ᠳ᠋ᠦ᠋ ᠬᠤᠢ ᠯᠢᠶᠠᠩ ᠬᠠᠩᠭᠢᠨ ᠬᠤᠰᠢᠭᠤᠨ ᠳᠤ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠬᠠᠯᠠᠨ ᠰᠠᠶᠢᠵᠢᠷᠠᠭᠤᠯᠬᠤ ᠠᠵᠢᠯ ᠢ ᠱᠠᠯᠠᠪᠳᠠᠭᠤᠯᠤᠨ ᠵᠢᠯᠣᠭᠤᠳᠴᠤ ᠦᠶᠡᠷ ᠢ ᠰᠡᠷᠭᠡᠶᠢᠯᠡᠬᠦ ᠪᠠ ᠬᠤᠭ ᠨᠣᠪᠰᠢ ᠶᠢ ᠰᠢᠢᠳᠪᠦᠷᠢᠯᠡᠵᠦ ᠠᠰᠢᠭᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/3
     ᠣᠶᠢᠷ᠎ᠠ ᠶᠢᠨ ᠡᠳᠤᠷ᠂ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠬᠤᠳᠠ ᠶᠢᠨ ᠲᠠᠷᠤᠭ᠎ᠠ ᠳ᠋ᠦ᠋ ᠬᠤᠢ ᠯᠢᠶᠠᠩ ᠬᠠᠨᠭ᠍ᠭᠢᠨ ᠬᠤᠰᠢᠭᠤᠨ ᠳᠤ ᠠᠮᠢ ᠠᠬᠤᠢ ᠤᠷᠴᠢᠨ ᠲᠤᠭᠤᠷᠢᠨ ᠤ ᠠᠰᠠᠭᠤᠳᠡᠯ ᠢ ᠬᠠᠯᠠᠨ ᠰᠠᠶᠢᠵᠢᠷᠠᠭᠤᠯᠬᠤ ᠠᠵᠢᠯ ᠢ ᠱᠠᠯᠠᠪᠳᠠᠭᠤᠯᠤᠨ ᠵᠢᠯᠤᠭᠤᠳᠴᠤ᠂ ᠦᠶᠡᠷ ᠢ ᠰᠡᠷᠭᠡᠶᠢᠯᠡᠭᠦ ᠪᠠ ᠬᠤᠭ ᠨᠤᠪᠰᠢ ᠶᠢ ᠰᠢᠢᠳᠪᠦᠷᠢᠯᠡᠵᠤ ᠠᠰᠢᠬᠯᠠᠬᠤ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠳᠡᠳ᠋ ᠳᠠᠷᠤᠭ᠎ᠠ ᠵᠢᠷᠤᠮᠲᠤ ᠣᠷᠣᠯᠴᠠᠪᠠ᠃
640.jpg
    ᠬᠥᠬᠡᠮᠤᠳᠤ ᠪᠠᠯᠭᠠᠰᠤᠨ ᠤ ᠪᠠᠶ᠋ᠬᠠᠥ᠋ᠨᠳᠥᠷ ᠭᠠᠴᠠᠭ᠎ᠠ ᠳᠤ᠂ ᠳ᠋ᠦ᠋ ᠬᠤᠢ ᠯᠢᠶᠠᠩ ᠤᠯᠤᠰ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠰᠡᠷᠡᠮᠵᠢ ᠶᠢᠨ ᠹᠢᠯᠢᠮ ᠳᠤ ᠢᠯᠡᠷᠡᠭᠦᠯᠦᠭᠰᠡᠨ ᠠᠰᠠᠭᠤᠳᠠᠯ ᠢ ᠬᠠᠯᠠᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠰᠠᠭᠤᠳᠠᠯ ᠢ ᠬᠠᠯᠠᠨ ᠰᠠᠶᠢᠵᠢᠷᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ᠂ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠴᠢᠩᠭ᠎ᠠ ᠠᠷᠭ᠎ᠠ ᠬᠡᠮᠵᠢᠶ᠎ᠡ ᠠᠪᠴᠤ᠂ ᠣᠳᠣᠬᠠᠨ ᠤ ᠬᠠᠯᠠᠨ ᠰᠠᠶᠢᠵᠢᠷᠠᠭᠤᠯᠬᠤ ᠪᠠ ᠤᠷᠳᠤ ᠬᠤᠭᠤᠴᠠᠭ᠎ᠠ ᠪᠠᠷ ᠪᠠᠶᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠢᠯᠡᠷᠡᠭᠦᠯᠦᠭᠰᠡᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠱᠠᠭᠠᠷᠳᠠᠯᠭ᠎ᠠ ᠲᠠᠢ ᠴᠢᠩᠭ᠎ᠠ ᠬᠠᠷᠭᠤᠭᠤᠯᠤᠨ᠂ ᠨᠠᠷᠢᠨ ᠲᠠᠩᠰᠠ ᠶᠢᠨ ᠬᠡᠯᠪᠡᠷᠢ᠂ ᠪᠢᠲᠡᠭᠦᠮᠵᠢᠯᠡᠭᠰᠡᠨ ᠬᠡᠯᠪᠡᠷᠢ ᠪᠠᠷ ᠠᠬᠢᠭᠤᠯᠵᠤ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠠᠳᠠᠯᠢ ᠲᠥᠷᠥᠯ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠠᠯᠠᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠶ᠃ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠳᠠᠭᠠᠭᠤᠯᠢ ᠣᠳᠣᠨ ᠤ ᠠᠯᠤᠰ ᠰᠡᠷᠡᠯ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠢᠳᠡᠪᠬᠢᠲᠡᠶ ᠪᠠᠷ ᠳᠡᠯᠭᠡᠷᠡᠭᠦᠯᠦᠨ ᠬᠡᠷᠡᠭᠯᠡᠵᠦ᠂ ᠴᠠᠭ ᠲᠤᠬᠠᠶ ᠳᠤᠨᠢ ᠬᠢᠨᠠᠨ ᠬᠡᠮᠵᠢᠬᠦ᠂ ᠣᠨᠣᠪᠴᠢᠲᠠᠢ ᠪᠠᠷ ᠤᠷᠢᠳᠴᠢᠯᠠᠨ ᠰᠡᠷᠡᠮᠵᠢᠯᠡᠭᠦᠯᠬᠦ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠤᠲᠠᠯᠴᠠᠭ᠎ᠠ ᠶᠢ ᠲᠦᠷᠭᠡᠳᠬᠡᠨ ᠪᠠᠶᠢᠭᠤᠯᠬᠤ ᠬᠡᠷᠡᠭᠲᠡᠶ᠃ ︽ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠦᠬᠦ ᠲᠠᠯ᠎ᠠ ᠪᠠᠷi ᠲᠤᠭᠤᠰᠢᠯᠠᠭᠤᠯᠵᠤ᠂ ᠤᠰᠤ ᠲᠠᠲᠠᠬᠤ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠵᠤ᠂ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠪᠦᠭᠡᠳ ᠪᠦᠲᠦᠮᠵᠢᠲᠡᠢ ᠲᠣᠬᠢᠷᠠᠭᠤᠯᠤᠨ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠪᠡ᠃
640 (1).jpg
    ᠲᠤᠭᠤᠢᠢᠳᠠᠯ᠎ᠠ ᠪᠠᠯᠭᠠᠰᠤ ᠶᠢᠨ ᠲᠠᠭᠤᠳᠤ ᠭᠠᠴᠠᠭᠠᠨ ᠤ ᠠᠶᠤᠯᠲᠠᠢ ᠪᠠᠷᠢᠯᠭ᠎ᠠ ᠶᠢᠨ ᠭᠡᠰᠡᠭ ᠲᠤ᠂ ᠳ᠋ᠦ᠋ ᠬᠤᠢ ᠯᠢᠶᠠᠩ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠣᠳᠣᠬᠠᠨ ᠳᠤ ᠦᠶᠡᠷ ᠢ ᠰᠡᠷᠭᠡᠶᠢᠯᠡᠬᠦ ᠠᠵᠢᠯ ᠨᠢᠭᠡᠨᠲᠡ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠣ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠡᠷᠭᠡᠶᠢᠯᠡᠨ ᠠᠷᠭᠠᠴᠠᠭᠠᠵᠤ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠦᠶᠡᠷ ᠤᠨ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠵᠥᠪᠳᠡᠯᠴᠡᠨ ᠰᠤᠳᠤᠯᠤᠨ ᠮᠠᠭᠠᠳᠯᠠᠬᠤ ᠪᠠ ᠮᠡᠳᠡᠭᠡ ᠵᠠᠩᠭᠢ ᠨᠡᠶᠢᠲᠡᠯᠡᠬᠦ ᠪᠠᠨ ᠴᠢᠩᠭᠠᠳᠬᠠᠵᠤ᠂ ᠦᠶᠡᠷ ᠢ ᠰᠡᠷᠭᠡᠶᠢᠯᠡᠬᠦ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠶ᠃ ᠠᠶᠤᠯᠲᠠᠢ ᠪᠠᠷᠢᠯᠭ᠎ᠠ ᠶᠢᠨ ᠬᠡᠰᠡᠭ᠂ ᠤᠰᠤᠨ ᠴᠥᠭᠦᠷᠥᠮ ᠤᠨ  ᠬᠠᠰᠢᠯᠭ᠎ᠠ ᠵᠡᠷᠭᠡ ᠵᠠᠩᠭᠢᠯᠠᠭ᠎ᠠ ᠶᠢᠨ ᠬᠡᠰᠡᠭ ᠤᠨ ᠭᠡᠮ ᠰᠤᠭᠤᠭ ᠢ ᠵᠢᠭᠰᠠᠭᠠᠨ ᠪᠠᠶᠢᠴᠠᠭᠠᠬᠤ ᠪᠠ ᠪᠠᠬᠢᠯᠡᠵᠤ ᠠᠶᠤᠯ ᠢ ᠠᠷᠢᠯᠭᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠴᠠᠭᠳᠠᠨ ᠰᠡᠷᠭᠡᠶᠢᠯᠡᠬᠦ ᠴᠠᠭᠳᠠᠨ ᠪᠠᠶᠢᠴᠠᠭᠠᠬᠤ ᠶᠢ ᠴᠢᠩᠭᠠᠳᠬᠠᠨ᠂ ᠦᠶᠡᠷ ᠢ ᠰᠡᠷᠭᠡᠶᠢᠯᠡᠬᠦ ᠡᠳ᠋ ᠪᠣᠳᠠᠰ ᠪᠣᠯᠤᠨ ᠠᠪᠤᠷᠠᠨ ᠲᠤᠰᠠᠯᠠᠬᠤ ᠬᠦᠴᠦᠨ ᠢ ᠤᠷᠢᠳᠴᠢᠯᠠᠨ ᠪᠠᠶᠢᠷᠢᠯᠠᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠦᠶᠡᠷ ᠢ ᠠᠮᠤᠷ ᠲᠦᠪᠰᠢᠨ ᠲᠣᠭᠲᠠᠭᠤᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠪᠡ᠃
微信图片_20240703154346.jpg
     ᠰᠢᠨᠡᠪᠠᠯᠭᠠᠰᠤ ᠶᠢᠨ ᠬᠤᠭ ᠨᠣᠪᠰᠢ ᠪᠤᠯᠠᠬᠤ ᠲᠠᠯᠠᠪᠠᠢ ᠪᠠ ᠶᠢᠨ ᠬᠤᠸᠠ ᠵᠠᠬ᠎ᠠ ᠳᠡᠯᠭᠡᠭᠦᠷ ᠤᠨ ᠬᠤᠭᠤᠯᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠳᠠᠭᠤᠷᠢᠶᠠᠯ ᠦᠵᠡᠭᠦᠯᠬᠦ ᠴᠡᠭ ᠲᠤ᠂ ᠳ᠋ᠦ᠋ ᠬᠤᠢ ᠯᠢᠶᠠᠩ ᠬᠤᠭ ᠨᠣᠪᠰᠢ ᠶᠢ ᠰᠢᠢᠳᠪᠦᠷᠢᠯᠡᠵᠦ ᠠᠰᠢᠭᠯᠠᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠲᠦᠷᠢᠮ ᠲᠣᠭᠲᠠᠭᠠᠯ ᠲᠣᠭᠲᠠᠭᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ ᠲᠡᠰ ᠳᠡᠪᠰᠢᠭᠦᠯᠬᠦ ᠶᠢ ᠲᠦᠷᠭᠡᠳᠬᠡᠨ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠬᠤᠭ ᠨᠣᠪᠰᠢ ᠶᠢᠨ ᠡᠬᠢ ᠡᠭᠦᠰᠦᠯ ᠠᠴᠠ ᠨᠢ ᠪᠠᠭᠠᠰᠬᠠᠬᠤ᠂ ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠳᠡᠭᠡᠭᠰᠢᠯᠡᠭᠦᠯᠬᠦ ᠬᠡᠷᠡᠭᠲᠡᠢ ᠭᠡᠪᠡ᠃
微信图片_20240703154436.jpg
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ