ᠰᠢᠨᠬᠤᠸᠠ ᠬᠤᠷᠢᠶᠠᠨ ᠤ ᠮᠡᠳᠡᠭᠡ ᠮᠠᠨ ᠤ ᠤᠯᠤᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠠᠭᠠᠳᠬᠠᠯ ᠤᠨ ᠰᠢᠰᠲ᠋ᠧᠮ ᠤᠨ ᠭᠤᠷᠪᠠᠳᠤᠭᠠᠷ | ᠲᠤᠯᠭᠠᠭᠤᠷᠢ ᠶᠢᠨ ᠴᠢᠬᠤᠯᠠ ᠳᠦᠷᠢᠮ ᠤᠨ ᠵᠢᠷᠤᠭ ᠲᠥᠯᠥᠪᠯᠡᠭᠡ ᠪᠣᠯᠤᠭᠰᠠᠨ ᠤ ᠬᠤᠪᠢ ᠳᠤ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ | ᠳᠦᠷᠢᠮ ᠢ 36 ᠬᠤᠲᠠ ᠪᠠ ᠭᠠᠵᠠᠷ ᠣᠷᠣᠨ ᠳᠤ ᠤᠷᠢᠳᠠᠪᠠᠷ ᠬᠡᠷᠡᠭᠵᠢᠭᠦᠯᠦᠭᠡᠳ ᠨᠢᠭᠡᠨᠲᠡ ᠵᠢᠯ ᠭᠠᠷᠤᠢ ᠪᠣᠯᠵᠠᠢ᠃ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠣᠳᠣᠬᠠᠨ ᠳᠤ ᠨᠢᠭᠡᠨᠲᠡ 6000 ᠭᠠᠷᠤᠢ ᠲᠦᠮᠡᠨ | ᠬᠥᠮᠥᠨ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠡᠩᠰᠠᠨ ᠡᠷᠦᠬᠡ ᠶᠢ ᠨᠡᠭᠡᠭᠡᠭᠰᠡᠨ ᠪᠠᠶᠢᠨ᠎ᠠ᠃ ᠤᠯᠤᠰ ᠤᠨ ᠨᠡᠶᠢᠭᠡᠮ ᠤᠨ ᠳᠠᠭᠠᠳᠬᠠᠯ ᠤᠨ | ᠤᠯᠠᠨ ᠨᠠᠶᠢᠳᠠ ᠶᠢᠨ ᠦᠢᠯᠡᠴᠢᠯᠡᠭᠡᠨ ᠤ ᠲᠠᠪᠴᠠᠩ ᠤᠨ ᠨᠡᠶᠢᠲᠡᠯᠡᠭᠰᠡᠨ ᠮᠡᠳᠡᠭᠡ ᠵᠠᠩᠭᠢ ᠠᠴᠠ ᠦᠵᠡᠪᠡᠯ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ | ᠮᠥᠩᠭᠦ ᠶᠢᠨ ᠲᠤᠰᠬᠠᠢ ᠵᠦᠢᠯ ᠤᠨ ᠦᠢᠯᠡᠳᠬᠦᠨ ᠳᠤ ᠬᠥᠷᠥᠩᠭᠡ ᠠᠬᠤᠶᠢᠯᠠᠬᠤ᠂ ᠬᠠᠳᠠᠭᠠᠯᠠᠮᠵᠢ᠂ ᠳᠠᠭᠠᠳᠬᠠᠯ᠂ ᠰᠠᠭᠤᠷᠢ ᠮᠥᠩᠭᠦ ᠵᠡᠷᠭᠡ ᠳᠥᠷᠪᠡᠨ ᠲᠥᠷᠥᠯ | ᠪᠠᠭᠲᠠᠨ᠎ᠠ᠃ ᠣᠲᠣ ᠪᠣᠯᠲᠠᠯ᠎ᠠ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠤᠰᠬᠠᠢ ᠵᠦᠢᠯ ᠤᠨ ᠦᠢᠯᠡᠳᠬᠦᠨ 762 ᠪᠠᠶᠢᠵᠤ᠂ ᠡᠭᠦᠨ ᠳᠤ | ᠬᠠᠳᠠᠭᠠᠯᠠᠮᠵᠢ ᠶᠢᠨ ᠦᠢᠯᠡᠳᠬᠦᠨ 465᠂ ᠰᠠᠭᠤᠷᠢ ᠮᠥᠩᠭᠦ ᠶᠢᠨ ᠦᠢᠯᠡᠳᠬᠦᠨ 192᠂ ᠳᠠᠭᠠᠳᠬᠠᠯ ᠤᠨ ᠦᠢᠯᠡᠳᠬᠦᠨ 82᠂ ᠬᠥᠷᠥᠩᠭᠡ ᠠᠬᠤᠶᠢᠯᠠᠬᠤ | ᠦᠢᠯᠡᠳᠬᠦᠨ 23 ᠪᠤᠢ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠨᠢ ᠠᠳᠠᠯᠢ | ᠪᠤᠰᠤ ᠨᠠᠰᠤᠨ ᠤ ᠬᠥᠮᠥᠰ ᠢ ᠲᠠᠲᠠᠬᠤ ᠬᠦᠴᠦᠨ ᠨᠢ ᠠᠳᠠᠯᠢ ᠪᠤᠰᠤ ᠶᠢᠨ ᠪᠠᠶᠢᠳᠠᠭ᠃ 31 ᠨᠠᠰᠤᠨ ᠠᠴᠠ 40 ᠨᠠᠰᠤᠨ ᠤ ᠬᠤᠭᠤᠷᠤᠨᠳᠤᠬᠢ ᠳᠤᠮᠳᠠ ᠪᠠ ᠥᠨᠳᠥᠷ | ᠣᠷᠣᠯᠭ᠎ᠠ ᠲᠠᠢ ᠬᠥᠮᠥᠰ ᠪᠣᠯ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠤᠨ ᠳᠠᠩᠰᠠᠨ ᠡᠷᠦᠬᠡ ᠨᠡᠭᠡᠭᠡᠬᠦ᠂ ᠰᠦᠢᠳᠬᠡᠯ ᠲᠤᠰᠢᠶᠠᠬᠤ ᠪᠠ | ᠦᠢᠯᠡᠳᠬᠦᠨ ᠬᠤᠳᠠᠯᠳᠤᠨ ᠠᠪᠬᠤ ᠭᠤᠣᠯ ᠬᠦᠴᠦᠨ ᠮᠥᠨ᠂ ᠲᠡᠳᠡᠨ ᠤ ᠠᠩᠬᠠᠷᠤᠯ ᠢ ᠲᠠᠲᠠᠵᠤ ᠪᠠᠶᠢᠭ᠎ᠠ ᠭᠤᠣᠯ ᠰᠢᠯᠲᠠᠭᠠᠨ ᠪᠣᠯ ︽ᠠᠵᠢᠯ ᠤᠨ ᠠᠮᠠᠷᠠᠯᠲᠠ ᠪᠠᠨ | ᠠᠪᠴᠤ ᠨᠠᠰᠤᠵᠢᠯ ᠤᠨ ᠠᠰᠠᠷᠠᠮᠵᠢ ᠳᠠᠭᠠᠨ ᠪᠡᠯᠡᠳᠬᠡᠯ ᠬᠢᠬᠦ︾ ᠪᠠ ︽ᠭᠠᠶᠢᠯᠢ ᠶᠢ ᠲᠤᠯᠭᠠᠨ ᠥᠭᠬᠦ︾ ᠶᠠᠪᠤᠳᠠᠯ ᠪᠣᠯᠣᠨ᠎ᠠ᠃ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠭᠤᠷᠪᠠᠳᠤᠭᠠᠷ ᠲᠤᠯᠭᠠᠭᠤᠷᠢ ᠬᠦᠴᠦᠨ ᠪᠣᠯᠬᠤ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠢ ᠢᠳᠡᠪᠬᠢᠲᠡᠢ ᠬᠥᠭᠵᠢᠭᠦᠯᠵᠦ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠵᠦ᠂ ᠲᠡᠭᠦᠨ ᠤ ᠪᠦᠷᠬᠦᠭᠦᠯᠬᠦ ᠨᠤᠷᠮ᠎ᠠ ᠪᠠ ᠰᠦᠢᠳᠬᠡᠯ ᠲᠤᠰᠢᠶᠠᠬᠤ ᠲᠦᠪᠰᠢᠨ ᠢ ᠲᠡᠭᠡᠭᠰᠢᠯᠡᠬᠦᠯᠦᠨ᠎ᠡ᠃ ︵ᠰᠤᠷᠪᠤᠯᠵᠢᠯᠠᠭᠴᠢ ᠵᠢᠶᠠᠩ ᠯᠢᠨ︶ | |