ᠳ᠋ᠦ᠋ ᠬᠤᠢ ᠯᠢᠶᠠᠩ ᠲᠠᠶᠢᠶᠤᠸᠠᠨ ᠤ ᠨᠡᠭᠦᠷᠡᠰᠦᠨ ᠤ ᠠᠷᠠᠯᠵᠢᠶᠠᠨ ᠤ ᠲᠥᠪ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/2
    7 ᠰᠠᠷ᠎ᠠ ᠶᠢᠨ 1᠎ ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠲᠠᠶᠢᠶᠤᠸᠠᠨ ᠤ ᠨᠡᠭᠦᠷᠡᠰᠦᠨ ᠤ ᠠᠷᠠᠯᠵᠢᠶᠠᠨ ᠤ ᠲᠥᠪ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠤᠳᠤᠷᠢᠳᠤᠯᠭ᠎ᠠ ᠯᠢᠦ ᠹᠧᠩ ᠶᠦᠨ ᠣᠷᠣᠯᠴᠠᠪᠠ᠃
图片1.png
    ᠳ᠋ᠦ᠋ ᠬᠤᠢ ᠯᠢᠶᠠᠩ ᠲᠠᠶᠢᠶᠤᠸᠠᠨ ᠤ ᠨᠡᠭᠦᠷᠡᠰᠦᠨ ᠤ ᠠᠷᠠᠯᠵᠢᠶᠠᠨ ᠤ ᠲᠥᠪ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠳᠠᠪᠴᠠᠩ ᠤᠨ ᠪᠠᠶᠢᠭᠤᠯᠤᠯᠲᠠ᠂ ᠴᠢᠳᠠᠮᠵᠢ ᠶᠢᠨ ᠵᠠᠭᠪᠤᠷ᠂ ᠠᠷᠠᠯᠵᠢᠶᠠᠨ ᠤ ᠶᠠᠪᠤᠴᠠ᠂ ᠲᠤᠬᠠᠶᠢᠯᠠᠭᠰᠠᠨ ᠠᠵᠢᠯ ᠤᠨ ᠵᠠᠭᠪᠤᠷ ᠪᠠ ᠬᠥᠭᠵᠢᠯᠲᠡ ᠶᠢᠨ ᠰᠡᠳᠬᠢᠴᠡ ᠶᠢ ᠨᠠᠷᠢᠨ ᠣᠶᠢᠯᠠᠭᠠᠪᠠ᠃ ᠲᠡᠷᠡ᠂ ᠤᠷᠳᠤᠰ ᠶᠠᠭ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠳᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠭᠦᠷᠡᠰᠦᠨ ᠤ ᠦᠢᠯᠡᠳᠪᠦᠷᠢᠯᠡᠯ᠂ ᠬᠠᠩᠭᠠᠯᠭ᠎ᠠ᠂ ᠨᠥᠭᠡᠴᠡᠯᠡᠯ᠂ ᠪᠣᠷᠣᠯᠠᠭᠤᠯᠭ᠎ᠠ ᠲᠡᠭᠡᠭᠡᠪᠦᠷᠢ ᠶᠢᠨ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠥᠪᠥᠷ ᠮᠣᠩᠭᠤᠯ ᠤᠨ ᠨᠡᠭᠦᠷᠡᠰᠦᠨ ᠤ ᠠᠷᠠᠯᠵᠢᠶᠠᠨ ᠤ ᠲᠥᠪ ᠤᠨ ᠪᠦᠳᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ ᠪᠠᠶᠢᠨ᠎ᠠ᠃ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠣᠯᠢᠳᠠᠭᠤᠯᠵᠤ᠂ ᠰᠠᠶᠢᠨ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠡᠨᠧᠷᠭᠢ ᠶᠢᠨ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠮᠥᠩᠭᠦᠨ ᠭᠦᠢᠯᠭᠡᠭᠡᠨ ᠤ ᠬᠦᠴᠦᠨ ᠣᠯᠭᠤᠬᠤ ᠴᠢᠳᠠᠮᠵᠢ ᠶᠢ ᠴᠢᠩᠭᠠᠳᠬᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠨᠢᠭᠡᠳᠦᠯᠲᠡᠢ ᠨᠡᠭᠡᠭᠡᠯᠲᠡᠲᠡᠢ᠂ ᠥᠨᠳᠥᠷ ᠪᠦᠲᠦᠮᠵᠢᠲᠡᠢ ᠵᠢᠷᠤᠮᠵᠢᠭᠰᠠᠨ ᠨᠡᠭᠦᠷᠡᠰᠦᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠲᠦᠷᠭᠡᠨ ᠪᠠᠶᠢᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠶᠠᠰᠤ ᠴᠢᠨᠠᠷ ᠪᠠ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠪᠡ᠃  
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ