ᠳᠤᠮᠳᠠᠳᠤ ᠤᠯᠤᠰ ᠤᠨ ᠡᠮᠡᠭᠲᠡᠶᠢᠴᠦᠳ ᠤᠨ ︽ᠵᠢᠷᠣᠭᠡ ᠪᠣᠯᠣᠨ ᠰᠡᠳᠬᠢᠴᠡ︾ ᠶᠢᠨ ᠡᠷᠡᠭᠦᠯ ᠮᠡᠨᠳᠦ ᠶᠢᠨ ᠲᠥᠷᠥᠯ ᠵᠦᠢᠯ ᠤᠨ ᠥᠪᠥᠷ ᠮᠣᠩᠭᠤᠯ ᠳᠠᠬᠢ ᠠᠶᠠᠯᠠᠯ ᠤᠨ ᠠᠵᠢᠯᠯᠠᠭ᠎ᠠ ᠵᠢᠴᠢ ︽ᠡᠮᠡᠭᠲᠡᠢ ᠡᠮᠴᠢ ᠨᠠᠷ ᠤᠨ ᠡᠷᠡᠭᠦᠯ ᠡᠩᠬᠡ ᠶᠢᠨ ᠠᠵᠢᠯᠯᠠᠭ᠎ᠠ︾ ᠶᠢᠨ ᠪᠣᠯᠪᠠᠰᠤᠷᠠᠯ ᠦᠦᠰᠢᠨ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/7/3
    ᠣᠶᠢᠷ᠎ᠠ ᠶᠢᠨ ᠡᠳᠦᠷ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠪᠡᠭᠡᠵᠢᠩ ᠤᠨ ᠠᠨ ᠵᠧᠨ ᠬᠠᠷᠢᠶᠠᠲᠤ ᠡᠮᠨᠡᠯᠭᠡ ᠶᠢᠨ ᠬᠤᠷᠢᠶ᠎ᠠ ᠠᠴᠠ ᠭᠤᠤᠯᠯᠠᠨ ᠡᠷᠭᠢᠯᠡᠵᠦ᠂ ᠣᠷᠳᠣᠰ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠣᠷᠳᠣᠰ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠳᠡᠮᠵᠢᠵᠦ᠂ ᠦᠦᠰᠢᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠮᠲᠤᠷᠠᠨ ᠡᠷᠭᠢᠯᠡᠭᠰᠡᠨ ᠳᠤᠮᠳᠠᠳᠤ ᠤᠯᠤᠰ ᠤᠨ ᠡᠮᠡᠭᠲᠡᠶᠢᠴᠦᠳ ᠤᠨ ︽ᠵᠢᠷᠣᠭᠡ ᠪᠣᠯᠣᠨ ᠰᠡᠳᠬᠢᠴᠡ︾ ᠶᠢᠨ ᠡᠷᠡᠭᠦᠯ ᠮᠡᠨᠳᠦ ᠶᠢᠨ ᠲᠥᠷᠥᠯ ᠵᠦᠢᠯ ᠤᠨ ᠥᠪᠥᠷ ᠮᠣᠩᠭᠤᠯ ᠳᠠᠬᠢ ᠠᠶᠠᠯᠠᠯ ᠤᠨ ᠠᠵᠢᠯᠯᠠᠭ᠎ᠠ ᠵᠢᠴᠢ︽ᠡᠮᠡᠭᠲᠡᠢ ᠡᠮᠴᠢ ᠨᠠᠷ ᠤᠨ ᠡᠷᠡᠭᠦᠯ ᠡᠩᠬᠡ ᠶᠢᠨ ᠠᠵᠢᠯᠯᠠᠭ᠎ᠠ︾ ᠶᠢᠨ ᠪᠣᠯᠪᠠᠰᠤᠷᠠᠯ ᠤᠨ ᠬᠤᠷᠠᠯ ᠦᠦᠰᠢᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠶᠠᠪᠤᠭᠳᠠᠭᠰᠠᠨ ᠪᠠᠶᠢᠨ᠎ᠠ᠃
6385510084181296603916963.jpg
       ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠪᠡᠭᠡᠵᠢᠩ ᠤᠨ ᠠᠨ ᠵᠧᠨ ᠬᠠᠷᠢᠶᠠᠲᠤ ᠡᠮᠨᠡᠯᠭᠡ ᠶᠢᠨ ᠬᠤᠷᠢᠶᠠᠨ ᠤ ᠱᠤᠸᠠᠩ ᠰᠢᠨ ᠠᠨᠠᠭᠠᠬᠤ ᠤᠬᠠᠭᠠᠨ ᠤ ᠲᠥᠪ ᠤᠨ ᠡᠷᠬᠢᠯᠡᠭᠴᠢ ᠯᠢᠦ ᠮᠧᠶ ᠶᠠᠨ᠂ ︽ᠳᠤᠮᠳᠠᠳᠤ ᠶᠢᠨ ᠶᠡᠷᠤᠩᠬᠡᠶᠢᠯᠡᠭᠰᠡᠨ ᠰᠠᠯᠠᠭᠠᠨ ᠤ ᠡᠮᠴᠢ ᠶᠢᠨ ᠰᠡᠳᠬᠦᠯ︾ ᠤᠨ ᠨᠠᠶᠢᠷᠠᠭᠤᠯᠬᠤ ᠬᠡᠯᠲᠡᠰ ᠤᠨ ᠡᠷᠬᠢᠯᠡᠭᠴᠢ᠂ ᠨᠠᠶᠢᠷᠠᠭᠤᠯᠤᠨ ᠬᠢᠨᠠᠭᠴᠢ᠂ ᠳᠡᠳ᠋ ᠶᠡᠷᠦᠩᠬᠡᠶ ᠨᠠᠶᠢᠷᠠᠭᠤᠯᠤᠭᠴᠢ ᠯᠢᠦ ᠯᠠᠨ᠂ ᠣᠷᠳᠣᠰ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠡᠷᠢᠭᠦᠯᠡᠭᠴᠢ ᠽᠠᠨᠳᠠᠨ᠂ ᠣᠷᠳᠣᠰ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠸᠠᠩ ᠱᠤ᠋ ᠶᠦᠨ᠂ ᠬᠤᠰᠢᠭᠤ ᠤᠳᠤᠷᠢᠳᠤᠯᠭ᠎ᠠ ᠬᠠᠨ ᠢᠦᠶ ᠹᠧᠩ᠂ ᠹᠠᠨ ᠴᠦᠨ ᠬᠤᠶ ᠵᠢᠴᠢ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠡᠮᠴᠢ ᠰᠤᠪᠢᠯᠠᠭᠴᠢ ᠨᠠᠷ ᠠᠵᠢᠯᠯᠠᠭ᠎ᠠ ᠳᠤ ᠣᠷᠣᠯᠴᠠᠪᠠ᠃
6385510086435983835028994.jpg
      ᠠᠵᠢᠯᠯᠠᠭ᠎ᠠ ᠳᠤ᠂ ᠯᠢᠦ ᠮᠧᠶ ᠶᠠᠨ᠂ ᠯᠢᠦ ᠯᠠᠨ ᠨᠠᠷ ᠲᠣᠰ ᠲᠣᠰ ︽ᠡᠮᠡᠭᠲᠡᠶ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠠᠩᠬᠠᠷᠣᠯ ᠵᠢᠴᠢ ᠡᠮᠡᠭᠲᠡᠶ ᠡᠮᠴᠢ ᠶᠢᠨ ᠵᠢᠷᠣᠬᠡ ᠪᠣᠯᠣᠨ ᠰᠡᠳᠬᠢᠴᠡ ᠶᠢᠨ ᠡᠮᠴᠢᠯᠡᠬᠦ ᠤᠷ᠎ᠠ ᠴᠢᠳᠠᠪᠤᠷᠢ ᠶᠢ ᠳᠡᠭᠡᠭᠰᠢᠯᠡᠭᠦᠯᠬᠦ︾ ︽ᠶᠡᠷᠣᠩᠬᠡᠶᠢᠯᠡᠭᠰᠡᠨ ᠰᠠᠯᠠᠭᠠᠨ ᠤ ᠡᠮᠴᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠬᠢᠮᠵᠢ ᠶᠢ ᠬᠥᠮᠦᠵᠢᠭᠦᠯᠬᠦ ᠪᠠ ᠡᠬᠡ ᠪᠢᠴᠢᠭ ᠬᠠᠩᠭᠠᠬᠤ ᠳᠤ ᠠᠩᠬᠠᠷᠬᠤ ᠵᠦᠢᠯᠡᠰ︾ ᠭᠡᠬᠦ ᠲᠤᠰᠬᠠᠶ ᠰᠡᠳᠦᠪ ᠢᠶᠠᠷ ᠬᠢᠴᠢᠶᠡᠯᠯᠡᠵᠥ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠪᠡᠭᠡᠵᠢᠩ ᠤᠨ ᠠᠨ ᠵᠧᠨ ᠬᠠᠷᠢᠶᠠᠲᠤ ᠡᠮᠨᠡᠯᠭᠡ ᠶᠢᠨ ᠬᠤᠷᠢᠶᠠᠨ ᠤ ᠱᠤᠸᠠᠩ ᠰᠢᠨ ᠠᠨᠠᠭᠠᠬᠤ ᠤᠬᠠᠭᠠᠨ ᠤ ᠲᠥᠪ ᠤᠨ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠳ ᠠᠴᠠ ᠡᠪᠡᠳᠴᠢᠨ ᠤ ᠵᠢᠱᠢᠶ᠎ᠡ ᠶᠢ ᠵᠠᠳᠠᠯᠬᠤ᠂ ᠰᠣᠷᠢᠯᠲᠠ ᠬᠢᠬᠦ᠂ ᠡᠷᠡᠭᠦᠯ ᠮᠡᠨᠳᠦ ᠶᠢᠨ ᠠᠰᠠᠭᠤᠳᠠᠯ ᠢ ᠬᠠᠷᠢᠭᠤᠯᠬᠤ ᠶᠢᠨ ᠬᠠᠮᠲᠤ ᠵᠢᠷᠤᠮ ᠤᠨ ᠡᠮᠴᠢᠯᠡᠭᠡ ᠬᠢᠭᠰᠡᠨ ᠪᠠᠶᠢᠨ᠎ᠠ᠃
6385510088190672185001887.jpg
     ᠲᠣᠰ ᠤᠳᠠᠭᠠᠨ ᠤ ᠠᠵᠢᠯᠯᠠᠭ᠎ᠠ ᠨᠢ ᠮᠠᠨ ᠤ ᠬᠤᠰᠢᠭᠤᠨ ᠤ ᠦᠨᠳᠦᠰᠦᠨ ᠱᠠᠲᠤᠨ ᠤ ᠡᠮᠡᠭᠲᠡᠶ ᠡᠮᠴᠢ ᠨᠠᠷ ᠤᠨ ᠣᠨᠣᠰᠢᠯᠠᠨ ᠡᠮᠨᠡᠬᠦ ᠴᠢᠳᠠᠪᠤᠷᠢ ᠪᠣᠯᠣᠨ︽ᠵᠢᠷᠣᠬᠡᠨ ᠡᠪᠡᠳᠴᠢᠨ ᠪᠣᠯᠣᠨ ᠰᠡᠳᠬᠢᠴᠡ ᠶᠢᠨ ᠬᠡᠮ︾ ᠢ ᠡᠮᠴᠢᠯᠡᠬᠦ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠥᠭᠰᠡᠨ ᠤ ᠬᠠᠮᠲᠤ ᠪᠥᠬᠦ ᠬᠤᠰᠢᠭᠤᠨ ᠤ ᠡᠮᠡᠭᠲᠡᠶᠢᠴᠦᠳ ᠤᠨ ︽ᠵᠢᠷᠣᠭᠡ ᠪᠣᠯᠣᠨ ᠰᠡᠳᠬᠢᠴᠡ︾ ᠶᠢᠨ ᠡᠷᠡᠭᠦᠯ ᠮᠡᠨᠳᠦ ᠶᠢᠨ ᠤᠬᠠᠮᠰᠠᠷ ᠢ ᠴᠢᠩᠭᠠᠳᠬᠠᠵᠤ᠂ ᠡᠷᠡᠭᠦᠯ ᠡᠩᠬᠡ ᠦᠦᠰᠢᠨ ᠤ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠭᠰᠡᠨ ᠪᠠᠶᠢᠨ᠎ᠠ᠃
6385510090153170961373005.jpg
       ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠡᠮᠡᠭᠲᠡᠶᠢᠴᠦᠳ ᠤᠨ ︽ᠵᠢᠷᠣᠬᠡ ᠪᠣᠯᠣᠨ ᠰᠡᠳᠬᠢᠴᠡ︾ ᠶᠢᠨ ᠡᠷᠡᠭᠦᠯ ᠮᠡᠨᠳᠦ ᠶᠢᠨ ᠲᠥᠷᠥᠯ ᠵᠦᠢᠯ ᠢ 2014 ᠣᠨ ᠤ 10 ᠰᠠᠷ᠎ᠠ ᠳᠤ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠬᠢᠭᠡᠳ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠪᠡᠭᠡᠵᠢᠩ ᠤᠨ ᠠᠨ ᠵᠧᠨ ᠬᠠᠷᠢᠶᠠᠲᠤ ᠡᠮᠨᠡᠯᠭᠡ ᠶᠢᠨ ᠬᠤᠷᠢᠶ᠎ᠠ ᠠᠴᠠ ᠬᠠᠮᠲᠤᠷᠠᠨ ᠪᠠᠶᠢᠭᠤᠯᠵᠤ᠂ ᠳᠤᠮᠳᠠᠳᠤ ᠤᠯᠤᠰ ᠤᠨ ᠡᠮᠴᠢ ᠨᠠᠷ ᠤᠨ ᠨᠡᠶᠢᠭᠡᠮᠯᠢᠭ ᠤᠨ ︽ᠵᠢᠷᠣᠬᠡ ᠪᠣᠯᠣᠨ ᠰᠡᠳᠬᠢᠴᠡ︾ ᠶᠢᠨ ᠰᠤᠳᠤᠯᠭᠠᠨ ᠤ ᠳᠤᠭᠤᠶᠢᠯᠠᠩ ᠤᠨ ᠲᠤᠰᠬᠠᠶ ᠮᠡᠷᠭᠡᠵᠢᠯᠲᠡᠨ ᠳᠤ ᠲᠦᠰᠢᠭᠯᠡᠨ᠂ ᠡᠮᠡᠭᠲᠡᠶᠢᠴᠦᠳ ᠤᠨ ᠣᠶᠤᠨ ᠰᠡᠳᠬᠢᠴᠡ ᠬᠢᠭᠡᠳ ᠵᠢᠷᠦᠬᠡᠨ ᠡᠪᠡᠳᠴᠢᠨ ᠤ ᠰᠤᠳᠤᠯᠭᠠᠨ᠂ ᠦᠨᠳᠦᠰᠦᠨ ᠱᠠᠲᠤᠨ ᠤ ᠡᠮᠡᠭᠲᠡᠶ ᠡᠮᠴᠢ ᠶᠢᠨ ᠣᠶᠤᠨ ᠰᠡᠳᠬᠢᠴᠡ ᠬᠢᠭᠡᠳ ᠵᠢᠷᠦᠬᠡᠨ ᠡᠪᠡᠳᠴᠢᠨ ᠢ ᠰᠡᠷᠭᠡᠶᠢᠯᠡᠬᠦ ᠪᠣᠯᠪᠠᠰᠤᠷᠠᠯ ᠵᠢᠴᠢ ᠡᠮᠡᠭᠲᠡᠶᠢᠴᠦᠳ ᠤᠨ ︽ᠵᠢᠷᠣᠬᠡ ᠪᠣᠯᠣᠨ ᠰᠡᠳᠬᠢᠴᠡ︾ ᠶᠢᠨ ᠡᠪᠡᠳᠴᠢᠲᠡᠨ ᠤ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠢ ᠦᠷᠨᠢᠭᠦᠯᠦᠭᠰᠡᠨ ᠪᠠᠶᠢᠨ᠎ᠠ᠃      
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ