ᠳᠠᠶᠢᠴᠢᠨ ᠮᠠᠨ ᠤ ᠬᠤᠲᠠ ᠳᠤ ᠢᠷᠡᠵᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/17
    ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠳᠠᠶᠢᠴᠢᠨ ᠤᠷᠢᠳ ᠬᠤᠵᠢᠳ ᠵᠡᠭᠦᠨᠭᠠᠷ ᠬᠤᠰᠢᠭᠤ᠂ ᠳ᠋ᠦᠩᠱᠧᠩ ᠲᠤᠭᠤᠷᠢᠭ᠂ ᠡᠵᠡᠨ ᠬᠤᠷᠤᠭ᠎ᠠ ᠬᠤᠰᠢᠭᠤ ᠵᠡᠷᠭᠡ ᠭᠠᠵᠠᠷ ᠤᠳ ᠢᠶᠠᠷ ᠭᠦᠨᠵᠡᠭᠡᠶᠢᠷᠡᠵᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃    ᠲᠠᠶᠢᠴᠢᠨ ᠨᠠᠷ ᠵᠡᠭᠦᠨᠭᠠᠷ ᠵᠤᠤ ᠪᠠᠯᠭᠠᠰᠤ ᠶᠢᠨ ᠳᠠᠬᠢᠨ ᠬᠠᠭᠠᠯᠪᠤᠷᠢᠯᠠᠬᠤ ᠲᠤᠭᠤᠷᠢᠭ᠂ ᠤᠷᠳᠤᠰ ᠤᠨ ᠣᠳᠣ ᠦᠶ᠎ᠡ ᠶᠢᠨ ᠨᠣᠣᠯᠣᠭᠤᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠤᠯᠠᠭᠠᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠤᠨ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠵᠤ᠂ ᠠᠵᠤ ᠦᠢᠯᠡᠰ ᠤᠨ ᠬᠡᠪᠴᠢᠶᠡᠵᠢᠯ᠂ ᠲᠥᠷᠥᠯ ᠵᠦᠢᠯ ᠤᠨ ᠠᠬᠢᠴᠠ᠂ ᠮᠡᠷᠭᠡᠵᠢᠯ ᠤᠨ ᠰᠢᠨ᠎ᠡ ᠶᠢ ᠡᠭᠦᠳᠬᠦ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠵᠡᠷᠭᠡ ᠪᠠᠶᠢᠳᠠᠯ ᠢ ᠨᠠᠷᠢᠨ ᠣᠶᠢᠯᠭᠠᠭᠰᠠᠨ ᠤ ᠬᠠᠮᠲᠤ ᠬᠤᠯᠪᠤᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠪᠠ᠃    ᠳᠠᠶᠢᠴᠢᠨ᠂ ᠳᠠᠬᠢᠨ ᠬᠠᠭᠠᠯᠪᠤᠷᠢᠯᠠᠵᠤ ᠨᠣᠭᠤᠭᠠᠷᠠᠭᠤᠯᠤᠭᠰᠠᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠵᠤ᠂ ᠠᠭᠤᠷᠬᠠᠢ ᠶᠢᠨ ᠤᠷᠤᠨ ᠤ ᠳᠠᠬᠢᠨ ᠬᠠᠭᠠᠯᠪᠤᠷᠢᠯᠠᠬᠤ ᠪᠠ ᠠᠮᠢ ᠠᠬᠤᠢ ᠶᠢ ᠰᠡᠷᠭᠦᠭᠡᠨ ᠵᠠᠰᠠᠬᠤ ᠰᠢᠨ᠎ᠡ ᠵᠠᠮ ᠢ ᠢᠳᠡᠪᠬᠢᠲᠡᠢ ᠰᠥᠪᠡᠭᠴᠢᠯᠡᠵᠦ᠂ ᠠᠭᠤᠷᠬᠠᠢ ᠶᠢᠨ ᠤᠷᠤᠨ ᠢ ᠳᠠᠬᠢᠨ ᠬᠠᠭᠠᠯᠪᠤᠷᠢᠯᠠᠵᠤ ᠵᠠᠰᠠᠬᠤ᠂ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠶᠢ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠲᠠᠢ ᠤᠶᠠᠯᠳᠤᠭᠤᠯᠵᠤ᠂ ᠣᠷᠣᠨv ᠨᠤᠲᠤᠭ ᠤᠨ ᠣᠨᠴᠠᠯᠢᠭ ᠲᠠᠢ ᠠᠮᠢ ᠠᠬᠤᠢ ᠶᠢ ᠰᠡᠷᠭᠦᠭᠡᠬᠦ᠂ ᠠᠵᠤ ᠦᠢᠯᠡᠰ ᠢ ᠬᠥᠭᠵᠢᠭᠦᠯᠬᠦ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠵᠤ᠂ ᠬᠠᠮᠲᠤ ᠪᠠᠷ ᠠᠰᠢᠭ ᠬᠦᠷᠲᠡᠬᠦ ᠵᠠᠮ ᠢᠶᠠᠷ ᠵᠠᠮᠨᠠᠬᠤ ᠬᠡᠷᠡᠭᠲᠡᠢ᠃ ᠪᠡᠯᠡ ᠣᠷᠤᠭᠤᠯᠤᠯᠲᠠ ᠶᠢᠨ ᠬᠦᠴᠦᠯᠡᠴᠡ ᠪᠠᠨ ᠨᠡᠮᠡᠭᠳᠡᠭᠦᠯᠵᠦ᠂ ᠨᠣᠣᠯᠤᠭᠤᠷ ᠡᠳ᠋ᠰᠢᠭᠦᠯᠬᠦ ᠮᠡᠷᠭᠡᠵᠢᠯ ᠢ ᠳᠡᠭᠡᠭᠰᠢᠯᠡᠭᠦᠯᠦᠨ᠂ ᠴᠢᠨᠠᠷ ᠰᠠᠶᠢᠲᠠᠢ ᠪᠦᠭᠡᠳ ᠦᠨ᠎ᠡ ᠰᠠᠶᠢᠲᠠᠢ ᠰᠢᠯᠢᠳᠡᠭ ᠡᠭᠦᠯᠳᠡᠷ ᠤᠨ ᠲᠤᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠪᠠᠷ ᠲᠥᠷᠥᠯ ᠲᠡᠮᠲᠡᠭᠲᠦ ᠶᠢᠨ ᠨᠥᠯᠥᠭᠡᠯᠡᠬᠦ ᠬᠦᠴᠦᠨ ᠢ ᠳᠠᠰᠤᠷᠠᠯᠲᠠ ᠦᠭᠡᠢ ᠥᠷᠭᠡᠳᠬᠡᠵᠤ᠂ ᠠᠵᠤ ᠦᠢᠯᠡᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠳᠡᠯᠡᠬᠡᠢ ᠶᠢᠨ ᠲᠡᠰ ᠤᠨ ᠨᠣᠣᠯᠣᠭᠤᠷ ᠤᠨ ᠠᠵᠤ ᠦᠢᠯᠡᠰ ᠢ ᠪᠦᠬᠦ ᠬᠦᠴᠦᠨ ᠢᠶᠠᠷ ᠢᠶᠠᠨ ᠴᠤᠭᠴᠠᠯᠠᠨ ᠪᠠᠶᠢᠭᠤᠯᠬᠤ ᠬᠡᠷᠡᠭᠲᠡᠢ᠃ ᠲᠥᠷᠥᠯ ᠲᠡᠮᠲᠡᠭᠲᠦ ᠶᠢᠨ ᠳᠠᠪᠠᠭᠤᠯᠢᠭ ᠲᠤ ᠰᠠᠭᠤᠷᠢᠯᠠᠨ᠂ ᠲᠥᠷᠥᠯ ᠲᠡᠮᠲᠡᠭᠲᠦ ᠶᠢ ᠳᠡᠯᠭᠡᠷᠡᠭᠦᠯᠬᠦ ᠬᠦᠴᠦᠯᠡᠴᠡ ᠪᠠᠨ ᠨᠡᠮᠡᠭᠳᠡᠭᠦᠯᠵᠦ᠂ ᠲᠡᠵᠢᠭᠡᠨ ᠦᠷᠡᠵᠢᠭᠦᠯᠬᠦ ᠮᠡᠷᠭᠡᠵᠢᠯ ᠤᠨ ᠬᠢᠷᠢ ᠳᠥᠪᠰᠢᠨ ᠢ ᠳᠠᠰᠤᠷᠠᠯᠲᠠ ᠦᠭᠡᠢ ᠳᠡᠭᠡᠭᠰᠢᠯᠡᠭᠦᠯᠦᠨ᠂ ᠮᠠᠯ ᠠᠵᠤ ᠠᠬᠤᠢ ᠶᠢ ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠲᠥᠷᠥᠯ ᠲᠡᠮᠲᠡᠭᠵᠢᠭᠰᠡᠨ ᠲᠡᠶᠢᠰᠢ ᠬᠥᠭᠵᠢᠭᠦᠯᠬᠦ ᠶᠢ ᠦᠨᠡᠨ ᠬᠦ ᠠᠬᠢᠭᠤᠯᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠣᠷᠳᠣᠰ ᠤᠨ ᠬᠦᠴᠦᠨ ᠴᠢᠳᠠᠯ ᠢ ᠡᠷᠭᠦᠬᠦ ᠬᠡᠷᠡᠭᠲᠡᠢ ᠭᠡᠪᠡ᠃    ᠬᠤᠲᠠ ᠶᠢᠨ ᠳᠡᠳ᠋ ᠳᠠᠷᠤᠭ᠎ᠠ ᠡᠷᠳᠡᠨᠢᠪᠢᠯᠢᠭ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠬᠤᠯᠪᠤᠭᠳᠠᠯ ᠪᠦᠬᠦᠢ ᠬᠤᠰᠢᠭᠤ ᠲᠤᠭᠤᠷᠢᠭ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ