ᠳᠣᠯᠠᠭᠠᠨ ᠬᠤᠲᠠ ᠬᠤᠨᠳᠠᠭᠠᠳᠤ · 2024 ︵ᠬᠤᠶᠠᠳᠤᠭᠠᠷ ᠬᠤᠭᠤᠴᠠᠭ᠎ᠠ︶ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠣᠷᠳᠣᠰ ᠤᠨ ᠥᠷᠢᠰᠦᠯᠳᠦᠭᠡᠨᠲᠦ ᠤᠷᠤᠯᠳᠤᠭᠠᠨ ᠵᠢᠴᠢ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠳᠡᠭᠡ ᠪᠠᠭᠤᠯᠭᠠᠬᠤ ᠠᠵᠢᠯᠯᠠᠭ᠎ᠠ ᠶᠠᠪᠤᠭᠳᠠᠪᠠ ᠳ᠋ᠦ᠋ ᠬᠤᠢ ᠯᠢᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠤ ᠬᠠᠮᠲᠤ ᠤᠷᠤᠯᠳᠤᠭᠠᠨ ᠡᠬᠢᠯᠡᠭᠰᠡᠨ ᠢ ᠵᠠᠷᠯᠠᠪᠠ
ᠨᠡᠶᠢᠲᠡᠯᠡᠭᠰᠡᠨ ᠴᠠᠭ᠄
2024/7/23
    ᠣᠶᠢᠷ᠎ᠠ ᠶᠢᠨ ᠡᠳᠦᠷ᠂ ᠳᠣᠯᠠᠭᠠᠨ ᠬᠤᠲᠠ ᠬᠤᠨᠳᠠᠭᠠᠲᠤ · 2024 ︵ᠬᠤᠶᠠᠳᠤᠭᠠᠷ ᠬᠤᠭᠤᠴᠠᠭ᠎ᠠ︶ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠣᠷᠳᠣᠰ ᠤᠨ ᠥᠷᠢᠰᠦᠯᠳᠦᠭᠡᠨᠲᠦ ᠤᠷᠤᠯᠳᠤᠭᠠᠨ ᠵᠢᠴᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠳᠡᠭᠡ ᠪᠠᠭᠤᠯᠭᠠᠬᠤ ᠠᠵᠢᠯᠯᠠᠭ᠎ᠠ ᠡᠬᠢᠯᠡᠪᠡ᠃ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠬᠤᠳᠠ ᠶᠢᠨ ᠲᠠᠷᠤᠭ᠎ᠠ ᠳ᠋ᠦ᠋ ᠬᠤᠢ ᠯᠢᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠤ ᠬᠠᠮᠲᠤ ᠤᠷᠤᠯᠳᠤᠭᠠᠨ ᠡᠬᠢᠯᠡᠭᠰᠡᠨ ᠢ ᠵᠠᠷᠯᠠᠪᠠ᠃ ᠳᠤᠮᠳᠠᠳᠤ ᠤᠯᠤᠰ ᠤᠨ ᠮᠠᠰᠢᠨ ᠮᠧᠬᠠᠨᠢᠭ ᠤᠨ ᠠᠵᠤ ᠦᠢᠯᠡᠳᠪᠦᠷᠢ ᠶᠢᠨ ᠬᠤᠯᠪᠣᠭᠠᠲᠤ ᠬᠤᠷᠠᠯ ᠤᠨ ᠭᠦᠢᠴᠡᠳᠬᠡᠭᠴᠢ ᠳᠡᠳ᠋ ᠳᠠᠷᠤᠭ᠎ᠠ ᠯᠦᠸᠧ ᠵᠢᠶᠦ᠋ᠨ ᠵᠢᠶᠧ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠲᠤᠨᠤᠭ ᠲᠥᠬᠦᠭᠡᠷᠦᠮᠵᠢ ᠶᠢᠨ ᠨᠢᠭᠡᠳᠦᠭᠡᠷ ᠵᠤᠷᠭᠠᠨ ᠤ ᠮᠠᠰᠢᠨ ᠲᠡᠷᠭᠡᠨ ᠤ ᠬᠥᠭᠵᠢᠯᠲᠡ ᠶᠢᠨ ᠭᠠᠵᠠᠷ ᠤᠨ ᠳᠡᠳ᠋ ᠳᠠᠷᠤᠭ᠎ᠠ ᠴᠧᠨ ᠸᠠᠨ ᠵᠢᠢ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠳᠡᠳ᠋ ᠳᠠᠷᠤᠭ᠎ᠠ ᠬᠤᠤ ᠷᠦᠢ ᠹᠧᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠯᠢᠦ ᠫᠧᠩ ᠹᠸᠢ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠧᠨ ᠬᠤᠸᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠳᠤᠮᠳᠠᠳᠤ ᠤᠯᠤᠰ ᠤᠨ ᠮᠠᠰᠢᠨ ᠲᠡᠷᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠹᠦ᠋ ᠪᠢᠩ ᠹᠧᠩ᠂ ᠬᠤᠲᠠ ᠶᠢᠨ ᠳᠡᠳ᠋ ᠳᠠᠷᠤᠭ᠎ᠠ ᠦ᠋ ᠵᠢᠶᠠᠨ ᠰᠢᠶᠦ᠋ᠨ ᠲᠤᠰ ᠲᠤᠰ ᠪᠠᠶᠠᠷ ᠤᠨ ᠦᠭᠡ ᠬᠡᠯᠡᠪᠡ᠃
图片1.png
    ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠳᠡᠭᠡᠷ᠎ᠡ᠂ ᠬᠢᠨᠠᠭᠴᠢ᠂ ᠤᠷᠤᠯᠳᠤᠭᠠᠨ ᠳᠤ ᠣᠷᠣᠯᠴᠠᠭᠰᠠᠳ ᠤᠨ ᠲᠥᠯᠥᠭᠡᠯᠡᠭᠴᠢ ᠲᠤᠰ ᠲᠤᠰ ᠲᠠᠩᠭᠠᠷᠢᠭᠯᠠᠪᠠ᠃ ᠲᠠᠺᠯᠢᠮᠠᠺᠠᠨ ᠡᠯᠡᠰᠦ ᠶᠢ ᠲᠣᠭᠤᠷᠢᠬᠤ ᠤᠷᠤᠯᠳᠤᠭᠠᠨ ᠤ ᠮᠠᠩᠯᠠᠢ ᠲᠡᠷᠭᠡᠨ ᠠᠩᠭᠢ ᠶᠢᠨ ᠲᠥᠯᠥᠭᠡᠯᠡᠭᠴᠢᠳ ᠲᠤ ᠪᠡᠯᠡᠭ ᠬᠦᠷᠭᠡᠪᠡ᠃ ᠲᠤᠬᠠᠶ ᠶᠢᠨ ᠲᠠᠯᠠᠪᠠᠶ ᠳᠤ ᠪᠠᠰᠠ ᠤᠷᠤᠯᠳᠤᠭᠠᠨ ᠳᠤ ᠣᠷᠣᠯᠴᠠᠬᠤ ᠮᠠᠰᠢᠨ ᠲᠡᠷᠭᠡᠨ ᠤ ᠲᠥᠷᠥᠯ ᠲᠡᠮᠲᠡᠭᠲᠦ ᠶᠢ ᠳᠡᠯᠭᠡᠨ ᠦᠵᠡᠭᠦᠯᠵᠤ᠂ ᠮᠠᠰᠢᠨ ᠲᠡᠷᠭᠡᠨ ᠤ ᠣᠨᠴᠠ ᠮᠡᠷᠭᠡᠵᠢᠯ ᠤᠨ ᠲᠣᠭᠯᠠᠯᠲᠠ ᠭᠠᠷᠭᠠᠵᠠᠢ᠃ ᠳᠠᠷᠠᠭ᠎ᠠ ᠨᠢ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠣᠷᠳᠣᠰ ᠬᠤᠲᠠ ᠶᠢᠨ ᠰᠢᠨ᠎ᠡ ᠡᠨᠧᠷᠭᠢ ᠶᠢᠨ ᠮᠠᠰᠢᠨ ᠲᠡᠷᠭᠡ ᠪᠣᠷᠣᠯᠠᠭᠤᠯᠬᠤ ᠲᠥᠪ ᠲᠤ ᠬᠦᠷᠴᠦ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠳᠡᠭᠡ ᠪᠠᠭᠤᠯᠭᠠᠬᠤ ᠠᠵᠢᠯᠯᠠᠭ᠎ᠠ ᠶᠢ ᠬᠠᠮᠲᠤ ᠪᠠᠷ ᠡᠬᠢᠯᠡᠭᠦᠯᠦᠭᠰᠡᠨ ᠪᠥᠭᠡᠳ ᠦᠵᠡᠭᠦᠯᠭᠡ ᠶᠢ ᠲᠣᠭᠤᠷᠢᠨ ᠦᠵᠡᠪᠡ᠃    ᠲᠣᠰ ᠤᠳᠠᠭᠠᠨ ᠤ ᠠᠵᠢᠯᠯᠠᠭ᠎ᠠ ᠶᠢ ᠳᠤᠮᠳᠠᠳᠤ ᠤᠯᠤᠰ ᠤᠨ ᠮᠠᠰᠢᠨ ᠲᠡᠷᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠪᠡ᠃ ᠥᠷᠢᠰᠦᠯᠳᠦᠭᠡᠨᠲᠦ ᠤᠷᠤᠯᠳᠤᠭᠠᠨ ᠨᠢ ︽ᠪᠤᠬᠢᠷᠳᠤᠯ ᠦᠭᠡᠢ ᠳᠤᠯᠠᠭᠠᠨ ᠬᠤᠲᠠ ᠶᠢ ᠪᠦᠲᠦᠭᠡᠨ ᠪᠠᠶᠢᠭᠤᠯᠵᠤ ᠣᠶᠤᠨᠴᠢ ᠠᠶᠠᠯᠠᠯ ᠢ ᠡᠳ᠋᠊ᠯᠡᠶ᠎ᠡ︾ ᠭᠡᠬᠦ ᠪᠠᠷ ᠭᠤᠣᠯ ᠰᠡᠳᠦᠪ ᠪᠤᠯᠭᠠᠵᠤ᠂ ᠤᠷᠤᠯᠳᠤᠭᠠᠨ ᠳᠤ ᠲᠡᠰᠪᠦᠷᠢᠲᠦ ᠬᠦᠴᠦᠨ ᠤ ᠤᠷᠤᠯᠳᠤᠭᠠᠨ᠂ ᠰᠠᠭᠠᠳ‌‍ᠲ᠋ᠠᠪᠠᠭ᠋ᠤ ᠤᠷᠤᠯᠳᠤᠭᠠᠨ ᠵᠡᠷᠭᠡ ᠣᠯᠠᠨ ᠤᠷᠤᠯᠳᠤᠭᠠᠨ ᠤ ᠲᠥᠷᠥᠯ ᠵᠦᠢᠯ ᠢ ᠲᠣᠬᠢᠷᠠᠭᠤᠯᠵᠤ᠂ 25 ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠠᠬᠤᠶᠢᠯᠠᠯ᠂ 34 ᠲᠤᠰᠬᠠᠶ ᠮᠡᠷᠭᠡᠵᠢᠯ ᠤᠨ ᠤᠷᠤᠯᠳᠤᠭᠴᠢ ᠤᠷᠤᠯᠳᠤᠭᠠᠨ ᠳᠤ ᠣᠷᠣᠯᠴᠠᠵᠤ᠂ ᠤᠷᠤᠯᠳᠤᠭᠠᠨ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠪᠠ᠃ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠳᠡᠭᠡ ᠪᠠᠭᠤᠯᠭᠠᠬᠤ ᠠᠵᠢᠯᠯᠠᠭ᠎ᠠ ᠨᠢ ︽ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠣᠶᠣᠨᠴᠢ᠂ ᠠᠮᠤᠷ ᠳᠥᠪᠰᠢᠨ — ᠰᠢᠨ᠎ᠡ ᠠᠮᠢᠳᠤᠷᠠᠯ ᠳᠤ ᠬᠦᠴᠦᠨ ᠣᠯᠭᠤᠵᠤ ᠰᠢᠨ᠎ᠡ ᠠᠶᠠᠯᠠᠯ ᠢ ᠡᠳ᠋᠊ᠯᠡᠶ᠎ᠡ︾ ᠭᠡᠬᠦ ᠪᠠᠷ ᠭᠤᠣᠯ ᠰᠡᠳᠦᠪ ᠪᠤᠯᠭᠠᠵᠤ᠂ 20 ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡᠨ ᠤ ᠠᠵᠤ ᠠᠬᠤᠶᠢᠯᠠᠯ ᠤᠨ 28 ᠬᠡᠯᠪᠡᠷᠢ ᠶᠢᠨ ᠮᠠᠰᠢᠨ ᠲᠡᠷᠭᠡ ᠪᠠ 5 ᠰᠢᠨ᠎ᠡ ᠡᠨᠧᠷᠭᠢ ᠶᠢᠨ ᠬᠤᠳᠠᠯᠳᠤᠭᠠᠨ ᠤ ᠮᠠᠰᠢᠨ ᠲᠡᠷᠭᠡᠨ ᠤ ᠠᠵᠤ ᠠᠬᠤᠶᠢᠯᠠᠯ ᠤᠨ 6 ᠬᠡᠯᠪᠡᠷᠢ ᠶᠢᠨ ᠮᠠᠰᠢᠨ ᠲᠡᠷᠭᠡ ᠦᠵᠡᠭᠦᠯᠭᠡ ᠳᠤ ᠣᠷᠣᠯᠴᠠᠪᠠ᠃
图片2.png
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ