ᠲᠣᠰ ᠭᠠᠷᠠᠭ ᠲᠤ ᠣᠯᠠᠨ ᠤᠯᠤᠰ ᠤᠨ ᠰᠤᠳᠤᠯᠭᠠᠲᠠᠳ ᠤᠨ ᠬᠠᠮᠲᠤ ᠪᠠᠷ ᠨᠡᠶᠢᠲᠡᠯᠡᠭᠰᠡᠨ ᠰᠤᠳᠤᠯᠭᠠᠨ ᠤ ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ ᠪᠥᠬᠦ | ᠪᠥᠮᠪᠥᠷᠴᠡᠭ ᠤᠨ ᠳᠤᠯᠠᠭᠠᠷᠠᠬᠤ ᠬᠠᠨᠳᠤᠰᠢ ᠠᠴᠠ ᠪᠣᠯᠤᠭᠰᠠᠨ ᠬᠤᠶᠠᠷ ᠲᠦᠢᠯ ᠤᠨ ᠮᠥᠰᠥ ᠴᠠᠰᠤᠨ ᠤ ᠬᠠᠶᠢᠯ ᠨᠢ ᠳᠡᠯᠡᠬᠡᠶ ᠶᠢᠨ ᠪᠥᠮᠪᠥᠷᠴᠡᠭ ᠤᠨ ᠡᠷᠭᠢᠯᠲᠡ ᠶᠢᠨ | ᠬᠤᠷᠳᠤᠴᠠ ᠶᠢ ᠲᠦᠷᠭᠡᠳᠬᠡᠵᠦ᠂ ᠳᠡᠯᠡᠬᠡᠶ ᠶᠢᠨ ᠪᠥᠮᠪᠥᠷᠴᠡᠭ ᠳᠡᠭᠡᠷᠡᠬᠢ ︽ᠨᠢᠭᠡ ᠡᠳᠦᠷ︾ ᠨᠢ ᠪᠠᠰᠠ ᠡᠭᠦᠨ ᠠᠴᠠ ᠪᠣᠯᠵᠣ ᠣᠷᠳᠣ ᠪᠤᠯᠵᠤ ᠪᠤᠢ᠃ ᠠᠮᠧᠷᠢᠺᠠ ᠶᠢᠨ | ︽ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠳᠡᠮ ᠰᠢᠨᠵᠢᠯᠡᠭᠡᠨ ᠤ ᠰᠡᠳᠬᠦᠯ︾ ᠤᠨ 15 ᠤ ᠡᠳᠦᠷ ᠨᠡᠶᠢᠲᠡᠯᠡᠭᠰᠡᠨ ᠬᠠᠮᠢᠶ᠎ᠠ ᠪᠥᠬᠦᠶ ᠰᠤᠳᠤᠯᠭᠠᠨ ᠤ | ᠮᠡᠳᠡᠭᠦᠯᠦᠯᠲᠡ ᠠᠴᠠ ᠦᠵᠡᠪᠡᠯ᠂ ᠭᠷᠢᠨᠯᠠᠨᠳ᠋ ᠠᠷᠠᠯ ᠪᠣᠯᠤᠨ ᠡᠮᠦᠨᠡᠲᠦ ᠲᠦᠢᠯ ᠵᠡᠷᠭᠡ ᠭᠠᠵᠠᠷ ᠤᠨ ᠮᠥᠰᠥ ᠴᠠᠰᠤ ᠲᠦᠷᠭᠡᠨ ᠬᠠᠶᠢᠯᠵᠤ᠂ ᠳᠡᠯᠡᠬᠡᠶ ᠶᠢᠨ | ᠪᠥᠮᠪᠥᠷᠴᠡᠭ ᠤᠨ ᠪᠦᠰᠡᠯᠡᠭᠦᠷ ᠣᠷᠴᠢᠮ ᠤᠨ ᠲᠡᠯᠡᠶ ᠶᠢᠨ ᠤᠰᠤ ᠨᠡᠮᠡᠭᠳᠡᠭᠰᠡᠨ ᠢᠶᠠᠷ ᠳᠡᠯᠡᠬᠡᠶ ᠶᠢᠨ ᠪᠥᠮᠪᠥᠷᠴᠡᠭ ᠤᠨ ᠥᠪᠡᠷ ᠤᠨ ᠬᠢᠨᠢ ᠡᠷᠭᠢᠯᠲᠡ ᠤᠳᠠᠭᠠᠨ ᠪᠤᠯᠵᠤ | ᠪᠠᠶᠢᠨ᠎ᠠ᠃ ᠰᠤᠳᠤᠯᠭᠠᠲᠠᠳ ᠤᠨ ᠵᠢᠱᠢᠭᠰᠡᠨ ᠢᠶᠠᠷ᠂ ᠪᠥᠬᠦ ᠪᠥᠮᠪᠥᠷᠴᠡᠭ ᠤᠨ ᠳᠤᠯᠠᠭᠠᠷᠠᠬᠤ ᠬᠠᠨᠳᠤᠰᠢ ᠨᠢ ᠬᠡᠷᠪᠡ ᠬᠠᠮᠤᠭ ᠤᠨ ᠮᠠᠭᠤ ᠪᠠᠶᠢᠳᠠᠯ ᠢᠶᠠᠷ ᠬᠥᠭᠵᠢᠪᠡᠯ᠂ | 2100 ᠤᠨ ᠠᠴᠠ ᠡᠮᠦᠨ᠎ᠡ᠂ ᠳᠡᠯᠡᠬᠡᠶ ᠶᠢᠨ ᠪᠥᠮᠪᠥᠷᠴᠡᠭ ᠳᠡᠭᠡᠷᠡᠬᠢ ᠨᠢᠭᠡ ᠡᠳᠦᠷ 2.62 ᠪᠢᠴᠢᠯ ᠰᠧᠺᠦ᠋ᠨ᠋ᠳ᠋ ᠣᠷᠴᠢᠮ ᠨᠡᠮᠡᠭᠳᠡᠬᠦ ᠪᠣᠯᠤᠨ᠎ᠠ᠃ ᠬᠥᠮᠦᠰ ᠤᠨ | ᠡᠳᠦᠷ ᠲᠤᠲᠤᠮ ᠤᠨ ᠠᠮᠢᠳᠤᠷᠠᠯ ᠳᠤ ᠠᠪᠴᠤ ᠬᠡᠯᠡᠪᠡᠯ᠂ ᠨᠢᠭᠡ ᠡᠳᠦᠷ ᠬᠡᠳᠦᠨ ᠪᠢᠴᠢᠯ ᠰᠧᠺᠦ᠋ᠨ᠋ᠳ᠋ ᠨᠡᠮᠡᠭᠳᠡᠬᠦ ᠨᠢ ᠶᠠᠮᠠᠷ ᠴᠤ ᠨᠥᠯᠥᠭᠡ ᠪᠣᠯᠬᠤ ᠥᠬᠡᠶ᠂ ᠬᠡᠪᠡᠴᠦ | ᠲᠡᠶᠢᠷᠦᠯᠲᠦ ᠰᠤᠮᠤ ᠬᠠᠷᠪᠤᠬᠤ᠂ ᠪᠥᠬᠦ ᠪᠥᠮᠪᠥᠷᠴᠡᠭ ᠤᠨ ᠪᠠᠶᠢᠷᠢ ᠲᠣᠭᠲᠠᠭᠠᠬᠤ ᠰᠢᠰᠲ᠋ᠧᠮ ᠵᠡᠷᠭᠡ ᠳᠡᠭᠡᠳᠦ ᠨᠠᠷᠢᠯᠢᠭ ᠮᠡᠷᠭᠡᠵᠢᠯ ᠤᠨ ᠬᠡᠷᠡᠭᠯᠡᠯᠲᠡ ᠳᠤ ᠠᠪᠴᠤ ᠬᠡᠯᠡᠪᠡᠯ᠂ | ᠬᠡᠳᠦᠨ ᠪᠢᠴᠢᠯ ᠰᠧᠺᠦ᠋ᠨ᠋ᠳ᠋ ᠤᠨ ᠵᠥᠷᠢᠶ᠎ᠡ ᠨᠢ ᠬᠦᠨᠳᠦ ᠶᠡᠭᠡ ᠠᠯᠳᠠᠰᠢ ᠭᠠᠷᠭᠠᠵᠤ ᠮᠡᠳᠡᠨ᠎ᠡ ᠬᠡᠪᠡ᠃ | |