ᠳ᠋ᠦ᠋ ᠬᠤᠢ ᠯᠢᠶᠠᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/26
    7 ᠰᠠᠷ᠎ᠠ ᠶᠢᠨ 24 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠳ᠋ᠦ᠋ ᠬᠤᠢ ᠯᠢᠶᠠᠩ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠪᠠ᠃   ᠬᠤᠷᠠᠯ ᠠᠴᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤᠬᠳᠠᠯᠴᠠᠭ᠎ᠠ ᠶᠢ ᠪᠦᠷᠢᠨᠰᠢᠬᠦᠯᠬᠦ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠬᠦᠴᠤᠨ ᠵᠦᠢᠯ ᠪᠦᠷᠢᠨ ᠭᠦᠢᠴᠡᠳ᠂ ᠴᠢᠳᠠᠪᠬᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠠᠵᠢᠯᠯᠠᠭ᠎ᠠ ᠥᠨᠳᠥᠷ ᠪᠦᠲᠦᠮᠵᠢᠲᠡᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤᠬᠳᠠᠯᠴᠠᠭ᠎ᠠ ᠶᠢ ᠲᠦᠷᠭᠡᠳᠭᠡᠨ ᠪᠦᠷᠢᠨᠰᠢᠬᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤᠬᠳᠠᠯᠴᠠᠭ᠎ᠠ ᠶᠢ ᠪᠦᠷᠢᠨᠰᠢᠬᠦᠯᠬᠦ ᠭᠤᠣᠯᠳᠠᠯᠭ᠎ᠠ ᠵᠠᠩᠭᠢᠯᠠᠭ᠎ᠠ ᠶᠢ ᠠᠳᠬᠤᠵᠤ᠂ ᠢᠯᠵᠠᠷᠡᠬᠤ ᠠᠴᠠ ᠵᠢᠷᠦᠬᠡᠰᠢᠶᠡᠬᠦ᠂ ᠢᠯᠵᠠᠷᠡᠵᠦ ᠪᠤᠯᠬᠤ ᠦᠭᠡᠢ᠂ ᠢᠯᠵᠠᠷᠡᠬᠤ ᠶᠢ ᠪᠤᠳᠤᠬᠤ ᠦᠭᠡᠢ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠥ ᠨᠢᠭᠡ ᠴᠤᠬᠴᠠᠵᠢᠭᠤᠯᠤᠨ ᠠᠬᠢᠭᠤᠯᠵᠤ᠂ ᠲᠦᠷᠢᠮ ᠢᠶᠠᠷ ᠡᠷᠬᠡ ᠶᠢ ᠬᠠᠮᠢᠶᠠᠷᠬᠤ᠂ ᠤᠴᠢᠷ ᠶᠠᠪᠤᠳᠠᠯ ᠢ ᠬᠠᠮᠢᠶᠠᠷᠬᠤ᠂ ᠬᠥᠮᠦᠨ ᠢ ᠬᠠᠮᠢᠶᠠᠷᠬᠤ ᠳᠤ ᠲᠦᠰᠢᠭᠯᠡᠵᠦ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠦᠨᠡᠨ ᠬᠦ ᠨᠡᠩ ᠴᠢᠩᠭ᠎ᠠ ᠨᠡᠩ ᠪᠣᠳᠠᠲᠠᠢ ᠪᠣᠯᠭᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠭᠦᠨᠵᠡᠭᠡᠶᠢᠷᠡᠭᠦᠯᠤᠨ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠡᠯ ᠢ ᠡᠰᠡᠷᠭᠦᠴᠡᠬᠦ ᠶᠢ ᠦᠷᠭᠦᠯᠵᠢᠯᠡᠨ ᠠᠬᠢᠭᠤᠯᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ ᠬᠡᠵᠥ ᠴᠢᠬᠤᠯᠠᠴᠢᠯᠠᠪᠠ᠃   ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠠᠭᠤᠷᠢᠶᠠᠯ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠬᠤᠳᠠ ᠶᠢᠨ ᠵᠠᠰᠠᠭ ᠤᠨ ᠣᠷᠳᠣᠨ ᠤ ᠰᠢᠰᠲ᠋ᠧᠮ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠤᠯᠠᠮᠵᠢᠯᠠᠨ ᠰᠤᠷᠤᠯᠴᠠᠬᠤ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠰᠢᠰᠲ᠋ᠧᠮ ᠲᠠᠢ ᠰᠤᠷᠤᠯᠴᠠᠬᠤ ᠲᠥᠯᠥᠪᠯᠡᠭᠡ ᠪᠠ ᠲᠥᠰᠦᠯ ᠢ ᠨᠠᠷᠢᠨ ᠬᠢᠨᠠᠮᠠᠭᠠᠢ ᠲᠣᠭᠲᠠᠭᠠᠵᠤ᠂ ᠪᠦᠭᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠰᠤᠷᠤᠯᠴᠠᠨ ᠣᠶᠢᠯᠠᠭᠠᠬᠤ᠂ ᠨᠡᠪᠲᠡᠷᠡᠲᠡᠯ᠎ᠡ ᠡᠵᠡᠮᠰᠢᠬᠦ᠂ ᠪᠣᠳᠠᠲᠠᠶᠢᠵᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠤᠬᠠᠭᠤᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠴᠢᠩᠭᠠᠳᠬᠠᠵᠤ᠂ ᠰᠢᠰᠲ᠋ᠧᠮ ᠲᠠᠢ ᠤᠬᠠᠭᠤᠯᠤᠨ ᠲᠠᠶᠢᠯᠪᠤᠷᠢᠯᠠᠬᠤ ᠠᠵᠢᠯ ᠢ ᠨᠠᠷᠢᠨ ᠨᠢᠮᠪᠠᠢ ᠪᠠᠶᠢᠷᠢᠯᠠᠭᠤᠯᠤᠨ᠂ ᠡᠯᠪᠡᠭ ᠪᠠᠶᠠᠯᠢᠭ ᠤᠯᠠᠨ ᠶᠠᠩᠵᠤ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠣᠳᠣᠷᠬᠠᠢ ᠶᠠᠷᠢᠵᠤ᠂ ᠨᠡᠪᠲᠡᠷᠡᠲᠡᠯ᠎ᠡ ᠶᠠᠷᠢᠵᠤ᠂ ᠪᠣᠳᠠᠲᠠᠢ ᠶᠠᠷᠢᠵᠤ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠰᠤᠷᠴᠤ ᠬᠡᠷᠡᠭᠯᠡᠭᠰᠡᠨ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠬᠤ ᠶᠢ ᠴᠢᠬᠤᠯᠠᠴᠢᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠠᠢ ᠤᠶᠠᠯᠳᠤᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠳᠤᠮᠳᠠ ᠰᠢᠨ᠎ᠡ ᠵᠠᠮ ᠢ ᠨᠡᠭᠡᠭᠡᠵᠦ᠂ ᠡᠮᠦᠨ᠎ᠡ ᠡ᠊ᠩᠨᠡᠭᠡᠨ ᠳᠤ ᠣᠷᠣᠵᠤ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠬᠡᠵᠥ ᠴᠢᠬᠤᠯᠠᠴᠢᠯᠠᠪᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ