ᠣᠷᠳᠣᠰ ᠤᠨ ᠨᠢᠰᠭᠡᠯ ᠤᠨ ᠪᠠᠭᠤᠳᠠᠯ ᠪᠡᠭᠡᠵᠢᠩ ᠤᠨ ᠳ᠋ᠠᠰᠢᠩ — ᠣᠷᠳᠣᠰ — ᠺᠦᠴᠧ ᠬᠦᠷᠬᠦ ᠠᠶᠠᠯᠠᠯ ᠤᠨ ᠱᠤᠭᠤᠮ ᠢ ᠨᠡᠪᠲᠡᠷᠡᠭᠦᠯᠬᠦ ᠪᠠᠷ ᠪᠣᠢ
ᠨᠡᠶᠢᠲᠡᠯᠡᠭᠰᠡᠨ ᠴᠠᠭ᠄
2024/7/2
    7 ᠰᠠᠷ᠎ᠠ ᠶᠢᠨ 1 ᠤ ᠡᠳᠦᠷ ᠠᠴᠠ ᠡᠬᠢᠯᠡᠨ᠂ ᠣᠷᠳᠣᠰ ᠤᠨ ᠨᠢᠰᠭᠡᠯ ᠤᠨ ᠪᠠᠭᠤᠳᠠᠯ ᠪᠡᠭᠡᠵᠢᠩ ᠤᠨ ᠳ᠋ᠠᠰᠢᠩ — ᠣᠷᠳᠣᠰ — ᠺᠦᠴᠧ ᠬᠦᠷᠬᠦ ᠠᠭᠠᠷ ᠤᠨ ᠠᠶᠠᠯᠠᠯ ᠤᠨ ᠱᠤᠭᠤᠮ ᠢ ᠨᠡᠪᠲᠡᠷᠡᠭᠦᠯᠬᠦ ᠪᠠᠷ ᠲᠥᠯᠥᠪᠯᠡᠵᠤ ᠪᠣᠢ᠂ ᠲᠤᠰ ᠠᠭᠠᠷ ᠤᠨ ᠠᠶᠠᠯᠠᠯ ᠤᠨ ᠱᠤᠭᠤᠮ ᠢ ᠳᠤᠮᠳᠠᠳᠤ ᠤᠯᠤᠰ ᠤᠨ ᠬᠠᠮᠲᠤᠷᠠᠭᠰᠠᠨ ᠠᠭᠠᠷ ᠤᠨ ᠠᠶᠠᠯᠠᠯ ᠤᠨ ᠺᠤᠮᠫᠠᠨᠢ ᠠᠴᠠ ᠭᠦᠢᠴᠡᠳᠬᠡᠨ᠎ᠡ᠂ ᠡᠭᠡᠯᠵᠢ ᠶᠢᠨ ᠬᠤᠭᠤᠴᠠᠭ᠎ᠠ ᠨᠢ ᠭᠠᠷᠠᠭ ᠪᠦᠷᠢ ᠶᠢᠨ ᠨᠢᠭᠡᠨ᠂ ᠭᠤᠷᠪᠠᠨ᠂ ᠲᠠᠪᠤᠨ᠂ ᠳᠣᠯᠣᠭᠠᠨ ᠪᠤᠯᠤᠨ᠎ᠠ᠃    ᠵᠤᠨ ᠤ ᠤᠯᠠᠷᠢᠯ ᠤᠨ ᠠᠭᠠᠷ ᠤᠨ ᠠᠶᠠᠯᠠᠯ ᠤᠨ ᠬᠤᠭᠤᠴᠠᠭᠠᠨ ᠳᠤ᠂ ᠠᠶᠠᠨᠴᠢᠳ ᠤᠨ ᠭᠠᠳᠠᠭᠰᠢ ᠭᠠᠷᠬᠤ ᠳᠤ ᠳᠥᠭᠦᠮ ᠦᠵᠡᠭᠦᠯᠬᠦ ᠶᠢᠨ ᠲᠤᠰᠠᠳᠠ᠂ ᠣᠷᠳᠣᠰ ᠤᠨ ᠨᠢᠰᠭᠡᠯ ᠤᠨ ᠪᠠᠭᠤᠳᠠᠯ ᠠᠶᠠᠨᠴᠢᠳ ᠲᠤ ᠲᠤᠰᠬᠠᠢ ᠨᠡᠪᠲᠡᠷᠡᠬᠦ ᠵᠠᠮ᠂ ᠰᠦᠢᠳᠬᠡᠯ ᠬᠤᠷᠢᠶᠠᠬᠤ ᠦᠭᠡᠢ ᠪᠠᠷ ᠬᠤᠨᠣᠬᠤ᠂ ᠰᠦᠢᠳᠬᠡᠯ ᠬᠤᠷᠢᠶᠠᠬᠤ ᠦᠭᠡᠢ  ᠪᠠᠷ ᠬᠤᠭᠤᠯᠠ ᠢᠳᠡᠬᠦ᠂ ᠰᠦᠢᠳᠬᠡᠯ ᠬᠤᠷᠢᠶᠠᠬᠤ ᠦᠭᠡᠢ ᠪᠠᠷ ᠠᠮᠠᠷᠠᠬᠤ᠂ ᠰᠦᠢᠳᠬᠡᠯ ᠬᠤᠷᠢᠶᠠᠬᠤ ᠦᠭᠡᠢ ᠪᠠᠷ ᠪᠣᠭᠴᠣ ᠪᠤᠭᠤᠳᠠᠯ ᠬᠠᠳᠠᠭᠠᠯᠠᠭᠤᠯᠬᠤ ᠵᠡᠷᠭᠡ ᠦᠢᠯᠡᠴᠢᠯᠡᠭᠡ ᠶᠢ ᠬᠠᠩᠭᠠᠬᠤ ᠪᠠᠷ ᠪᠠᠶᠢᠨ᠎ᠠ᠃
微信图片_20240701152859.jpg
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ