠪᠠᠶᠢᠭᠤᠯᠥᠮᠵᠢ ᠶᠢᠨ ᠴᠢᠳᠠᠮᠵᠢ ᠶᠢᠨ ᠪᠠᠶᠢᠷᠢ ᠲᠣᠠᠠᠳᠠᠭᠠᠯᠳᠡ ᠪᠠ ᠦᠢᠯᠡᠴᠢᠯᠡᠭᠡᠨ ᠤ ᠣᠨᠴᠠᠯᠢᠭ ᠲᠤ ᠨᠡᠶᠢᠴᠡᠭᠰᠡᠨ ᠦᠨᠡᠯᠡᠯᠳᠡ ᠪᠠ ᠬᠢᠨᠡᠨ ᠲᠣᠠᠠᠳᠠᠭᠠᠬᠤ | ᠲᠤᠭᠲᠠᠯᠴᠠᠭ᠎ᠠ ᠶᠢ ᠪᠠᠶᠢᠭᠤᠯᠥᠨ ᠪᠦᠷᠢᠨᠰᠢᠬᠦᠯᠥᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ︵ᠲᠠᠪᠤ︶ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠯᠭᠡᠬᠦ ᠬᠦᠴᠦᠨ ᠢ ᠰᠠᠶᠢᠵᠢᠷᠠᠭᠤᠯᠵᠤ᠂ ᠵᠠᠰᠠᠯᠲᠠ ᠶᠢᠨ ᠰᠢᠨᠵᠢᠯᠡᠬᠦ | ᠤᠬᠠᠭᠠᠨᠴᠢᠯᠠᠯᠲᠠ ᠶᠢ ᠠᠬᠢᠭᠤᠯᠤᠨ᠎ᠠ᠃ | 1. ᠵᠠᠰᠠᠭ ᠤᠨ ᠣᠷᠳᠣᠨ ᠤ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠤ ᠣᠷᠣᠭᠤᠯᠤᠯᠲᠠ ᠶᠢᠨ ᠬᠠᠷᠢᠭᠤᠴᠠᠯᠭ᠎ᠠ ᠶᠢ | ᠤᠯᠠᠮ ᠨᠢᠭᠡ ᠠᠯᠬᠤᠮ ᠲᠣᠳᠣᠷᠬᠠᠶᠢᠯᠠᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠣᠷᠣᠭᠤᠯᠤᠯᠲᠠ ᠶᠢᠨ ᠲᠣᠭᠲᠠᠴᠠ ᠶᠢ ᠪᠦᠷᠢᠨᠰᠢᠭᠦᠯᠦᠨ᠂ ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠳᠬᠠᠵᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ | ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃ ᠪᠦᠲᠦᠴᠡ ᠨᠢ ᠵᠦᠢ ᠵᠣᠬᠢᠰᠲᠠᠶ ᠵᠠᠰᠠᠭ ᠤᠨ ᠣᠷᠳᠣᠨ ᠤ | ᠣᠷᠣᠭᠤᠯᠤᠯᠲᠠ ᠶᠢᠨ ᠲᠣᠭᠲᠠᠴᠠ ᠶᠢ ᠰᠤᠳᠤᠯᠤᠨ ᠪᠠᠶᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠶ ᠬᠥᠭᠵᠢᠯᠲᠡ ᠪᠠ | ᠠᠵᠤ ᠠᠬᠤᠶ ᠶᠢᠨ ᠬᠥᠭᠵᠢᠯᠲᠡ ᠯᠦᠭᠡ ᠬᠠᠷᠢᠯᠴᠠᠨ ᠲᠣᠬᠢᠷᠠᠯᠴᠠᠭᠰᠠᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠣᠷᠣᠭᠤᠯᠤᠯᠲᠠ ᠶᠢᠨ ᠲᠥᠷᠥ ᠶᠢᠨ | ᠪᠣᠳᠣᠯᠭ᠎ᠠ ᠶᠢ ᠲᠤᠭᠲᠠᠭᠠᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠯᠳᠠᠭᠳᠠᠯ ᠢ ᠨᠥᠬᠦᠪᠥᠷᠢᠯᠡᠬᠦ | ᠠᠷᠭ᠎ᠠ ᠪᠣᠯᠤᠨ ᠥᠷᠢ ᠰᠢᠷᠢ ᠶᠢ ᠢᠯᠭᠠᠷᠠᠭᠤᠯᠬᠤ ᠪᠠ ᠬᠠᠮᠢᠶᠠᠷᠬᠤ ᠠᠷᠭ᠎ᠠ ᠶᠢ ᠰᠤᠳᠤᠯᠤᠨ ᠲᠤᠭᠲᠠᠭᠠᠨ᠎ᠠ᠃ ᠬᠢᠳᠡᠳ ᠡᠮ ᠡᠮᠨᠡᠯᠬᠡ ︵ᠮᠣᠩᠭᠤᠯ ᠡᠮ ᠡᠮᠨᠡᠯᠬᠡ︶ ᠶᠢᠨ | ᠬᠦᠭᠵᠢᠯᠳᠡ ᠶᠢᠨ ᠦᠷᠭᠦᠯᠵᠢᠯᠡᠭᠰᠡᠨ ᠲᠤᠭᠲᠠᠭᠤᠨ ᠣᠷᠣᠭᠤᠯᠥᠯᠳᠡ ᠶᠢᠨ ᠲᠣᠠᠠᠳᠡᠴᠠ ᠶᠢ ᠪᠠᠶᠢᠭᠤᠯᠵᠦ᠂ ᠣᠷᠣᠭᠤᠯᠥᠯᠳᠡ ᠬᠢᠬᠦ ᠶᠢᠨ ᠭᠡᠯᠪᠠᠶᠢᠯᠳᠡ ᠶᠢᠨ ᠡᠷᠴᠢᠮ ᠢ | ᠴᠢᠩᠭᠠᠷᠡᠭᠤᠯᠥᠨ᠎ᠠ᠃ ᠳᠡᠭᠡᠳᠦ ᠱᠠᠲᠤᠨ ᠤ ᠲᠤᠰᠬᠠᠶ ᠪᠡᠯᠡ ᠮᠥᠩᠭᠦ ᠶᠢ ᠴᠢᠷᠮᠠᠶᠢᠨ ᠣᠯᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 2. ᠦᠢᠯᠡᠴᠢᠯᠡᠭᠡ ᠬᠤᠳᠠᠯᠳᠤᠨ ᠠᠪᠬᠤ ᠲᠣᠭᠲᠠᠴᠠ ᠶᠢ ᠪᠦᠷᠢᠨᠰᠢᠭᠦᠯᠦᠨ᠎ᠡ᠃ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠲᠥᠷᠥᠯ ᠬᠤᠪᠢᠶᠠᠨ ᠬᠠᠮᠢᠶᠠᠷᠬᠤ᠂ ᠡᠮᠨᠡᠯᠭᠡ ᠶᠢᠨ ᠬᠤᠷᠢᠶ᠎ᠠ ᠣᠷᠣᠯᠴᠠᠬᠤ᠂ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ᠂ ᠬᠥᠳᠡᠯᠦᠩᠭᠦᠶ ᠪᠠᠷ | ᠲᠣᠬᠢᠷᠠᠭᠤᠯᠬᠤ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠣᠭᠲᠠᠴᠠ ᠶᠢ ᠪᠠᠶᠢᠭᠤᠯᠤᠨ᠎ᠠ᠃ ︽ᠢᠨᠲ᠋ᠧᠷ ᠰᠦᠯᠵᠢᠶ᠎ᠡ +︾ ᠡᠮᠴᠢᠯᠡᠭᠡᠨ ᠤ | ᠦᠢᠯᠡᠴᠢᠯᠡᠭᠡ᠂ ᠭᠡᠷ ᠲᠤᠨᠢ ᠬᠦᠷᠴᠦ ᠡᠮᠴᠢᠯᠡᠭᠡᠨ ᠤ ᠦᠢᠯᠡᠴᠢᠯᠡᠭᠡ ᠬᠠᠩᠭᠠᠬᠤ ᠵᠡᠷᠭᠡ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠣᠯᠡᠨ ᠡᠰᠢᠳᠦ ᠨᠡᠶᠢᠯᠡᠮᠡᠯ ᠮᠠᠶ᠋ᠢᠭ ᠤᠨ ᠡᠮᠴᠢᠯᠡᠭᠡᠨ ᠤ ᠲᠠᠭᠠᠳᠬᠠᠯ ᠤᠨ ᠲᠤᠭᠠᠴᠠᠭ᠎ᠠ ᠬᠢᠬᠦ ᠠᠷᠭ᠎ᠠ ᠮᠠᠶ᠋ᠢᠭ ᠢ ᠳᠡᠬᠦᠯᠳᠡᠷᠵᠢᠬᠦᠯᠵᠦ᠂ ᠬᠢᠳᠡᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠣᠨᠴᠠᠯᠢᠭ ᠲᠤ ᠨᠡᠶᠢᠴᠡᠭᠰᠡᠨ ᠡᠮᠴᠢᠯᠡᠭᠡᠨ ᠤ ᠲᠠᠭᠠᠳᠬᠠᠯ ᠤᠨ ᠲᠤᠭᠠᠴᠠᠭ᠎ᠠ ᠬᠢᠬᠦ ᠠᠷᠭ᠎ᠠ ᠮᠠᠶ᠋ᠢᠭ ᠢ ᠪᠦᠷᠢᠨᠰᠢᠬᠦᠯᠥᠨ᠎ᠠ᠃ ᠨᠢᠭᠲᠠᠷᠬᠠᠰᠠᠨ | ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠳᠤ ᠶᠡᠷᠦᠩᠬᠡᠶ ᠲᠤᠭ᠎ᠠ ᠪᠠᠷ ᠰᠦᠢᠳᠬᠡᠯ ᠲᠤᠰᠢᠶᠠᠬᠤ ᠶᠢ ᠬᠡᠷᠡᠭᠵᠢᠭᠦᠯᠬᠦ ᠶᠢ ᠰᠦᠪᠡᠭᠴᠢᠯᠡᠨ᠂ ᠬᠢᠨᠠᠯᠲᠠ ᠲᠠᠯᠪᠢᠵᠤ | ᠰᠢᠯᠭᠠᠨ ᠬᠢᠨᠠᠬᠤ ᠶᠢ ᠴᠢᠩᠭᠠᠳᠬᠠᠵᠤ᠂ ᠦᠯᠡᠳᠡᠪᠦᠷᠢ ᠪᠠᠨ ᠦᠯᠡᠳᠡᠭᠡᠨ ᠬᠡᠷᠡᠭᠯᠡᠵᠦ᠂ ᠬᠡᠲᠦᠷᠡᠭᠰᠡᠨ ᠵᠠᠷᠤᠯᠭ᠎ᠠ ᠶᠢ ᠵᠦᠢ ᠵᠣᠬᠢᠰᠲᠠᠶ ᠬᠤᠪᠢᠶᠠᠨ ᠡᠭᠦᠷᠭᠡᠯᠡᠬᠦ ᠶᠢ | ᠬᠡᠷᠡᠭᠵᠢᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠩᠭᠠᠭᠰᠠᠨ ᠦᠢᠯᠡᠴᠢᠯᠡᠭᠡᠨ ᠤ ᠡᠮᠴᠢᠯᠡᠭᠡᠨ ᠤ | ᠦᠢᠯᠡᠴᠢᠯᠡᠭᠡᠨ ᠤ ᠶᠡᠷᠦᠩᠬᠡᠶ ᠬᠡᠮᠵᠢᠶ᠎ᠡ ᠪᠣᠯᠤᠨ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠯᠭᠤᠯᠲᠠ ᠳᠠᠬᠢ ᠡᠵᠡᠯᠡᠬᠦ ᠬᠠᠷᠢᠴᠠᠯ ᠢ ᠠᠯᠬᠤᠮ | ᠠᠯᠬᠤᠮ ᠢᠶᠠᠷ ᠳᠡᠭᠡᠭᠰᠢᠯᠡᠭᠦᠯᠦᠨ᠎ᠡ᠃ ᠣᠷᠳᠣ ᠬᠤᠭᠤᠴᠠᠭᠠᠨ ᠤ ᠰᠣᠪᠢᠯᠠᠯᠳᠡ ᠶᠢᠨ ᠲᠠᠭᠠᠳᠬᠠᠯ ᠤᠨ ᠳᠥᠷᠢᠮ ᠢ ᠪᠠᠶᠢᠭᠤᠯᠥᠨ᠎ᠠ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 3. ᠣᠷᠣᠨ ᠲᠤᠭ᠎ᠠ ᠪᠣᠯᠤᠨ ᠠᠵᠢᠯᠲᠠᠨ ᠤ ᠶᠠᠪᠤᠳᠠᠯ ᠤᠨ ᠳᠦᠷᠢᠮ ᠢ ᠲᠡᠭᠦᠯᠳᠡᠷᠵᠢᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯᠲᠠᠨ ᠤ ᠣᠷᠣᠨ ᠲᠤᠭ᠎ᠠ ᠶᠢᠨ ᠪᠠᠷᠢᠮᠵᠢᠶ᠎ᠠ ᠶᠢ ᠦᠨᠳᠦᠰᠦᠯᠡᠨ᠂ ᠬᠡᠷᠡᠭᠴᠡᠭᠡ ᠶᠣᠰᠣᠭᠠᠷ ᠠᠯᠪᠠᠨ ᠠᠴᠠ ᠪᠠᠶᠢᠭᠤᠯᠤᠭᠰᠠᠨ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯᠲᠠᠨ ᠤ ᠣᠷᠣᠨ ᠲᠤᠭ᠎ᠠ ᠶᠢ ᠬᠢᠨᠠᠨ ᠲᠣᠭᠲᠠᠭᠠᠵᠤ᠂ ᠬᠥᠳᠡᠯᠦᠩᠭᠦᠶ ᠪᠠᠷ ᠲᠣᠬᠢᠷᠠᠭᠤᠯᠬᠤ ᠶᠢ | ᠬᠡᠷᠡᠭᠵᠢᠭᠦᠯᠦᠨ᠎ᠡ᠃ ᠡᠮᠴᠢᠯᠡᠭᠡᠨ ᠤ ᠬᠤᠯᠪᠣᠭᠠᠳᠣ ᠴᠣᠠᠠᠴᠠ ᠶᠢᠨ ᠲᠣᠳᠣᠭᠠᠳᠣ ᠶᠢᠨ ᠠᠯᠪᠠᠨ ᠠᠴᠠ ᠪᠠᠶᠢᠭᠤᠯᠥᠠᠠᠰᠠᠨ ᠡᠮᠴᠢᠯᠡᠭᠡ ᠡᠷᠡᠬᠦᠯ ᠬᠠᠮᠠᠭᠠᠯᠠᠯ ᠤᠨ | ᠪᠠᠶᠢᠭᠤᠯᠥᠮᠵᠢ ᠶᠢᠨ ᠣᠷᠣᠨ ᠲᠤᠭ᠎ᠠ ᠶᠢ ᠲᠣᠰ ᠲᠣᠰ ᠬᠢᠨᠡᠨ ᠲᠣᠠᠠᠳᠠᠭᠠᠵᠦ᠂ ᠨᠢᠭᠡᠳᠦᠯᠳᠡᠢ ᠳᠥᠯᠥᠪᠯᠡᠨ ᠭᠡᠷᠡᠭᠯᠡᠵᠦ᠂ ᠠᠵᠢᠯᠳᠡᠨ ᠢ ᠨᠢᠭᠡᠳᠦᠯᠳᠡᠢ ᠤᠷᠢᠨ ᠡᠯᠰᠡᠬᠦ ᠪᠠ | ᠭᠡᠷᠡᠭᠯᠡᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠠᠵᠢᠯᠲᠠᠨ ᠤ ᠶᠡᠷᠦᠩᠬᠡᠶ ᠬᠡᠮᠵᠢᠶ᠎ᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠣᠷᠣ ᠶᠢᠨ | ᠲᠤᠭ᠎ᠠ᠂ ᠡᠭᠦᠳᠡᠨ ᠡᠮᠨᠡᠯᠭᠡ ᠶᠢᠨ ᠬᠡᠮᠵᠢᠶ᠎ᠡ ᠵᠡᠷᠭᠡ ᠪᠠᠶᠢᠳᠠᠯ ᠢ ᠦᠨᠳᠦᠰᠦᠯᠡᠨ ᠴᠠᠭ ᠲᠤᠨᠢ ᠲᠣᠬᠢᠷᠠᠭᠤᠯᠤᠨ ᠬᠥᠳᠡᠯᠦᠩᠭᠦᠶ ᠲᠣᠬᠢᠷᠠᠭᠤᠯᠤᠯᠲᠠ ᠬᠢᠵᠦ᠂ ᠬᠢᠵᠠᠭᠠᠷ | ᠲᠣᠭᠠᠨ ᠤ ᠬᠥᠮᠦᠰ ᠪᠠ ᠣᠷᠣᠨ ᠲᠤᠭ᠎ᠠ ᠶᠢᠨ ᠳᠣᠲᠣᠷᠠᠬᠢ ᠬᠥᠮᠦᠰ ᠲᠤ ᠠᠳᠠᠯᠢᠬᠠᠨ ᠴᠠᠯᠢᠩ ᠠᠰᠠᠷᠠᠮᠵᠢ ᠶᠢᠨ ᠣᠯᠭᠤᠮᠵᠢ ᠬᠦᠷᠲᠡᠭᠡᠨ᠎ᠡ᠃ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠠᠵᠢᠯᠲᠠᠨ ᠤ ᠶᠡᠷᠦᠩᠬᠡᠶ ᠬᠡᠮᠵᠢᠶᠡᠨ ᠤ ᠳᠣᠲᠣᠷ᠎ᠠ ᠲᠣᠭᠲᠠᠭᠠᠯ ᠶᠣᠰᠣᠭᠠᠷ ᠠᠵᠢᠯ ᠤᠨ ᠪᠠᠶᠢᠷᠢ ᠶᠢᠨ ᠶᠡᠷᠦᠩᠬᠡᠶ ᠬᠡᠮᠵᠢᠶ᠎ᠡ ᠪᠠ | ᠠᠵᠢᠯ ᠤᠨ ᠪᠠᠶᠢᠷᠢ ᠶᠢᠨ ᠵᠡᠷᠭᠡ ᠳᠡᠰ ᠢ ᠥᠪᠡᠰᠦᠪᠡᠨ ᠲᠣᠭᠲᠠᠭᠠᠵᠤ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠠᠳᠠᠯᠢ | ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠦᠨᠳᠣᠰᠣᠡ | ᠱᠠᠳᠣᠨ ᠤ ᠡᠷᠡᠬᠦᠯ ᠬᠠᠮᠠᠭᠠᠯᠠᠯ ᠤᠨ ᠮᠡᠷᠭᠡᠵᠢᠯ ᠤᠨ ᠠᠵᠢᠯᠳᠡᠨ ᠢ ᠤᠷᠢᠨ ᠡᠯᠰᠡᠬᠦ ᠪᠠ ᠳᠡᠰ ᠳᠡᠷᠡᠭᠠᠯᠠᠯ ᠢ ᠰᠢᠯᠢᠳᠡᠭᠵᠢᠬᠦᠯᠵᠦ᠂ ᠣᠷᠢᠨ ᠭᠡᠷᠡᠭᠯᠡᠬᠦ ᠨᠦᠬᠦᠴᠡᠯ ᠢ | ᠵᠣᠬᠢᠰᠲᠠᠢ ᠪᠠᠷ ᠠᠭᠤᠵᠢᠭᠤ ᠳᠡᠯᠪᠢᠵᠦ᠂ ᠣᠷᠢᠨ ᠬᠡᠷᠡᠭᠯᠡᠬᠦ ᠠᠷᠭ᠎ᠠ ᠮᠠᠶ᠋ᠢᠭ ᠢ ᠰᠠᠶᠢᠵᠢᠷᠡᠭᠤᠯᠥᠨ᠂ ᠪᠠᠴᠢᠮ ᠭᠡᠷᠡᠭᠰᠡᠬᠦ ᠲᠣᠰᠬᠠᠢ ᠮᠡᠷᠭᠡᠵᠢᠯ ᠤᠨ ᠴᠢᠳᠡᠪᠦᠷᠢᠳᠡᠨ ᠳᠤ | ᠳᠡᠰ ᠳᠡᠷᠡᠭᠠᠯᠠᠯ ᠢ ᠳᠦᠬᠦᠮᠴᠢᠯᠡᠬᠦ᠂ ᠰᠢᠯᠭᠠᠯᠳᠡ ᠡᠬᠢᠯᠡᠬᠦ ᠬᠠᠷᠢᠴᠠᠯ ᠢ ᠪᠠᠭᠤᠷᠡᠭᠤᠯᠬᠤ᠂ ᠰᠢᠭᠤᠳ ᠰᠢᠯᠭᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠭᠤᠯᠥᠨ | ᠢᠯᠡ ᠪᠠᠷ ᠣᠷᠢᠨ ᠭᠡᠷᠡᠭᠯᠡᠵᠦ ᠪᠤᠯᠥᠨ᠎ᠠ᠃ ︽ᠰᠢᠶᠠᠨ ᠠᠴᠠ ᠡᠯᠰᠡᠨ ᠰᠢᠶᠠᠩ ᠤᠨ ᠬᠢᠨ ᠬᠡᠷᠡᠭᠯᠡᠬᠦ︾ ᠲᠤᠰᠬᠠᠢ ᠠᠵᠢᠯ ᠤᠨ ᠪᠠᠶᠢᠷᠢ ᠳᠤ ᠲᠤᠰᠬᠠᠢ ᠬᠡᠷᠡᠭᠯᠡᠬᠦ ᠶᠢ | ᠨᠠᠶᠢᠳᠠᠪᠤᠷᠢᠵᠢᠭᠤᠯᠵᠤ᠂ ︽ᠰᠢᠶᠠᠨ ᠠᠴᠠ ᠡᠯᠰᠡᠨ ᠰᠢᠶᠠᠩ ᠤᠨ ᠬᠢᠨ ᠬᠡᠷᠡᠭᠯᠡᠬᠦ︾ ᠲᠤᠰᠬᠠᠢ ᠠᠵᠢᠯ ᠤᠨ ᠪᠠᠶᠢᠷᠢ ᠳᠤ ᠤᠷᠢᠨ ᠬᠡᠷᠡᠭᠯᠡᠵᠦ᠂ ᠤᠷᠢᠨ ᠬᠡᠷᠡᠭᠯᠡᠭᠰᠡᠨ | ᠦᠷ᠎ᠡ ᠳ᠋ᠦᠩ ᠢ ᠨᠡᠶᠢᠭᠡᠮ ᠨᠡᠶᠢᠲᠡ ᠳᠤ ᠢᠯᠡ ᠪᠣᠯᠭᠠᠨ᠎ᠠ᠃ ᠮᠣᠷᠠᠯ ᠰᠤᠷᠲᠠᠯ᠂ ᠴᠢᠳᠡᠪᠦᠷᠢ᠂ ᠠᠵᠢᠯ ᠤᠨ ᠠᠮᠵᠢᠯᠳᠡ ᠪᠦᠳᠦᠮᠵᠢ ᠪᠠᠷ ᠣᠳᠣᠷᠢᠳᠣᠮᠵᠢ ᠪᠤᠯᠭᠠᠠᠠᠰᠠᠨ | ᠦᠨᠳᠣᠰᠣᠡ ᠱᠠᠳᠣᠨ ᠤ ᠡᠷᠡᠬᠦᠯ ᠬᠠᠮᠠᠭᠠᠯᠠᠯ ᠤᠨ ᠲᠣᠰᠬᠠᠢ ᠮᠡᠷᠭᠡᠵᠢᠯ ᠤᠨ ᠠᠵᠢᠯᠳᠡᠨ ᠤ ᠮᠡᠷᠭᠡᠵᠢᠯ ᠤᠨ ᠴᠣᠯᠡ ᠶᠢᠨ ᠳᠥᠷᠢᠮ ᠤᠨ ᠦᠭᠡᠷᠡᠴᠢᠯᠡᠯᠳᠡ ᠶᠢ | ᠬᠦᠨᠵᠡᠭᠡᠶᠢᠷᠡᠬᠦᠯᠵᠦ᠂ ᠦᠨᠳᠣᠰᠣᠡ ᠱᠠᠳᠣᠨ ᠤ ᠡᠷᠡᠬᠦᠯ ᠬᠠᠮᠠᠭᠠᠯᠠᠯ ᠤᠨ ᠴᠢᠳᠡᠪᠦᠷᠢᠳᠡᠨ ᠤ ᠣᠨᠴᠠᠯᠢᠭ ᠲᠤ ᠨᠡᠶᠢᠴᠡᠭᠰᠡᠨ ᠮᠡᠷᠭᠡᠵᠢᠯ ᠤᠨ ᠴᠣᠯᠠ ᠶᠢ ᠰᠢᠯᠭᠠᠷᠡᠭᠤᠯᠬᠤ | ᠪᠡᠷᠢᠮᠵᠢᠶ᠎ᠠ ᠶᠢ ᠪᠦᠷᠢᠨᠰᠢᠬᠦᠯᠥᠨ᠎ᠠ᠃ ᠬᠢᠨᠠᠨ ᠰᠢᠯᠭᠠᠷᠠᠭᠤᠯᠬᠤ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠵᠦ᠂ ᠰᠦᠯᠵᠢᠶ᠎ᠡ ᠪᠠᠷ ᠮᠡᠳᠡᠭᠦᠯᠬᠦ᠂ ᠭᠤᠶᠤᠴᠢᠯᠠᠬᠤ ᠪᠠ | ᠦᠨᠡᠯᠡᠬᠦ ᠪᠥᠬᠦ ᠶᠠᠪᠤᠴᠠ ᠶᠢᠨ ᠲᠣᠭᠠᠴᠢᠯᠠᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠬᠡᠷ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 4. ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ︽ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠨᠤᠭᠤᠳ ᠣᠳᠣ ᠶᠢᠨ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠴᠠᠯᠢᠩ ᠤᠨ ᠲᠣᠬᠢᠷᠠᠭᠤᠯᠤᠯ ᠡᠵᠡᠮᠳᠡᠯ ᠤᠨ ᠬᠢᠷᠢ ᠲᠦᠪᠰᠢᠨ ᠠᠴᠠ | ᠳᠠᠪᠠᠭᠤᠯᠬᠤ ᠶᠢ ᠵᠥᠪᠰᠢᠶᠡᠷᠡᠵᠦ᠂ ᠡᠮᠴᠢᠯᠡᠭᠡ ᠶᠢᠨ ᠦᠢᠯᠡᠴᠢᠯᠡᠭᠡᠨ ᠤ ᠣᠷᠣᠯᠭ᠎ᠠ ᠠᠴᠠ ᠥᠪᠡᠷ ᠤᠨ ᠥᠷᠲᠡᠭ ᠢ ᠰᠠᠭᠤᠯᠭᠠᠨ ᠭᠠᠷᠭᠠᠬᠤ ᠶᠢᠨ ᠬᠠᠮᠲᠤ ᠲᠣᠭᠲᠠᠭᠠᠯ | ᠶᠣᠰᠣᠭᠠᠷ ᠡᠯ᠎ᠡ ᠵᠦᠢᠯ ᠤᠨ ᠰᠠᠭᠤᠷᠢ ᠮᠥᠩᠭᠦ ᠶᠢ ᠭᠠᠷᠭᠠᠨ ᠠᠪᠤᠭᠰᠠᠨ ᠤ ᠳᠠᠷᠠᠭ᠎ᠠ ᠭᠤᠣᠯᠳᠠᠭᠤ ᠠᠵᠢᠯᠲᠠᠨ ᠢ ᠱᠠᠩᠨᠠᠬᠤ ᠳᠤ ᠬᠡᠷᠡᠭᠯᠡᠬᠦ︾ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ | ᠬᠡᠮᠵᠢᠶ᠎ᠡ ᠪᠠ ᠬᠢᠷᠢ ᠳᠥᠪᠰᠢᠨ ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠪᠠᠷ ᠬᠢᠨᠠᠨ ᠲᠣᠭᠲᠠᠭᠠᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ | ᠬᠡᠮᠵᠢᠶ᠎ᠡ ᠶᠢ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠠᠯᠢᠩ | ᠬᠥᠯᠥᠰᠥ ᠶᠢᠨ ᠬᠤᠪᠢᠶᠠᠷᠢᠯᠠᠯᠲᠠ ᠶᠢᠨ ᠠᠷᠭ᠎ᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠲᠥᠰᠦᠯ ᠢ | ᠲᠠᠰᠤᠷᠠᠯᠲᠠ ᠤᠢᠭᠡᠢ ᠲᠡᠭᠦᠯᠳᠡᠷᠵᠢᠭᠦᠯᠦᠨ᠂ ᠳᠣᠲᠣᠭᠠᠳᠤ ᠶᠢᠨ ᠴᠠᠯᠢᠩ ᠬᠥᠯᠥᠰᠥ ᠶᠢᠨ ᠪᠦᠲᠦᠴᠡ ᠶᠢ ᠵᠦᠢ ᠵᠣᠬᠢᠰᠲᠠᠶ ᠲᠣᠭᠲᠠᠭᠠᠬᠤ ᠬᠡᠷᠡᠭᠲᠡᠶ᠃ ᠬᠢᠨᠠᠨ | ᠲᠣᠭᠲᠠᠭᠠᠭᠰᠠᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶᠡᠨ ᠤ ᠳᠣᠲᠣᠷ᠎ᠠ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠨᠤᠭᠤᠳ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠥᠪᠡᠰᠦᠪᠡᠨ ᠬᠤᠪᠢᠶᠠᠷᠢᠯᠠᠵᠤ ᠪᠣᠯᠬᠤ ᠪᠦᠭᠡᠳ ᠲᠤᠰ ᠨᠢᠭᠡᠴᠡ ᠶᠢᠨ ᠢᠶᠠᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠪᠤᠰᠤᠳ ᠨᠡᠩ ᠪᠦᠲᠦᠮᠵᠢᠲᠡᠶ ᠬᠤᠪᠢᠶᠠᠷᠢᠯᠠᠬᠤ ᠵᠠᠭᠪᠤᠷ ᠢ ᠥᠪᠡᠰᠦᠪᠡᠨ ᠲᠣᠭᠲᠠᠭᠠᠬᠤ ᠶᠢᠨ ᠬᠠᠮᠲᠤ ᠣᠨ ᠤ ᠴᠠᠯᠢᠩ ᠤᠨ ᠳᠦᠷᠢᠮ᠂ | ᠵᠥᠪᠯᠡᠯᠴᠡᠭᠡᠷ ᠤᠨ ᠴᠠᠯᠢᠩ ᠤᠨ ᠳᠦᠷᠢᠮ᠂ ᠲᠥᠷᠥᠯ ᠵᠦᠢᠯ ᠤᠨ ᠴᠠᠯᠢᠩ ᠵᠡᠷᠭᠡ ᠠᠮᠢᠳᠤᠯᠢᠭ ᠪᠥᠭᠡᠳ ᠣᠯᠠᠨ ᠶᠠᠩᠵᠤ ᠶᠢᠨ ᠬᠤᠪᠢᠶᠠᠷᠢᠯᠠᠬᠤ ᠬᠡᠯᠪᠡᠷᠢ ᠶᠢ | ᠰᠦᠪᠡᠭᠴᠢᠯᠡᠨ ᠬᠡᠷᠡᠭᠵᠢᠭᠦᠯᠵᠦ᠂ ᠭᠤᠤᠯᠳᠠᠭᠤ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠣᠯᠤᠨ ᠮᠡᠳᠡᠯᠭᠡ ᠶᠢᠨ ᠦᠨ᠎ᠡ ᠥᠷᠲᠡᠭ ᠢ ᠢᠯᠡᠷᠡᠭᠦᠯᠦᠭᠰᠡᠨ | ᠴᠠᠯᠢᠩ ᠤᠨ ᠲᠤᠭᠲᠠᠯᠴᠠᠭ᠎ᠠ ᠶᠢ ᠪᠠᠶᠢᠭᠤᠯᠵᠤ᠂ ᠡᠮᠨᠡᠯᠭᠡ ᠶᠢᠨ ᠠᠵᠢᠯᠲᠠᠳ ᠤᠨ ᠵᠦᠢ ᠵᠣᠬᠢᠰᠲᠠᠶ ᠴᠠᠯᠢᠩ ᠣᠯᠭᠤᠮᠵᠢ ᠶᠢ ᠪᠠᠲᠤᠯᠠᠨ᠎ᠠ᠃ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠲᠤᠰᠬᠠᠶ ᠪᠠᠶᠢᠭᠤᠯᠤᠮᠵᠢ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠪᠣᠯᠤᠨ ᠬᠢᠷᠢ ᠳᠥᠪᠰᠢᠨ ᠢ ᠵᠦᠢ ᠵᠣᠬᠢᠰᠲᠠᠶ ᠬᠢᠨᠠᠨ | ᠲᠣᠭᠲᠠᠭᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠡᠮᠴᠢ ᠶᠢᠨ ᠣᠯᠭᠤᠮᠵᠢ ᠶᠢ ᠦᠨᠡᠨᠬᠦ ᠪᠠᠲᠤᠯᠠᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ ᠲᠠᠰᠤᠭ ᠤᠨ ᠠᠵᠢᠯᠲᠠᠨ ᠤ ᠣᠷᠣᠯᠭ᠎ᠠ ᠶᠢ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ ᠤ ᠳᠤᠮᠳᠠᠴᠢ | ᠴᠠᠯᠢᠩ ᠤᠨ ᠬᠢᠷᠢ ᠳᠥᠪᠰᠢᠨ ᠠᠴᠠ ᠳᠣᠤᠷ᠎ᠠ ᠦᠭᠡᠶ ᠪᠠᠶᠢᠯᠭᠠᠵᠤ᠂ ᠤᠯᠤᠰ ᠤᠨ ᠵᠣᠬᠢᠴᠠᠩᠭᠤᠶ ᠪᠦᠬᠦᠢ ᠨᠡᠮᠡᠭᠦᠷᠢ ᠨᠥᠬᠦᠪᠥᠷᠢ ᠶᠢᠨ ᠳᠦᠷᠢᠮ ᠢ | ᠨᠠᠶᠢᠳᠠᠪᠤᠷᠢᠵᠢᠭᠤᠯᠤᠨ᠎ᠠ᠃ ᠬᠦᠳᠡᠭᠡ ᠲᠤᠰᠬᠤᠨ ᠤ ᠡᠮᠴᠢ ᠶᠢᠨ ᠡᠯ᠎ᠡ ᠵᠦᠢᠯ ᠤᠨ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠦᠳᠡᠭᠡ | ᠲᠤᠰᠬᠤᠨ ᠤ ᠡᠮᠴᠢ ᠶᠢᠨ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠬᠥᠳᠡᠭᠡ ᠲᠣᠰᠬᠤᠨ ᠤ ᠡᠮᠴᠢ ᠶᠢᠨ ᠠᠵᠢᠯ ᠠᠴᠠ ᠪᠠᠨ ᠪᠠᠭᠤᠵᠤ ᠠᠮᠠᠷᠠᠬᠤ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠬᠦᠯᠢ 60 ᠨᠠᠰᠤ ᠬᠦᠷᠦᠭᠰᠡᠨ ᠠᠵᠢᠯ ᠠᠴᠠ ᠪᠠᠨ ᠪᠠᠭᠤᠵᠤ ᠠᠮᠠᠷᠠᠬᠤ ᠨᠥᠬᠦᠴᠡᠯ ᠳᠤ ᠨᠡᠶᠢᠴᠡᠭᠰᠡᠨ | ᠬᠥᠳᠡᠭᠡ ᠲᠣᠰᠬᠤᠨ ᠤ ᠡᠮᠴᠢ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠪᠣᠯᠤᠨ ᠣᠷᠣᠨ ᠨᠤᠲᠤᠭ ᠤᠨ ᠵᠠᠰᠠᠭ ᠤᠨ ᠣᠷᠳᠣᠨ ᠤ | ᠲᠣᠭᠲᠠᠭᠠᠭᠰᠠᠨ ᠨᠣᠷᠮ᠎ᠠ ᠶᠢᠨ ᠨᠥᠬᠦᠪᠦᠷᠢ ᠶᠢ ᠬᠠᠷᠢᠯᠴᠠᠨ ᠤᠶᠠᠯᠳᠤᠭᠤᠯᠤᠭᠰᠠᠨ ᠨᠠᠰᠤᠵᠢᠯ ᠤᠨ ᠨᠥᠬᠦᠪᠥᠷᠢ ᠶᠢᠨ ᠳᠦᠷᠢᠮ ᠢ ᠦᠷᠭᠦᠯᠵᠢᠯᠡᠨ ᠬᠡᠷᠡᠭᠵᠢᠭᠦᠯᠬᠦ ᠶᠢᠨ | ᠬᠠᠮᠲᠤ ᠨᠠᠰᠤᠵᠢᠯ ᠤᠨ ᠣᠯᠭᠤᠮᠵᠢ ᠶᠢ ᠠᠯᠬᠤᠮ ᠠᠯᠬᠤᠮ ᠢᠶᠠᠷ ᠳᠡᠭᠡᠭᠰᠢᠯᠡᠬᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ︶ | 5. ᠮᠡᠳᠡᠭᠡ ᠵᠠᠩᠭᠢ ᠶᠢᠨ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠎ᠠ᠃ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢ | ᠶᠡᠬᠡᠪᠡᠷ ᠳᠡᠯᠭᠡᠷᠡᠭᠦᠯᠵᠦ᠂ ᠪᠥᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ | ᠦᠷᠭᠦᠯᠵᠢᠯᠡᠨ ᠲᠡᠭᠦᠯᠳᠡᠷᠵᠢᠭᠦᠯᠵᠦ᠂ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠪᠠᠷᠢᠮᠵᠢᠶᠠᠵᠢᠭᠤᠯᠤᠭᠰᠠᠨ ᠪᠠᠲᠤᠯᠠᠭ᠎ᠠ ᠶᠢᠨ | ᠲᠤᠭᠲᠠᠯᠴᠠᠭ᠎ᠠ ᠪᠠ ᠮᠡᠳᠡᠭᠡ ᠵᠠᠩᠭᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠲᠤᠭᠲᠠᠯᠴᠠᠭ᠎ᠠ ᠶᠢ ᠪᠦᠷᠢᠨᠰᠢᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠣᠶᠤᠨᠴᠢ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠂ ᠬᠠᠯᠳᠠᠪᠤᠷᠢᠲᠤ ᠡᠪᠡᠳᠴᠢᠨ ᠢ ᠤᠶᠤᠨᠴᠢ ᠪᠠᠷ ᠪᠠᠶᠢᠴᠠᠭᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠤᠭᠲᠠᠯᠴᠠᠭ᠎ᠠ᠂ | ᠤᠶᠤᠨᠴᠢᠯᠠᠭᠰᠠᠨ ᠡᠷᠡᠭᠦᠯ ᠬᠠᠮᠠᠭᠠᠯᠠᠯ ᠤᠨ ᠬᠢᠨᠠᠯᠲᠠ᠂ ᠤᠶᠤᠨᠴᠢᠯᠠᠭᠰᠠᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠣᠶᠣᠨᠴᠢᠯᠠᠭᠰᠠᠨ | ᠴᠢᠰᠤᠨ ᠤ ᠬᠠᠮᠢᠶᠠᠷᠤᠯᠲᠠ᠂ ᠣᠶᠣᠨᠴᠢᠯᠠᠭᠰᠠᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠵᠠᠰᠠᠯᠲᠠ᠂ ᠠᠵᠢᠯ ᠮᠡᠷᠭᠡᠵᠢᠯ ᠤᠨ ᠡᠷᠡᠭᠦᠯ | ᠮᠡᠨᠳᠦ ᠶᠢᠨ ᠮᠡᠳᠡᠭᠡ ᠵᠠᠩᠭᠢ ᠬᠢᠨᠠᠨ ᠰᠢᠨᠵᠢᠬᠦ ᠪᠠ ᠤᠵᠢᠭ ᠡᠪᠡᠳᠴᠢᠨ ᠤ ᠬᠠᠮᠢᠶᠠᠷᠤᠯᠲᠠ ᠶᠢᠨ ᠬᠢᠨᠠᠨ ᠰᠢᠨᠵᠢᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠤᠶᠤᠨᠴᠢ | ᠡᠮᠨᠡᠯᠭᠡ ᠶᠢᠨ ᠬᠤᠷᠢᠶ᠎ᠠ ᠪᠣᠯᠣᠨ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠷᠣᠨ ᠪᠦᠰᠡ ᠶᠢᠨ ᠠᠯᠤᠰ | ᠡᠵᠡᠮᠰᠢᠯᠲᠦ ᠡᠮᠴᠢᠯᠡᠭᠡᠨ ᠤ ᠲᠥᠪ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠶᠡᠬᠡᠪᠡᠷ ᠬᠥᠭᠵᠢᠭᠦᠯᠦᠨ᠎ᠡ᠃ ᠬᠤᠲᠠ ᠶᠢᠨ ᠱᠠᠲᠤᠨ ᠤ ᠡᠮᠴᠢᠯᠡᠭᠡ ᠡᠷᠡᠭᠦᠯ | ᠮᠡᠨᠳᠦ ᠶᠢᠨ ᠡᠭᠦᠯᠡᠨ ᠲᠠᠪᠴᠠᠩ ᠢ ᠪᠠᠶᠢᠭᠤᠯᠵᠤ᠂ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡ ᠶᠢ ᠪᠥᠬᠦ ᠬᠤᠲᠠ ᠶᠢᠨ ᠪᠣᠶ ᠪᠥᠬᠦᠶ ᠡᠮᠴᠢᠯᠡᠭᠡᠨ ᠤ ᠬᠤᠯᠪᠣᠭᠠᠲᠤ | ᠴᠣᠭᠴᠠ ᠪᠠ ᠬᠤᠰᠢᠭᠤ ᠲᠣᠭᠤᠷᠢᠭ ᠤᠨ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢ ᠬᠠᠮᠤᠷᠬᠤ ᠶᠢ ᠪᠡᠶᠡᠯᠡᠭᠦᠯᠦᠨ᠎ᠡ᠃ ᠪᠠᠶᠢᠴᠠᠭᠠᠨ | ᠰᠢᠯᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠬᠠᠮᠢᠶᠠᠷᠤᠯᠲᠠ ᠶᠢᠨ ᠲᠠᠪᠴᠠᠩ ᠳᠤ ᠲᠦᠰᠢᠭᠯᠡᠨ᠂ ︽ᠣᠷᠳᠣᠰ ᠤᠨ ᠳᠦᠷᠰᠦ ᠰᠢᠩᠭᠡᠭᠡᠯᠲᠡ ᠶᠢᠨ ᠡᠭᠦᠯᠡᠨ | ᠲᠠᠪᠴᠠᠩ︾ ᠢ ᠢᠳᠡᠪᠬᠢᠲᠡᠶ ᠳᠡᠯᠭᠡᠷᠡᠭᠦᠯᠦᠨ ᠬᠡᠷᠡᠭᠯᠡᠵᠦ᠂ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ ᠪᠠᠶᠢᠴᠠᠭᠠᠨ ᠰᠢᠯᠭᠠᠭᠰᠠᠨ ᠦᠷ᠎ᠡ | ᠳ᠋ᠦᠩ ᠢ ᠬᠠᠷᠢᠯᠴᠠᠨ ᠮᠡᠳᠡᠷᠡᠵᠦ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠨᠠᠶᠢᠳᠠᠨ ᠬᠥᠮᠦᠵᠢᠭᠦᠯᠬᠦ︾ ᠬᠥᠭᠵᠢᠯᠲᠡ ᠶᠢ ᠳᠠᠮᠵᠢᠵᠤ᠂ | ᠪᠥᠬᠦ ᠬᠤᠲᠠ ᠶᠢᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠪᠠᠶᠢᠭᠤᠯᠤᠮᠵᠢ᠂ ᠠᠵᠢᠯ ᠲᠥᠷᠥᠯ ᠤᠨ | ᠨᠡᠶᠢᠭᠡᠮᠯᠢᠭ ᠤᠨ ᠨᠡᠶᠢᠲᠡ ᠶᠢᠨ ᠠᠰᠠᠷᠠᠮᠵᠢ ᠶᠢᠨ ᠬᠢᠴᠢᠶᠡᠯ᠂ ᠰᠦᠯᠵᠢᠶᠡᠨ ᠳᠡᠭᠡᠷᠡᠬᠢ ᠭᠡᠷ ᠤᠨ ᠠᠬᠠᠮᠠᠳ ᠤᠨ ᠬᠢᠴᠢᠶᠡᠯ ᠤᠨ ᠲᠠᠩᠬᠢᠮ᠂ ᠰᠦᠯᠵᠢᠶᠡᠨ ᠳᠡᠭᠡᠷᠡᠬᠢ ᠭᠡᠷ | ᠪᠦᠯᠢ ᠶᠢᠨ ᠰᠤᠷᠭᠠᠨ ᠬᠥᠮᠦᠵᠢᠯ ᠤᠨ ᠵᠥᠪᠯᠡᠯᠭᠡ ᠵᠡᠷᠭᠡ ᠦᠢᠯᠡᠴᠢᠯᠡᠭᠡ ᠥᠷᠨᠢᠭᠦᠯᠬᠦ ᠶᠢ ᠳᠡᠮᠵᠢᠨ᠎ᠡ᠃ ︽ᠣᠷᠳᠣᠰ ᠤᠨ ᠡᠷᠡᠭᠦᠯ ᠮᠡᠨᠳᠦ ᠶᠢᠨ ᠠᠨᠢᠰᠤ︾ | ᠡᠮᠴᠢᠯᠡᠭᠡᠨ ᠤ ᠦᠢᠯᠡᠴᠢᠯᠡᠭᠡᠨ ᠤ ᠸᠢᠴᠠᠲ ᠤᠨ ᠵᠢᠵᠢᠭ ᠫᠷᠤᠭ᠍ᠷᠠᠮ ᠢ ᠨᠡᠪᠲᠡᠷᠡᠭᠦᠯᠬᠦ ᠶᠢᠨ ᠬᠠᠮᠲᠤ ᠡᠷᠬᠡ ᠣᠯᠭᠤᠵᠤ ᠸᠢᠴᠠᠲ ᠤᠨ ᠦᠵᠦᠭᠦᠷ ᠲᠤ ᠵᠠᠯᠭᠠᠨ | ᠣᠷᠣᠭᠤᠯᠵᠤ᠂ ᠸᠢᠴᠠᠲ ᠤᠨ ᠵᠢᠵᠢᠭ ᠫᠷᠤᠭ᠍ᠷᠠᠮ ᠢ ᠡᠮᠴᠢᠯᠡᠭᠡᠨ ᠤ ᠳᠠᠭᠠᠳᠬᠠᠯ ᠤᠨ ᠰᠢᠯᠵᠢᠮᠡᠯ ᠲᠣᠭᠠᠴᠠᠭ᠎ᠠ ᠬᠢᠬᠦ᠂ ᠪᠠᠶᠢᠴᠠᠭᠠᠨ ᠯᠠᠪᠯᠠᠬᠤ ᠵᠡᠷᠭᠡ ᠴᠢᠳᠠᠮᠵᠢ ᠶᠢ | ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶᠃ | 6. ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠣᠯᠡᠨ ᠡᠰᠢᠵᠢᠭᠰᠡᠨ ᠶᠡᠷᠦᠩᠭᠡᠶᠢᠯᠡᠭᠰᠡᠨ ᠬᠢᠨᠡᠯᠳᠡ ᠬᠠᠮᠢᠶᠡᠷᠦᠯᠳᠡ ᠶᠢᠨ ᠲᠤᠭᠲᠠᠯᠴᠠᠭ᠎ᠠ | ᠶᠢ ᠪᠦᠷᠢᠨᠰᠢᠬᠦᠯᠵᠦ᠂ ᠬᠢᠨᠡᠯᠳᠡ ᠬᠠᠮᠢᠶᠡᠷᠦᠯᠳᠡ ᠶᠢᠨ ᠠᠷᠭ᠎ᠠ ᠮᠠᠶ᠋ᠢᠭ ᠲᠤ ᠰᠢᠨ᠎ᠡ ᠶᠢ ᠡᠬᠦᠳᠴᠥ᠂ ᠦᠢᠯᠡᠴᠢᠯᠡᠭᠡᠨ ᠤ ᠬᠦᠴᠣᠨ ᠵᠦᠢᠯ ᠤᠨ ᠵᠦᠪᠰᠢᠶᠡᠷᠡᠨ | ᠣᠷᠣᠭᠤᠯᠬᠤ᠂ ᠶᠠᠰᠣ ᠴᠢᠨᠡᠷ ᠤᠨ ᠠᠮᠥᠷ ᠳᠥᠪᠰᠢᠨ᠂ ᠣᠯᠡᠨ ᠨᠡᠶᠢᠲᠡ ᠶᠢᠨ ᠡᠷᠡᠬᠦᠯ ᠬᠠᠮᠠᠭᠠᠯᠠᠯ᠂ ᠪᠠᠶᠢᠭᠤᠯᠥᠮᠵᠢ ᠶᠢᠨ ᠠᠵᠢᠯᠯᠠᠭᠠᠨ᠂ ᠠᠵᠢᠯᠯᠠᠭᠰᠠᠳ᠂ | ᠦᠢᠯᠡᠴᠢᠯᠡᠭᠡᠨ ᠤ ᠠᠵᠢᠯᠯᠠᠭ᠎ᠠ᠂ ᠡᠮᠴᠢᠯᠡᠭᠡᠨ ᠤ ᠵᠠᠷᠣᠳᠡᠯ᠂ ᠠᠵᠢᠯ ᠳᠥᠷᠦᠯ ᠤᠨ ᠡᠮᠬᠢ ᠲᠢᠭᠯᠢᠮ ᠪᠠ ᠡᠷᠡᠬᠦᠯ ᠡᠩᠬᠡ ᠶᠢᠨ ᠠᠵᠦ ᠦᠢᠯᠡᠰ ᠤᠨ ᠬᠢᠨᠡᠯᠳᠡ | ᠬᠠᠮᠢᠶᠡᠷᠦᠯᠳᠡ ᠶᠢ ᠭᠤᠤᠯᠳᠡᠯᠭ᠎ᠠ ᠲᠠᠢ ᠴᠢᠩᠭᠠᠳᠬᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠶᠢᠨ ᠠᠵᠢᠯ ᠤᠨ | ᠲᠤᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠠᠷᠢᠭᠤᠨ ᠴᠢᠬᠡᠴᠢ ᠪᠠᠷ ᠠᠵᠢᠯ ᠡᠷᠬᠢᠯᠡᠬᠦ ᠲᠤᠰᠬᠠᠶ ᠠᠵᠢᠯᠯᠠᠭ᠎ᠠ ᠶᠢ ᠥᠷᠨᠢᠭᠦᠯᠦᠨ᠂ ᠬᠢᠨᠠᠯᠲᠠ ᠲᠠᠯᠪᠢᠨ | ᠪᠠᠶᠢᠴᠠᠭᠠᠬᠤ᠂ ᠬᠠᠤᠯᠢ ᠰᠠᠬᠢᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷ ᠢ ᠬᠠᠮᠠᠭᠠᠯᠠᠨ᠂ ᠨᠡᠶᠢᠭᠡᠮ ᠤᠨ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ᠎ᠠ᠃ ᠬᠠᠤᠯᠢ ᠶᠣᠰᠣᠭᠠᠷ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠤᠭᠲᠠᠯᠴᠠᠭ᠎ᠠ ᠶᠢ ᠪᠦᠷᠢᠨᠰᠢᠭᠦᠯᠵᠦ᠂ | ᠬᠠᠷᠢᠭᠤᠴᠠᠯᠭ᠎ᠠ ᠨᠡᠬᠡᠮᠵᠢᠯᠡᠬᠦ ᠪᠠ ᠬᠤᠯᠪᠣᠭᠠᠯᠠᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ︶ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠤᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ ᠵᠠᠰᠠᠭ ᠤᠨ ᠣᠷᠳᠣᠨ ᠤ ᠠᠵᠢᠯ ᠤᠨ | ᠬᠠᠷᠠᠯᠲᠠ ᠪᠣᠯᠤᠨ ᠬᠢᠨᠠᠨ ᠰᠢᠯᠭᠠᠬᠤ ᠬᠠᠷᠠᠯᠲᠠ ᠳᠤ ᠣᠷᠣᠭᠤᠯᠵᠤ᠂ ᠪᠣᠳᠠᠲᠠᠶ ᠬᠡᠷᠡᠭᠵᠢᠭᠦᠯᠬᠦ ᠲᠥᠰᠦᠯ ᠲᠣᠭᠲᠠᠭᠠᠵᠤ᠂ ᠡᠯ᠎ᠡ ᠵᠦᠢᠯ ᠤᠨ ᠡᠭᠦᠷᠭᠡ ᠶᠢ | ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ | ︵ᠬᠤᠶᠠᠷ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ | ᠬᠢᠨᠠᠮᠠᠭᠠᠶ ᠭᠦᠢᠴᠡᠳᠬᠡᠵᠦ᠂ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠨᠠᠷᠢᠯᠢᠭᠵᠢᠭᠤᠯᠤᠨ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ | ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠪᠦᠬᠦ ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢᠨ ᠪᠠᠶᠢᠭᠤᠯᠤᠯᠲᠠ ᠶᠢᠨ | ᠠᠵᠢᠯ ᠢ ᠬᠠᠮᠵᠢᠯᠴᠠᠨ ᠠᠬᠢᠭᠤᠯᠤᠨ᠎ᠠ᠃ | ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠲᠤᠭᠲᠠᠯᠴᠠᠭ᠎ᠠ ᠶᠢᠨ ᠪᠠᠶᠢᠭᠤᠯᠤᠯᠲᠠ ᠶᠢᠨ ᠬᠠᠷᠠᠯᠲᠠ ᠪᠠ ᠭᠤᠤᠯᠳᠠᠯᠭ᠎ᠠ ᠲᠠᠢ | ᠡᠭᠦᠷᠭᠡ ᠶᠢᠨ ᠲᠣᠭᠤᠷᠢᠨ ᠳᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠬᠠᠮᠢᠶ᠎ᠠ ᠪᠥᠬᠦᠶ ᠪᠣᠯᠪᠠᠰᠤᠷᠠᠭᠤᠯᠤᠯ ᠢ ᠰᠠᠶᠢᠲᠤᠷ ᠬᠢᠵᠦ᠂ ᠰᠠᠶᠢᠨ ᠠᠷᠭ᠎ᠠ ᠬᠢᠳᠡᠯ ᠪᠠ | ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠵᠦ᠂ ᠨᠡᠶᠢᠭᠡᠮ ᠤᠨ ᠠᠩᠬᠠᠷᠤᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠥᠭᠴᠦ᠂ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢ ᠲᠡᠭᠦᠯᠳᠡᠷᠵᠢᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠤᠯᠭᠠᠨ᠎ᠠ᠃ | |