ᠵᠡᠭᠦᠠᠭᠠᠷ ᠬᠤᠰᠢᠭᠤᠨ ᠤ ᠰᠢᠤᠸᠠᠢ ᠸᠧᠢ ᠵᠠᠰᠠᠮᠠᠯ ᠵᠠᠮ ᠤᠨ ᠸᠧᠢ ᠵᠢᠶᠠ ᠮᠤᠤ ᠪᠠᠯᠭᠠᠰᠤᠨ ᠤ ᠲᠤᠭᠤᠷᠢᠭ ᠤᠨ ᠬᠡᠰᠡᠭ ᠲᠠᠬᠢ ᠵᠠᠮ ᠤᠨ ᠥᠭᠡᠷᠡᠴᠢᠯᠡᠯᠲᠡ ᠶᠢᠨ | ᠪᠠᠷᠢᠯᠭ᠎ᠠ ᠪᠣᠯ ᠸᠧᠢ ᠵᠢᠶᠠ ᠮᠤᠤ ᠲᠤᠰᠬᠤᠨ ᠠᠴᠠ ᠱᠤᠸᠠᠩ ᠣᠪᠣᠭ᠎ᠠ ᠲᠣᠰᠬᠤᠨ ᠬᠦᠷᠬᠦ ᠲᠣᠰᠬᠤᠨ ᠳᠤ ᠨᠡᠪᠲᠡᠷᠡᠬᠦ ᠵᠠᠰᠠᠮᠠᠯ ᠵᠠᠮ ᠪᠤᠯᠤᠨ᠎ᠠ᠃ ᠲᠤᠰ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ 2023 ᠣᠨ ᠤ 6 ᠰᠠᠷ᠎ᠠ ᠠᠴᠠ ᠡᠬᠢᠯᠡᠨ ᠪᠦᠲᠦᠭᠡᠨ ᠪᠠᠶᠢᠭᠤᠯᠵᠤ᠂ ᠪᠦᠬᠦ ᠤᠷᠲᠤ ᠨᠢ 5.107 ᠺᠢᠯᠣᠮᠧᠲᠷ ᠪᠠᠶᠢᠵᠤ᠂ | ᠭᠤᠷᠪᠠᠳᠤᠭᠠᠷ ᠲᠡᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ᠂ ᠴᠠᠭ ᠪᠦᠷᠢ 30 ᠺᠢᠯᠣᠮᠧᠲᠷ ᠠᠶᠠᠯᠠᠬᠤ ᠬᠤᠷᠳᠤᠴᠠ ᠪᠠᠷ | ᠲᠥᠯᠥᠪᠯᠡᠨ᠂ ᠪᠦᠬᠦᠶᠢᠯᠡ ᠵᠠᠮ ᠱᠤᠭᠤᠮ ᠳᠤ 3 ᠬᠥᠭᠦᠷᠭᠡ᠂ 7l ᠭᠤᠯᠳᠤᠩ ᠬᠥᠨᠳᠡᠢ ᠭᠠᠷᠭᠠᠵᠤ᠂ ᠪᠠᠷᠢᠯᠭ᠎ᠠ ᠶᠢᠨ ᠶᠡᠷᠦᠩᠬᠡᠢ ᠪᠡᠯᠡ ᠣᠷᠣᠭᠤᠯᠤᠯᠲᠠ ᠨᠢ 1.6 | ᠳ᠋ᠥᠩᠰᠢᠭᠤᠷ ᠲᠥᠭᠦᠷᠢᠭ ᠢᠶᠠᠷ ᠲᠦᠰᠦᠪᠯᠡᠪᠡ᠃ ᠣᠳᠣᠬᠠᠨ ᠳᠤ ᠨᠢᠭᠡᠨᠲᠡ ᠪᠦᠬᠦ ᠵᠠᠮ ᠤᠨ ᠰᠢᠷᠣᠢ ᠪᠣᠯᠣᠨ ᠴᠢᠯᠠᠭᠤ ᠳᠡᠪᠢᠰᠬᠦ ᠠᠵᠢᠯ ᠢ ᠪᠡᠶᠡᠯᠡᠭᠦᠯᠵᠤ᠂ ᠵᠠᠮ ᠤᠨ | ᠰᠠᠭᠤᠷᠢ ᠶᠢᠨ ᠤᠰᠤ ᠲᠠᠲᠠᠷᠠᠭᠤᠯᠬᠤ ᠬᠠᠮᠠᠭᠠᠯᠠᠯᠲᠠ ᠶᠢᠨ ᠪᠠᠷᠢᠯᠭ᠎ᠠ ᠶᠢᠨ 90% ᠶᠢ ᠪᠡᠶᠡᠯᠡᠭᠦᠯᠵᠤ᠂ 2024 ᠣᠨ ᠤ ᠵᠢᠯ ᠤᠨ ᠡᠴᠦᠰ ᠲᠤ ᠲᠡᠷᠭᠡ ᠨᠡᠪᠲᠡᠷᠡᠬᠦ | ᠨᠥᠬᠦᠴᠡᠯ ᠢ ᠪᠦᠷᠢᠯᠳᠦᠭᠦᠯᠬᠦ ᠪᠣᠯᠣᠨ᠎ᠠ᠃ | ᠲᠤᠰ ᠲᠥᠷᠥᠯ ᠵᠦᠢᠯ ᠨᠢ ᠵᠠᠮ ᠳᠠᠭᠠᠤ ᠶᠢᠨ ᠭᠠᠵᠠᠷ ᠣᠷᠣᠨ ᠤ ᠵᠠᠮ ᠬᠠᠷᠢᠯᠴᠠᠭᠠᠨ ᠤ ᠨᠥᠬᠦᠴᠡᠯ ᠢ ᠦᠨᠳᠦᠰᠦᠨ ᠠᠴᠠ ᠨᠢ ᠰᠠᠶᠢᠵᠢᠷᠠᠭᠤᠯᠵᠤ᠂ ᠵᠠᠮ | ᠳᠠᠭᠠᠤ ᠶᠢᠨ ᠲᠣᠰᠬᠤᠨ ᠪᠠᠯᠭᠠᠰᠤ ᠶᠢᠨ ᠠᠵᠤ ᠦᠢᠯᠡᠳᠪᠦᠷᠢ ᠲᠠᠷᠢᠶᠠᠯᠠᠩ ᠤᠨ ᠬᠥᠭᠵᠢᠯᠲᠡ ᠶᠢ ᠠᠬᠢᠭᠤᠯᠵᠤ᠂ ᠣᠷᠣᠨ ᠪᠦᠰᠡ ᠶᠢᠨ ᠵᠠᠮ ᠤᠨ ᠲᠣᠣᠷ ᠤᠨ | ᠪᠦᠲᠦᠴᠡ ᠶᠢ ᠳᠡᠭᠦᠯᠳᠡᠷᠵᠢᠭᠦᠯᠵᠤ᠂ ᠨᠡᠪᠲᠡᠷᠡᠬᠦ ᠴᠢᠳᠠᠮᠵᠢ ᠪᠠ ᠦᠢᠯᠡᠴᠢᠯᠡᠭᠡᠨ ᠤ ᠬᠢᠷᠢ ᠳᠥᠪᠰᠢᠨ ᠢ ᠳᠡᠭᠡᠭᠰᠢᠯᠡᠭᠦᠯᠦᠨ᠎ᠡ᠃ | | | | | | | | | | | | | | | | | | | | | | | | | | | |