ᠳ᠋ᠦ᠋ ᠬᠤᠢ ᠯᠢᠶᠠᠩ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ︽ᠪᠣᠭᠤᠮᠲᠠ ᠰᠢᠪᠲᠤᠯᠬᠤ︾ ᠢᠨᠵᠧᠨᠧᠷᠢᠩ ᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/22
     ᠥᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠶ ᠯᠢᠶᠠᠩ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ︽ᠪᠣᠭᠤᠮᠲᠠ ᠰᠢᠪᠲᠤᠯᠬᠤ︾ ᠢᠨᠵᠧᠨᠧᠷᠢᠩ ᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠭᠤᠷᠪᠠᠨ ᠬᠤᠷᠠᠯ︾᠂ ᠪᠥᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃     ᠳ᠋ᠦ᠋ ᠬᠤᠢ ᠯᠢᠶᠠᠩ᠂ ᠶᠡᠷᠦᠩᠬᠡᠢ ᠱᠦᠵᠢ ᠰᠢ ᠶᠢᠨ ᠫᠢᠩ ᠤᠨ ᠪᠥᠬᠦ ᠤᠯᠤᠰ ᠤᠨ ︽ᠰᠢᠨᠵᠢᠯᠡᠬᠦ ᠤᠬᠠᠭᠠᠨ ᠮᠡᠷᠭᠡᠵᠢᠯ ᠤᠨ ᠭᠤᠷᠪᠠᠨ ᠬᠤᠷᠠᠯ︾ ᠳᠡᠭᠡᠷᠡᠬᠢ ᠴᠢᠬᠤᠯᠠ ᠶᠠᠷᠢᠶ᠎ᠠ ᠨᠢ᠂ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠡᠯᠪᠡᠭ ᠪᠠᠶᠠᠯᠢᠭ ᠠᠭᠤᠯᠤᠭᠳᠠᠬᠤᠨ ᠲᠠᠢ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠲᠥᠷᠭᠡᠳᠭᠡᠨ ᠪᠦᠲᠦᠭᠡᠨ ᠪᠠᠶᠢᠭᠤᠯᠬᠤ ᠴᠢᠩᠭ᠎ᠠ ᠳᠣᠬᠢᠶ᠎ᠠ ᠶᠢ ᠳᠠᠮᠵᠢᠭᠤᠯᠵᠤ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠭᠰᠠᠨ ᠪᠠᠶᠢᠨ᠎ᠠ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠬᠠᠨᠳᠤᠰᠢ ᠶᠢ ᠡᠵᠡᠮᠳᠡᠨ᠂ ᠠᠵᠠ ᠲᠣᠬᠢᠶᠠᠯ ᠢ ᠠᠳᠬᠤᠵᠤ᠂ ᠢᠲᠡᠭᠡᠯ ᠵᠣᠷᠢᠭ ᠢᠶᠠᠨ ᠨᠡᠮᠡᠭᠳᠡᠭᠦᠯᠦᠨ᠂ ᠬᠦᠯᠢᠴᠡᠩᠭᠦᠢ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠣᠭᠤᠮᠲᠠ ᠰᠢᠪᠲᠤᠯᠬᠤ︾ ᠢᠨᠵᠧᠨᠧᠷᠢᠩ ᠢ ᠬᠦᠴᠦᠨ ᠢᠶᠠᠨ ᠲᠥᠪᠯᠡᠷᠡᠭᠦᠯᠦᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠵᠠᠮ ᠢ ᠵᠣᠷᠢᠭᠲᠠᠢ ᠪᠠᠷ ᠨᠡᠭᠡᠭᠡᠵᠦ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠬᠡᠷᠡᠭᠲᠡᠢ ᠭᠡᠪᠡ᠃      ᠳ᠋ᠦ᠋ ᠬᠤᠢ ᠯᠢᠶᠠᠩ᠂ ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠲᠠᠯ᠎ᠠ ᠪᠠᠷ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠣᠯᠣᠨ ᠠᠵᠢᠯ ᠤᠨ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠪᠦᠬᠦ ᠤᠯᠤᠰ ᠤᠨ ᠶᠡᠭᠡ ᠲᠠᠯ᠎ᠠ ᠪᠣᠯᠣᠨ ᠠᠵᠢᠯ ᠲᠦᠷᠦᠯ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ᠃ ᠥᠨᠳᠥᠷ ᠴᠢᠳᠠᠪᠤᠷᠢ ᠲᠡᠰ ᠤᠨ ᠲᠠᠪᠴᠠᠩ ᠤᠨ ᠪᠠᠶᠢᠭᠤᠯᠤᠯᠲᠠ ᠳᠡᠭᠡᠷ᠎ᠡ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠡᠯ᠎ᠡ ᠲᠦᠷᠦᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠥᠭᠵᠢᠨ ᠪᠤᠵᠠᠭᠠᠶᠢᠷᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠨᠡᠩ ᠤᠯᠠᠨ ︽ᠤᠯᠤᠰ ᠤᠨ ᠨᠡᠷᠡᠮᠵᠢᠲᠦ︾ ︽ᠥᠪᠥᠷ ᠮᠣᠩᠭᠤᠯ ᠨᠡᠷᠡᠮᠵᠢᠲᠦ︾ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠣᠯᠣᠨ ᠰᠤᠳᠤᠯᠭᠠᠨ ᠤ ᠲᠦᠷᠦᠯ ᠵᠦᠢᠯ ᠢ ᠴᠢᠷᠮᠠᠶᠢᠨ ᠡᠭᠦᠳᠬᠦ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠠᠯ᠎ᠠ ᠪᠠᠷ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠰᠢᠨᠵᠢᠯᠡᠬᠦ ᠤᠬᠠᠭᠠᠨᠲᠠᠨ᠂ ᠠᠵᠤ ᠠᠬᠤᠶᠢᠯᠠᠯᠲᠠᠨ ᠤ ᠬᠠᠮᠵᠢᠯᠴᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠰᠢᠨ᠎ᠡ ᠶᠢ ᠡᠭᠦᠳᠬᠦ ᠭᠤᠣᠯ ᠴᠣᠭᠴᠠ ᠶᠢ ᠪᠣᠶᠢᠵᠢᠭᠤᠯᠬᠤ ᠲᠠᠯ᠎ᠠ ᠪᠠᠷ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ︽ᠭᠤᠷᠪᠠ ᠶᠢ ᠦᠭᠡᠶᠢᠰᠭᠡᠬᠦ︾ ︽ᠬᠤᠶᠠᠷ ᠢ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠡᠷᠢᠭᠦᠨ ᠲᠤᠰᠢᠶᠠᠯᠲᠠᠨ ᠪᠣᠯᠬᠤ ᠶᠢ ᠠᠬᠢᠭᠤᠯᠬᠤ ᠬᠡᠷᠡᠭᠲᠡᠢ᠃ ᠴᠢᠳᠠᠪᠤᠷᠢᠲᠠᠨ ᠤ ᠬᠥᠭᠵᠢᠯᠲᠡ ᠶᠢᠨ ᠥᠨᠳᠦᠷᠯᠢᠭ ᠭᠠᠵᠠᠷ ᠢ ᠪᠦᠲᠦᠭᠡᠨ ᠪᠠᠶᠢᠭᠤᠯᠬᠤ ᠳᠡᠭᠡᠷ᠎ᠡ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠢᠳᠠᠪᠤᠷᠢᠲᠠᠨ ᠢ ᠤᠷᠢᠨ ᠠᠪᠴᠢᠷᠠᠵᠤ ᠬᠡᠷᠡᠭᠯᠡᠬᠦ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠢᠳᠠᠪᠤᠷᠢᠲᠠᠨ ᠤ ᠬᠥᠭᠵᠢᠯᠲᠡ ᠶᠢᠨ ᠨᠥᠬᠦᠷᠰᠡᠭ ᠬᠡᠯᠪᠡᠷᠢ ᠶᠢᠨ ᠬᠤᠳᠠ ᠶᠢ ᠲᠥᠷᠭᠡᠳᠭᠡᠨ ᠪᠦᠲᠦᠭᠡᠨ ᠪᠠᠶᠢᠭᠤᠯᠬᠤ ᠬᠡᠷᠡᠭᠲᠡᠢ᠃ ᠲᠡᠷᠢᠭᠦᠨ ᠤ ᠰᠢᠨ᠎ᠡ ᠶᠢ ᠡᠭᠦᠳᠬᠦ ᠠᠮᠢ ᠠᠬᠤᠢ ᠶᠢ ᠪᠠᠶᠢᠭᠤᠯᠬᠤ ᠲᠠᠯ᠎ᠠ ᠪᠠᠷ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠪᠦᠬᠦ ᠬᠦᠴᠦᠨ ᠢᠶᠠᠷ ᠢᠶᠠᠨ ᠪᠡᠯᠡ ᠣᠷᠣᠭᠤᠯᠤᠯᠲᠠ ᠶᠢ ᠠᠳᠬᠤᠵᠤ᠂ ᠥᠭᠡᠷᠡᠴᠢᠯᠡᠯᠲᠡ ᠶᠢ ᠠᠳᠬᠤᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠶᠢ ᠠᠳᠬᠤᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠬᠤ ᠲᠠᠯ᠎ᠠ ᠪᠠᠷ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠰᠠᠶᠢᠨ ᠦᠢᠯᠡᠴᠢᠯᠡᠭᠴᠢ ᠪᠣᠯᠵᠤ᠂ ᠠᠵᠤ ᠠᠬᠤᠶᠢᠯᠠᠯ ᠤᠨ ᠬᠢᠨ ᠭᠤᠣᠯ ᠬᠦᠴᠦᠨ ᠪᠣᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠬᠢᠨ ᠪᠣᠭᠤᠮᠲᠠ ᠰᠢᠪᠲᠤᠯᠤᠭᠴᠢ ᠪᠣᠯᠵᠤ᠂ ᠶᠡᠭᠡ ᠳᠡᠭᠡᠳᠦ ᠰᠤᠷᠭᠠᠭᠤᠯᠢ ᠶᠢᠨ ᠎ ᠬᠢᠨ ᠰᠢᠨ᠎ᠡ ᠬᠦᠴᠦᠨ ᠪᠣᠯᠬᠤ ᠬᠡᠷᠡᠭᠲᠡᠢ ᠭᠡᠪᠡ᠃      ᠳ᠋ᠦ᠋ ᠬᠤᠢ ᠯᠢᠶᠠᠩ᠂ ᠤᠯᠠᠨ ᠢᠶᠠᠷ ᠢᠶᠠᠨ ᠰᠢᠨᠵᠢᠯᠡᠬᠦ ᠤᠬᠠᠭᠠᠨᠲᠠᠨ᠂ ᠰᠤᠷᠭᠠᠨ ᠬᠥᠮᠦᠵᠢᠯ ᠤᠨ ᠵᠢᠳᠬᠦᠯᠲᠡᠨ ᠪᠣᠯᠣᠨ ᠰᠢᠯᠢᠳᠡᠭ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠣᠨ ︽ᠤᠮᠠᠷᠠᠲᠤ ᠶᠢᠨ ᠭᠤᠷᠪᠠᠨ ᠣᠷᠣᠨ︾᠎ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠪᠠᠷ ᠲᠡᠷᠢᠭᠦᠨ ᠪᠣᠯᠬᠤ ᠪᠠᠷ ᠴᠢᠷᠮᠠᠶᠢᠵᠤ᠂ ᠰᠢᠨ᠎ᠡ ᠶᠢ ᠡᠭᠦᠳᠬᠦ ᠶᠢ ᠲᠥᠯᠥᠪᠵᠢᠭᠦᠯᠵᠦ᠂ ᠲᠡᠷᠢᠭᠦᠨ ᠳᠤᠨᠢ ᠣᠷᠣᠬᠤ ᠪᠠᠷ ᠮᠡᠷᠡᠶᠢᠵᠦ᠂ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠵᠤ᠂ ᠳᠤᠯᠠᠭᠠᠨ ᠬᠤᠳᠠ ᠳᠤ ᠨᠤᠲᠤᠭᠰᠢᠵᠤ᠂ ᠴᠠᠭ ᠦᠶ᠎ᠡ ᠳᠤ ᠬᠤᠪᠢ ᠨᠡᠮᠡᠷᠢ ᠦᠵᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠳᠣᠰ ᠤᠨ ᠬᠠᠭᠤᠳᠠᠰᠤ ᠶᠢ ᠪᠢᠴᠢᠭᠯᠡᠬᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃      ᠶᠠᠷᠢᠯᠴᠠᠬᠤ ᠬᠤᠷᠠᠯ ᠳᠡᠭᠡᠷ᠎ᠡ᠂ ᠶᠢᠨ ᡁᠢ ᠵᠢᠶᠦ᠋ᠨ᠂ ᠦ᠋ ᠴᠢᠶᠠᠩ᠂ ᠸᠧᠢ ᠹᠧᠢ ᠵᠡᠷᠭᠡ ᠠᠺᠠᠳᠧᠮᠢᠴᠢ ᠲᠤᠰᠬᠠᠢ ᠮᠡᠷᠭᠡᠵᠢᠯᠲᠡᠨ ᠵᠢᠴᠢ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠤᠨ ᠲᠥᠯᠥᠭᠡᠯᠡᠭᠴᠢ ᠦᠭᠡ ᠬᠡᠯᠡᠵᠦ᠂ ᠬᠤᠲᠠ ᠶᠢᠨ ᠤᠳᠤᠷᠢᠳᠤᠯᠭ᠎ᠠ ᠭᠤᠣ ᠸᠧᠨ ᠾᠧ᠂ ᠵᠠᠩ ᠰᠢᠸ ᠯᠢᠩ ᠬᠤᠷᠠᠯ ᠳᠤ ᠣᠷᠤᠯᠴᠠᠪᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ