ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠡᠷᠭᠢᠯᠲᠡ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/19
     7 ᠰᠠᠷ᠎ᠠ ᠶᠢᠨ 17᠎ ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠡᠷᠭᠢᠯᠲᠡ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠡᠷᠬᠡᠪᠰᠢ ᠪᠡᠶ᠎ᠡ ᠳᠡᠭᠡᠨ ᠢᠲᠡᠭᠡᠯ ᠲᠠᠢ ᠪᠠᠶᠢᠵᠤ ᠪᠡᠶ᠎ᠡ ᠪᠠᠨ ᠳᠠᠭᠠᠭᠠᠬᠤ ᠶᠢ ᠪᠠᠷᠢᠮᠲᠠᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠪᠠ᠃ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠬᠥᠭᠵᠢᠯᠲᠡ ᠶᠢᠨ ᠳᠠᠪᠠᠭᠤᠯᠢᠭ ᠢᠶᠠᠨ ᠰᠠᠶᠢᠲᠤᠷ ᠠᠭᠤᠳᠠᠯᠵᠤ᠂ ᠪᠠᠳᠠᠷᠠᠭᠤᠯᠵᠤ᠂ ᠥᠷᠭᠡᠳᠬᠡᠵᠦ᠂ ᠠᠵᠢᠯ ᠬᠢᠵᠦ ᠦᠢᠯᠡᠰ ᠪᠣᠰᠬᠠᠬᠤ ᠣᠮᠤᠭ ᠵᠣᠷᠢᠭ ᠢ ᠬᠦᠪᠴᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠰᠢᠨ᠎ᠡ ᠵᠠᠮ ᠢ ᠨᠡᠭᠡᠭᠡᠵᠦ ᠡᠮᠦᠨ᠎ᠡ ᠡᠩᠨᠡᠭᠡᠨ ᠳᠤ ᠣᠷᠣᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠦᠬᠦ ᠬᠤᠳᠠ ᠶᠢᠨ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠡᠨᠡ ᠵᠢᠯ ᠠᠴᠠ ᠨᠠᠰᠢ ᠪᠦᠬᠦ ᠬᠤᠳᠠ ᠶᠢᠨ ᠠᠵᠤ ᠠᠬᠤᠢ ᠶᠢᠨ ᠡᠷᠭᠢᠯᠲᠡ ᠶᠢᠨ ᠲᠣᠭᠲᠠᠭᠤᠨ ᠤ ᠳᠤᠮᠳᠠ ᠤᠷᠤᠭᠰᠢᠯᠠᠵᠤ᠂ ᠭᠤᠣᠯᠯᠠᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠰᠠᠷ᠎ᠠ ᠳᠠᠷᠠᠭᠠᠯᠠᠨ ᠳᠡᠭᠡᠭᠰᠢᠯᠡᠵᠦ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠤᠨ ᠶᠠᠰᠤ ᠴᠢᠨᠠᠷ ᠰᠠᠶᠢᠵᠢᠷᠠᠵᠤ᠂ ᠰᠢᠨ᠎ᠡ ᠨᠡᠮᠡᠭᠳᠡᠯ ᠤᠨ ᠲᠤᠶᠢᠯ ᠲᠥᠷᠭᠡᠨ ᠪᠦᠷᠢᠯᠳᠦᠪᠡ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠦᠷᠭᠦᠯᠵᠢᠯᠡᠨ ᠰᠠᠶᠢᠵᠢᠷᠠᠬᠤ ᠬᠥᠭᠵᠢᠯᠲᠡ ᠶᠢᠨ ᠬᠠᠨᠳᠤᠰᠢ ᠶᠢ ᠪᠠᠬᠢᠵᠢᠭᠦᠯᠦᠨ ᠴᠢᠩᠭᠠᠳᠬᠠᠬᠤ ᠬᠡᠷᠡᠭᠲᠡᠢ᠃ ᠡᠷᠭᠢᠯᠲᠡ ᠶᠢᠨ ᠲᠣᠬᠢᠷᠠᠭᠤᠯᠤᠯᠲᠠ ᠶᠢ ᠴᠢᠩᠭ᠎ᠠ ᠠᠳᠬᠤᠵᠤ᠂ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠰᠠᠷ᠎ᠠ ᠪᠠᠷ ᠤᠯᠠᠷᠢᠯ ᠢ ᠪᠠᠲᠤᠯᠠᠬᠤ ᠶᠢ ᠴᠢᠩᠭᠠᠳᠬᠠᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠴᠢᠩᠭᠠᠳᠬᠠᠵᠤ᠂ ᠪᠡᠯᠡ ᠣᠷᠣᠭᠤᠯᠤᠯᠲᠠ ᠶᠢᠨ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠶᠢ ᠴᠢᠩᠭ᠎ᠠ ᠠᠳᠬᠤᠵᠤ᠂ ᠬᠠᠩᠭᠠᠯᠭ᠎ᠠ ᠬᠡᠷᠡᠭᠴᠡᠭᠡ ᠶᠢ ᠪᠦᠲᠦᠮᠵᠢᠲᠡᠢ ᠵᠣᠯᠭᠠᠭᠤᠯᠬᠤ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠬᠦ ᠬᠡᠷᠡᠭᠲᠡᠢ᠃ ︽ᠵᠢᠷᠭᠤᠭᠠᠨ ᠢᠨᠵᠧᠨᠧᠷᠢᠩ︾᠎ ᠢ ᠠᠬᠢᠭᠤᠯᠬᠤ ᠠᠵᠢᠯ ᠢ ᠬᠦᠴᠦᠲᠡᠢ ᠠᠳᠬᠤᠵᠤ ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭ᠎ᠠ ᠠᠳᠬᠤᠵᠤ᠂ ᠬᠦᠴᠦᠨ ᠵᠦᠢᠯ ᠤᠨ ᠬᠢᠵᠠᠭᠠᠷᠯᠠᠯ ᠢ ᠬᠦᠴᠦᠯᠡᠨ ᠠᠷᠢᠯᠭᠠᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠢ᠃ ᠠᠵᠢᠯ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠬᠠᠯᠠᠨ ᠰᠠᠶᠢᠵᠢᠷᠠᠭᠤᠯᠵᠤ ᠴᠡᠭᠴᠡᠯᠡᠨ ᠵᠠᠰᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠦᠵᠡᠰᠬᠦᠯᠡᠩᠲᠦ ᠰᠠᠶᠢᠬᠠᠨ ᠳᠤᠯᠠᠭᠠᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠶᠢᠰᠢ ᠬᠡᠯᠪᠡᠷᠢ ᠪᠠᠨ ᠬᠤᠪᠢᠷᠠᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠪᠲᠤᠯᠵᠤ᠂ ᠬᠢᠯᠠᠰ ᠴᠡᠭ ᠢ ᠡᠭᠦᠳᠴᠦ᠂ ᠳᠤᠲᠠᠭᠤᠳᠠᠯ ᠢ ᠨᠥᠬᠦᠪᠦᠷᠢᠯᠡᠵᠦ ᠂ ᠲᠣᠬᠢᠷᠠᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠢᠳᠡᠭᠡᠨ ᠤ ᠠᠮᠤᠷ ᠲᠦᠪᠰᠢᠨ᠂ ᠬᠤᠭ ᠨᠣᠪᠰᠢ ᠶᠢ ᠲᠦᠷᠦᠯ ᠬᠤᠪᠢᠶᠠᠬᠤ ᠵᠡᠷᠭᠡ ᠶᠠᠪᠤᠳᠠᠯ ᠢ ᠰᠤᠳᠤᠯᠪᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ