ᠲᠤᠰᠬᠠᠢ ᠮᠡᠷᠭᠡᠵᠢᠯ ᠢᠶᠠᠨ ᠰᠤᠩᠭᠤᠬᠤ ᠳᠠᠭᠠᠨ ᠡᠳᠡᠭᠡᠷ ᠲᠤᠰᠬᠠᠢ ᠮᠡᠷᠭᠡᠵᠢᠯ ᠤᠨ ᠨᠠᠷᠢᠨ ᠢᠯᠭᠠᠭ᠎ᠠ ᠶᠢ ᠮᠡᠳᠡᠭᠡᠷᠡᠢ
ᠨᠡᠶᠢᠲᠡᠯᠡᠭᠰᠡᠨ ᠴᠠᠭ᠄
2024/7/4
    ᠡᠳᠦᠭᠡ ᠡᠯ᠎ᠡ ᠭᠠᠵᠠᠷ ᠤᠨ ᠤᠯᠤᠰ ᠤᠨ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠵᠠᠯᠭᠠᠭ᠎ᠠ ᠪᠠᠷ ᠨᠡᠶᠢᠲᠡᠯᠡᠭᠳᠡᠵᠤ᠂ ᠤᠳᠠᠯ ᠦᠭᠡᠢ ᠡᠷᠡᠮᠡᠯᠵᠡᠯ ᠲᠠᠭᠯᠠᠵᠤ ᠡᠬᠢᠯᠡᠨ᠎ᠡ᠃ ᠭᠡᠲᠡᠯ᠎ᠡ ᠡᠷᠡᠮᠡᠯᠵᠡᠯ ᠲᠠᠭᠯᠠᠬᠤ ᠵᠦᠭᠯᠡᠭᠦᠷ ᠠᠴᠠ ᠦᠵᠡᠪᠡᠯ ᠵᠠᠷᠢᠮ ᠲᠤᠰᠬᠠᠶ ᠮᠡᠷᠭᠡᠵᠢᠯ ᠨᠢ ᠮᠠᠰᠢ ᠲᠦᠰᠦᠭᠡᠳᠡᠢ ᠪᠠᠶᠢᠳᠠᠭ᠃ ᠵᠢᠱᠢᠶᠡᠯᠡᠪᠡᠯ᠂ ᠬᠢᠲᠠᠳ ᠬᠡᠯᠡ ᠬᠢᠭᠡᠳ ᠬᠢᠲᠠᠳ ᠬᠡᠯᠡ ᠤᠳᠬ᠎ᠠ ᠵᠣᠬᠢᠶᠠᠯ᠂ ᠲᠣᠭᠠᠴᠢᠯᠠᠭᠰᠠᠨ ᠵᠠᠭᠤᠴᠢᠯᠠᠭᠤᠷ ᠤᠨ ᠮᠡᠷᠭᠡᠵᠢᠯ ᠬᠢᠭᠡᠳ ᠲᠣᠭᠠᠴᠢᠯᠠᠭᠰᠠᠨ ᠵᠠᠭᠤᠴᠢᠯᠠᠭᠤᠷ ᠤᠨ ᠤᠷᠠᠯᠢᠭ ᠁ ᠬᠡᠭᠦ ᠮᠡᠳᠦ᠃ ᠡᠲᠡᠭᠡᠷ ᠲᠤᠰᠬᠠᠢ ᠮᠡᠷᠭᠡᠵᠢᠯ ᠨᠢ ᠦᠵᠡᠭᠦ ᠳᠤ ᠠᠳᠠᠯᠢᠪᠳᠤᠷ ᠰᠢᠭ᠋ ᠪᠤᠯᠪᠠᠴᠤ ᠦᠨᠡᠨ ᠳᠡᠭᠡᠨ ᠬᠢᠴᠢᠶᠡᠯ ᠤᠨ ᠠᠭᠤᠯᠭ᠎ᠠ᠂ ᠠᠵᠢᠯ ᠤᠯᠬᠤ ᠴᠢᠭᠯᠡᠯ ᠵᠡᠷᠭᠡ ᠲᠠᠯ᠎ᠠ ᠪᠠᠷ ᠴᠦᠮ ᠠᠳᠠᠯᠢ ᠪᠤᠰᠤ ᠪᠠᠶᠢᠳᠠᠭ᠃ ᠲᠡᠭᠡᠪᠡᠯ ᠡᠳᠡᠭᠡᠷ ᠲᠤᠰᠬᠠᠢ ᠮᠡᠷᠭᠡᠵᠢᠯ ᠨᠢ ᠬᠤᠭᠤᠷᠤᠨᠳᠤ ᠪᠠᠨ ᠴᠤᠬᠤᠮ ᠶᠠᠮᠠᠷ ᠨᠠᠷᠢᠨ ᠢᠯᠭᠠᠭ᠎ᠠ ᠲᠠᠢ ᠪᠤᠢ︖ ᠲᠤᠤᠷᠠᠬᠢ ᠠᠭᠤᠯᠭ᠎ᠠ ᠪᠠᠷ ᠲᠠᠮᠵᠢᠨ ᠭᠦᠶ᠋ᠴᠡᠳ ᠣᠶᠢᠯᠠᠭᠠᠵᠤ᠂ ᠪᠣᠯᠭᠤᠮᠵᠢᠲᠠᠶ ᠰᠤᠩᠭᠤᠭᠠᠷᠠᠢ︕    ᠬᠢᠲᠠᠳ ᠬᠡᠯᠡ ᠤᠳᠬ᠎ᠠ ᠵᠤᠬᠢᠶᠠᠯ᠄    ︵ᠤᠳᠬ᠎ᠠ ᠵᠤᠬᠢᠶᠠᠯ ᠤᠨ ᠦᠵᠡᠭᠳᠡᠯ ᠢ ᠭᠤᠤᠯᠳᠠᠭᠤ ᠵᠠᠳᠠᠯᠵᠦ᠂ ᠤᠳᠬ᠎ᠠ ᠤᠷᠠᠯᠢᠭ ᠤᠨ ᠭᠤᠸ᠎ᠠ ᠰᠠᠶᠢᠬᠠᠨ ᠤ ᠴᠢᠳᠠᠪᠦᠷᠢ ᠶᠢ ᠬᠦᠮᠦᠵᠢᠭᠦᠯᠦᠨ᠎ᠡ︶ ᠠᠵᠢᠯ ᠣᠯᠬᠤ ᠴᠢᠭᠯᠡᠯ᠄ ᠰᠤᠷᠪᠤᠯᠵᠢᠯᠠᠭᠴᠢ᠂ ᠰᠡᠳᠬᠦᠯ ᠤᠨ ᠨᠠᠶᠢᠷᠠᠭᠤᠯᠤᠭᠴᠢ᠂ ᠬᠡᠯᠡ ᠪᠢᠴᠢᠭ ᠤᠨ ᠪᠠᠭᠰᠢ    ᠬᠢᠲᠠᠳ ᠬᠡᠯᠡ᠄    ︵ᠬᠢᠲᠠᠳ ᠬᠡᠯᠡᠨ ᠤ ᠬᠦᠭᠵᠢᠯᠲᠡ ᠶᠢᠨ ᠲᠡᠤᠬᠡ᠂ ᠤᠳᠤᠬᠢ ᠪᠠᠶᠢᠳᠠᠯ ᠵᠢᠴᠢ ᠬᠡᠯᠡ ᠰᠢᠨᠵᠢᠯᠡᠯ ᠤᠨ ᠤᠨᠤᠯ ᠵᠡᠷᠭᠡ ᠶᠢ ᠭᠤᠤᠯᠳᠠᠭᠤ ᠰᠤᠳᠤᠯᠤᠨ᠎ᠠ︶ ᠠᠵᠢᠯ ᠣᠯᠬᠤ ᠴᠢᠭᠯᠡᠯ᠄ ᠬᠡᠯᠡᠨ ᠤ ᠮᠡᠳᠡᠭᠡ ᠵᠠᠩᠬᠢ ᠰᠢᠢᠳᠪᠦᠷᠢᠯᠡᠬᠦ᠂ ᠬᠢᠲᠠᠳ ᠬᠡᠯᠡᠨ ᠤ ᠬᠡᠯᠡ ᠶᠢ ᠢᠯᠭᠠᠨ ᠲᠠᠨᠢᠬᠤ᠂ ᠭᠠᠳᠠᠭᠠᠳᠤ ᠳᠤ ᠵᠤᠷᠢᠭᠤᠯᠤᠭᠰᠠᠨ ᠬᠢᠲᠠᠳ ᠬᠡᠯᠡᠨ ᠤ ᠵᠢᠭᠠᠨ ᠰᠤᠷᠭᠠᠯᠲᠠ    ᠺᠣᠮᠫᠢᠦ᠋ᠲ᠋ᠧᠷ ᠤᠨ ᠰᠢᠨᠵᠢᠯᠡᠬᠦ ᠤᠬᠠᠭᠠᠨ ᠬᠢᠭᠡᠳ ᠮᠡᠷᠭᠡᠵᠢᠯ᠄    ︵ᠺᠣᠮᠫᠢᠦ᠋ᠲ᠋ᠧᠷ ᠤᠨ ᠤᠨᠤᠯ᠂ ᠵᠦᠭᠡᠯᠡᠨ ᠲᠤᠨᠤᠭ᠂ ᠬᠠᠲᠠᠭᠤ ᠲᠤᠨᠤᠭ᠂ ᠬᠡᠷᠡᠭᠯᠡᠯᠲᠡ ᠵᠡᠷᠭᠡ ᠶᠢ ᠰᠤᠷᠤᠨ᠎ᠠ︶ ᠠᠵᠢᠯ ᠣᠯᠬᠤ ᠴᠢᠭᠯᠡᠯ᠄ ᠵᠦᠭᠡᠯᠡᠨ ᠲᠤᠨᠤᠭ ᠤᠨ ᠢᠨᠵᠧᠨᠧᠷ᠂ ᠰᠢᠰᠲ᠋ᠧᠮᠲᠦ ᠢᠨᠵᠧᠨᠧᠷ᠂ ᠪᠤᠳᠤᠬᠤ ᠠᠷᠭ᠎ᠠ ᠶᠢᠨ ᠢᠨᠵᠧᠨᠧᠷ    ᠡᠯᠧᠺᠳ᠋ᠷᠣᠨ ᠰᠢᠨᠵᠢᠯᠡᠬᠦ ᠤᠬᠠᠭᠠᠨ ᠬᠢᠭᠡᠳ ᠮᠡᠷᠭᠡᠵᠢᠯ᠄    ︵ᠬᠤᠷᠠᠮᠠᠯ ᠴᠠᠬᠢᠯᠭᠠᠨ ᠬᠡᠯᠬᠢᠶ᠎ᠡ ᠶᠢᠨ ᠴᠠᠬᠢᠮ ᠢᠯᠲᠠᠰᠤ ᠶᠢᠨ ᠵᠢᠷᠤᠭ ᠲᠦᠯᠦᠪᠯᠡᠭᠡ ᠬᠢᠭᠡᠳ ᠰᠢᠰᠲ᠋ᠧᠮ ᠤᠨ ᠬᠤᠷᠠᠮᠠᠯ᠂ ᠬᠠᠭᠠᠰ ᠳᠠᠮᠵᠢᠭᠤᠯᠤᠭᠴᠢ ᠲᠣᠨᠣᠭᠯᠠᠭᠠᠰᠤ ᠶᠢᠨ ᠺᠣᠮᠫᠢᠦ᠋ᠲ᠋ᠧᠷ ᠤᠨ ᠬᠡᠷᠡᠭᠯᠡᠯᠲᠡ ᠵᠡᠷᠭᠡ ᠶᠢ ᠰᠤᠳᠤᠯᠤᠨ᠎ᠠ︶ ᠠᠵᠢᠯ ᠣᠯᠬᠤ ᠴᠢᠭᠯᠡᠯ᠄ ᠡᠯᠧᠺᠳ᠋ᠷᠣᠨ ᠦᠢᠯᠡᠳᠭᠦᠨ ᠦᠢᠯᠡᠳᠭᠦ᠂ ᠬᠠᠭᠠᠰ ᠳᠠᠮᠵᠢᠭᠤᠯᠤᠭᠴᠢ ᠦᠢᠯᠡᠳᠭᠦ᠂ ᠴᠠᠬᠢᠮ ᠢᠯᠲᠠᠰᠤ ᠶᠢ ᠵᠢᠷᠤᠵᠦ ᠲᠥᠯᠥᠪᠯᠡᠵᠦ ᠦᠢᠯᠡᠳᠬᠦ    ᠷᠠᠳᠢᠣ᠋ ᠲᠧᠯᠸᠢᠰ ᠤᠨ ᠰᠣᠨᠢᠨ ᠮᠡᠳᠡᠭᠡᠨ ᠤ ᠤᠬᠠᠭᠠᠨ᠄    ︵ᠰᠤᠷᠪᠤᠯᠵᠢᠯᠠᠵᠤ ᠨᠠᠶᠢᠷᠠᠭᠤᠯᠬᠤ ᠵᠡᠷᠭᠡ ᠰᠣᠨᠢᠨ ᠮᠡᠳᠡᠭᠡᠨ ᠤ ᠣᠨᠣᠯ ᠤᠨ ᠬᠢᠴᠢᠶᠡᠯ ᠢ ᠭᠤᠣᠯᠳᠠᠯᠭ᠎ᠠ ᠲᠠᠢ ᠰᠤᠷᠤᠯᠴᠠᠨ᠎ᠠ︶ ᠠᠵᠢᠯ ᠣᠯᠬᠤ ᠴᠢᠭᠯᠡᠯ᠄ ᠲᠧᠯᠸᠢᠰ ᠰᠣᠨᠢᠨ ᠮᠡᠳᠡᠭᠡᠨ ᠤ ᠰᠤᠷᠪᠤᠯᠵᠢᠯᠠᠭᠴᠢ᠂ ᠫᠷᠦᠭᠷᠠᠮ ᠤᠨ ᠠᠭᠤᠯᠭ᠎ᠠ ᠲᠦᠰᠦᠪᠯᠡᠭᠴᠢ᠂ ᠰᠣᠨᠢᠨ ᠮᠡᠳᠡᠭᠡᠨ ᠤ ᠨᠠᠶᠢᠷᠠᠭᠤᠯᠤᠭᠴᠢ    ᠷᠠᠳᠢᠣ᠋ ᠲᠧᠯᠸᠢᠰ ᠤᠨ ᠨᠠᠶᠢᠷᠠᠭᠤᠯᠤᠨ ᠤᠳᠤᠷᠢᠳᠤᠭᠠᠴᠢ᠄    ︵ᠷᠠᠳᠢᠣ᠋ ᠲᠧᠯᠸᠢᠰ ᠫᠷᠦᠭᠷᠠᠮ ᠤᠨ ᠨᠠᠶᠢᠷᠠᠭᠤᠯᠤᠨ ᠤᠳᠤᠷᠢᠳᠤᠭᠠᠴᠢ ᠶᠢᠨ ᠪᠤᠳᠠᠳᠠᠢ ᠦᠢᠯᠡᠳᠦᠯᠭᠡ ᠶᠢᠨ ᠴᠢᠳᠠᠪᠤᠷᠢ ᠵᠡᠷᠭᠡ ᠶᠢ ᠭᠤᠣᠯᠴᠢᠯᠠᠨ ᠬᠦᠮᠦᠵᠢᠭᠦᠯᠦᠨ᠎ᠡ︶ ᠠᠵᠢᠯ ᠣᠯᠬᠤ ᠴᠢᠭᠯᠡᠯ᠄ ᠲᠧᠯᠸᠢᠰ ᠫᠷᠦᠭᠷᠠᠮ ᠤᠨ ᠨᠠᠶᠢᠷᠠᠭᠤᠯᠤᠨ ᠤᠳᠤᠷᠢᠳᠤᠭᠠᠴᠢ᠂ ᠤᠳᠤᠷᠢᠳᠤᠭᠠᠴᠢ᠂ ᠸᠢᠳᠢᠣ᠋ ᠡᠰᠭᠡᠭᠴᠢ    ᠪᠠᠷᠢᠯᠭ᠎ᠠ ᠶᠢᠨ ᠤᠬᠠᠭᠠᠨ᠄    ︵ᠭᠤᠸ᠎ᠠ ᠰᠠᠶᠢᠬᠠᠨ ᠬᠢᠭᠡᠳ ᠬᠡᠷᠡᠭᠯᠡᠭᠡᠨ ᠤ ᠴᠢᠨᠠᠷ ᠪᠦᠬᠦᠢ ᠪᠠᠷᠢᠯᠭ᠎ᠠ ᠶᠢᠨ ᠣᠷᠣᠨ ᠵᠠᠢ ᠶᠢᠨ ᠵᠢᠷᠤᠭ ᠲᠦᠯᠦᠪᠯᠡᠭᠡ ᠶᠢ ᠰᠤᠷᠤᠯᠴᠠᠨ᠎ᠠ︶ ᠠᠵᠢᠯ ᠣᠯᠬᠤ ᠴᠢᠭᠯᠡᠯ᠄ ᠪᠠᠷᠢᠯᠭ᠎ᠠ ᠶᠢᠨ ᠢᠨᠵᠧᠨᠧᠷ᠂ ᠭᠡᠷ ᠪᠠᠶᠢᠰᠢᠩ ᠭᠠᠵᠠᠷ ᠤᠨ ᠬᠥᠷᠥᠩᠭᠡ ᠶᠢᠨ ᠨᠡᠭᠡᠭᠡᠨ ᠬᠦᠭᠵᠢᠭᠦᠯᠦᠯᠲᠡ᠂ ᠪᠠᠷᠢᠯᠭ᠎ᠠ ᠶᠢᠨ ᠠᠵᠢᠯ ᠲᠥᠷᠥᠯ ᠤᠨ ᠬᠠᠮᠢᠶᠠᠷᠤᠯᠲᠠ    ᠮᠤᠳᠤ ᠰᠢᠷᠦᠢ ᠶᠢᠨ ᠢᠨᠵᠧᠨᠧᠷᠡᠭ᠄    ︵ᠪᠠᠷᠢᠯᠭ᠎ᠠ ᠶᠢᠨ ᠮᠡᠷᠭᠡᠵᠢᠯ᠂ ᠢᠨᠵᠧᠨᠧᠷᠢᠩ ᠤᠨ ᠲᠥᠷᠥᠯ ᠵᠦᠢᠯ ᠤᠨ ᠬᠠᠮᠢᠶᠠᠷᠤᠯᠲᠠ ᠵᠡᠷᠭᠡ ᠬᠡᠷᠡᠭᠯᠡᠭᠡᠨ ᠤ ᠮᠡᠷᠭᠡᠵᠢᠯ ᠴᠢᠳᠠᠪᠤᠷᠢ ᠶᠢ ᠰᠤᠷᠤᠯᠴᠠᠨ᠎ᠠ︶ ᠠᠵᠢᠯ ᠣᠯᠬᠤ ᠴᠢᠭᠯᠡᠯ᠄ ᠢᠨᠵᠧᠨᠧᠷ᠂ ᠢᠨᠵᠧᠨᠧᠷᠢᠩ ᠤᠨ ᠬᠠᠮᠢᠶᠠᠷᠤᠯᠲᠠ᠂ ᠦᠢᠯᠡᠳᠬᠦ ᠦᠨ᠎ᠡ ᠶᠢᠨ ᠯᠠᠪᠯᠠᠭ᠎ᠠ    ᠰᠤᠷᠭᠠᠨ ᠬᠥᠮᠦᠵᠢᠯ ᠤᠨ ᠤᠬᠠᠭᠠᠨ᠄    ︵ᠰᠤᠷᠭᠠᠨ ᠬᠥᠮᠦᠵᠢᠯ ᠤᠨ ᠵᠢᠭᠠᠨ ᠰᠤᠷᠭᠠᠯᠲᠠ᠂ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠵᠢᠴᠢ ᠰᠤᠷᠭᠠᠨ ᠬᠥᠮᠦᠵᠢᠯ ᠤᠨ ᠬᠠᠮᠢᠶᠠᠷᠤᠯᠲᠠ ᠵᠡᠷᠭᠡ ᠮᠡᠷᠭᠡᠵᠢᠯ ᠴᠢᠳᠠᠪᠤᠷᠢ ᠶᠢ ᠰᠤᠷᠤᠯᠴᠠᠨ᠎ᠠ︶ ᠠᠵᠢᠯ ᠤᠯᠬᠤ ᠴᠢᠭᠯᠡᠯ᠄ ᠰᠤᠷᠭᠠᠨ ᠬᠥᠮᠦᠵᠢᠯ ᠤᠨ ᠵᠢᠭᠠᠨ ᠰᠤᠷᠭᠠᠯᠲᠠ᠂ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠵᠢᠭᠠᠨ ᠰᠤᠷᠭᠠᠯᠳᠠ ᠶᠢᠨ ᠬᠠᠮᠢᠶᠠᠷᠤᠯᠲᠠ    ᠰᠤᠷᠭᠠᠨ ᠬᠥᠮᠦᠵᠢᠯ ᠤᠨ ᠮᠡᠷᠭᠡᠵᠢᠯ᠄    ︵ᠮᠡᠷᠭᠡᠵᠢᠯ ᠤᠨ ᠰᠤᠳᠤᠯᠭᠠᠨ᠂ ᠵᠢᠱᠢᠶᠡᠯᠡᠪᠡᠯ ᠵᠢᠭᠠᠨ ᠰᠤᠷᠭᠠᠯᠲᠠ ᠶᠢᠨ ᠰᠢᠰᠲ᠋ᠧᠮ ᠤᠨ ᠵᠢᠷᠤᠭ ᠲᠥᠯᠥᠪᠯᠡᠭᠡ᠂ ᠨᠡᠭᠡᠭᠡᠨ ᠬᠦᠭᠵᠢᠭᠦᠯᠦᠯᠳᠡ᠂ ᠬᠡᠷᠡᠭᠯᠡᠯᠲᠡ ᠵᠡᠷᠭᠡ ᠶᠢ ᠰᠤᠷᠤᠯᠴᠠᠨ᠎ᠠ︶ ᠠᠵᠢᠯ ᠣᠯᠬᠤ ᠴᠢᠭᠯᠡᠯ᠄ ᠰᠤᠷᠭᠠᠨ ᠬᠥᠮᠦᠵᠢᠯ ᠤᠨ ᠵᠥᠭᠡᠯᠡᠨ ᠲᠤᠨᠤᠭ ᠢ ᠨᠡᠭᠡᠭᠡᠨ ᠬᠥᠭᠵᠢᠭᠦᠯᠬᠦ᠂ ᠰᠤᠷᠭᠠᠨ ᠬᠥᠮᠦᠵᠢᠯ ᠤᠨ ᠫᠷᠤᠭ᠍ᠷᠠᠮ ᠦᠢᠯᠡᠳᠬᠦ᠂ ᠰᠤᠷᠭᠠᠨ ᠬᠥᠮᠦᠵᠢᠯ ᠤᠨ ᠮᠡᠷᠭᠡᠵᠢᠯ ᠤᠨ ᠰᠤᠳᠤᠯᠭᠠᠨ    ᠲᠣᠭᠠᠴᠢᠯᠠᠭᠰᠠᠨ ᠵᠠᠭᠤᠴᠢᠯᠠᠭᠤᠷ ᠤᠨ ᠤᠷᠠᠯᠢᠭ᠄    ︵ᠤᠷᠠᠯᠢᠭ ᠤᠨ ᠵᠢᠷᠤᠭ ᠲᠥᠯᠥᠪᠯᠡᠭᠡ ᠶᠢ ᠴᠢᠬᠤᠯᠠᠴᠢᠯᠠᠵᠤ᠂ ᠰᠢᠨ᠎ᠡ ᠵᠠᠭᠤᠴᠢᠯᠠᠭᠤᠷ ᠢ ᠠᠰᠢᠭᠯᠠᠨ ᠤᠷᠠᠯᠢᠭ ᠤᠨ ᠵᠣᠬᠢᠶᠠᠨ ᠪᠦᠲᠦᠭᠡᠯᠭᠡ ᠬᠢᠬᠦ ᠶᠢ ᠰᠤᠷᠤᠯᠴᠠᠨ᠎ᠠ ︶ ᠠᠵᠢᠯ ᠣᠯᠬᠤ ᠴᠢᠭᠯᠡᠯ᠄ ᠲᠣᠭᠯᠠᠭᠠᠮ ᠤᠨ ᠵᠢᠷᠤᠭ ᠲᠦᠯᠦᠪᠯᠡᠭᠡ᠂ ᠺᠠᠷᠲ᠋ᠣᠨ ᠵᠢᠷᠤᠭ ᠲᠥᠯᠥᠪᠯᠡᠭᠡ᠂ ᠲᠧᠯᠸᠢᠰ ᠫᠷᠦᠭᠷᠡᠮ ᠤᠨ ᠴᠢᠮᠡᠭᠯᠡᠯ    ᠲᠣᠭᠠᠴᠢᠯᠠᠭᠰᠠᠨ ᠵᠠᠭᠤᠴᠢᠯᠠᠭᠤᠷ ᠤᠨ ᠮᠡᠷᠭᠡᠵᠢᠯ᠄    ︵ᠮᠡᠷᠭᠡᠵᠢᠯ ᠢ ᠴᠢᠬᠤᠯᠠᠴᠢᠯᠠᠵᠤ᠂ ᠲᠣᠭᠯᠠᠭᠠᠮ ᠺᠢᠨᠣ᠋ ᠲᠧᠯᠸᠢᠰ ᠤᠨ ᠣᠨᠴᠠ ᠴᠢᠳᠠᠮᠵᠢ ᠦᠢᠯᠡᠳᠦᠯ ᠵᠡᠷᠭᠡ ᠬᠠᠮᠢᠶ᠎ᠠ ᠪᠥᠬᠦᠶ ᠬᠦᠷᠢᠶᠡᠨ ᠤ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠬᠡᠷᠡᠭᠯᠡᠯᠲᠡ ᠶᠢ ᠰᠤᠷᠤᠯᠴᠠᠨ᠎ᠠ︶ ᠠᠵᠢᠯ ᠤᠯᠬᠤ ᠴᠢᠭᠯᠡᠯ᠄ ᠤᠯᠠᠨ ᠵᠠᠭᠤᠴᠢᠲᠤ ᠵᠥᠭᠡᠯᠡᠨ ᠲᠤᠨᠤᠭ ᠢ ᠰᠤᠳᠤᠯᠤᠨ ᠨᠡᠭᠡᠭᠡᠬᠦ᠂ ᠰᠦᠯᠵᠢᠶᠡᠨ ᠨᠢᠭᠤᠷ ᠢ ᠨᠡᠭᠡᠭᠡᠨ ᠬᠦᠭᠵᠢᠭᠦᠯᠵᠦ ᠬᠠᠮᠠᠭᠠᠯᠠᠬᠤ᠂ ᠲᠣᠭᠯᠠᠭᠠᠮ ᠰᠤᠳᠤᠯᠤᠨ ᠨᠡᠭᠡᠭᠡᠬᠦ    ᠴᠡᠴᠡᠷᠯᠢᠭ ᠄    ︵ᠦᠵᠡᠮᠵᠢ ᠶᠢᠨ ᠵᠢᠷᠤᠭ ᠲᠥᠯᠥᠪᠯᠡᠭᠡ ᠶᠢ ᠰᠤᠷᠤᠯᠴᠠᠨ᠎ᠡ᠂ ᠵᠢᠱᠢᠶᠡᠯᠡᠪᠡᠯ ᠬᠤᠲᠠ ᠪᠠᠯᠭᠠᠰᠤᠨ ᠤ ᠨᠣᠭᠤᠭᠠᠷᠠᠭᠤᠯᠤᠯᠲᠠ᠂ ᠴᠡᠴᠡᠷᠯᠢᠭ ᠤᠨ ᠪᠠᠷᠢᠯᠭ᠎ᠠ᠂ ᠤᠷᠭᠤᠮᠠᠯ ᠤᠨ ᠦᠵᠡᠮᠵᠢ ᠵᠤᠬᠢᠶᠠᠬᠤ︶ ᠠᠵᠢᠯ ᠤᠯᠬᠤ ᠴᠢᠭᠯᠡᠯ᠄ ᠬᠤᠳᠠ ᠶᠢᠨ ᠪᠦᠳᠦᠭᠡᠠ ᠪᠠᠶᠢᠭᠤᠯᠤᠯᠲᠠ᠂ ᠴᠡᠴᠡᠷᠯᠢᠭ ᠤᠨ ᠵᠢᠷᠤᠭ ᠲᠥᠯᠥᠪᠯᠡᠭᠡᠨ ᠤ ᠲᠥᠯᠥᠪᠵᠢᠭᠦᠯᠭᠡ᠂ ᠦᠵᠡᠮᠵᠢ ᠶᠢᠨ ᠣᠷᠣᠨ ᠤ ᠪᠦᠳᠦᠭᠡᠨ ᠪᠠᠶᠢᠭᠤᠯᠤᠯᠲᠠ    ᠴᠡᠴᠡᠷᠯᠢᠭ ᠤᠨ ᠤᠷ᠎ᠠ ᠮᠡᠷᠭᠡᠵᠢᠯ᠄    ︵ᠠᠮᠢᠳᠤ ᠪᠣᠳᠠᠰ ᠤᠨ ᠤᠬᠠᠭᠠᠨ ᠳᠤ ᠰᠠᠭᠤᠷᠢᠯᠠᠬᠰᠠᠨ ᠲᠠᠷᠢᠮᠠᠯ ᠤᠨ ᠡᠭᠦᠯᠳᠡᠷ ᠪᠤᠶᠢᠵᠢᠭᠤᠯᠬᠤ᠂ ᠲᠠᠷᠢᠵᠤ ᠪᠤᠶᠢᠵᠢᠭᠤᠯᠬᠤ᠂ ᠹᠢᠽᠢᠣᠯᠣᠭᠢ ᠵᠡᠷᠭᠡ ᠶᠢ ᠰᠤᠳᠤᠯᠬᠤ ᠣᠨᠣᠯ ᠪᠠ ᠤᠷ᠎ᠠ ᠮᠡᠷᠭᠡᠵᠢᠯ ᠢ ᠰᠤᠷᠤᠯᠴᠠᠨ᠎ᠠ︶ ᠠᠵᠢᠯ ᠤᠯᠬᠤ ᠴᠢᠭᠯᠡᠯ᠄ ᠡᠪᠡᠰᠦ ᠴᠡᠴᠡᠭ ᠤᠨ ᠦᠢᠯᠡᠳᠪᠦᠷᠢᠯᠡᠯ᠂ ᠴᠡᠴᠡᠷᠯᠢᠭ ᠤᠨ ᠤᠷ᠎ᠠ ᠮᠡᠷᠭᠡᠵᠢᠯ ᠢᠶᠠᠷ ᠲᠠᠷᠢᠵᠤ ᠪᠤᠶᠢᠵᠢᠭᠤᠯᠬᠤ᠂ ᠴᠡᠴᠡᠷᠯᠢᠭ ᠤᠨ ᠮᠡᠷᠭᠡᠵᠢᠯ ᠤᠨ ᠠᠵᠤ ᠠᠬᠤᠶᠢᠯᠠᠯ ᠤᠨ ᠬᠠᠮᠢᠶᠠᠷᠤᠯᠲᠠ    ᠨᠡᠶᠢᠭᠡᠮ ᠵᠦ᠋ᠢ᠄    ︵ᠨᠡᠶᠢᠭᠡᠮ ᠤᠨ ᠦᠵᠡᠭᠳᠡᠯ ᠢ ᠵᠠᠳᠠᠯᠵᠤ᠂ ᠨᠡᠶᠢᠭᠡᠮ ᠤᠨ ᠬᠥᠮᠦᠨ ᠤ ᠦᠢᠯᠡ ᠠᠵᠢᠯᠯᠠᠭ᠎ᠠ ᠶᠢ ᠰᠤᠳᠤᠯᠤᠨ᠎ᠠ︶ ᠠᠵᠢᠯ ᠣᠯᠬᠤ ᠴᠢᠭᠯᠡᠯ᠄ ᠲᠥᠷᠥ ᠶᠢᠨ ᠪᠣᠳᠣᠯᠭ᠎ᠠ ᠶᠢᠨ ᠰᠤᠳᠤᠯᠤᠯ᠂ ᠣᠯᠠᠨ ᠨᠡᠶᠢᠲᠡ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ    ᠨᠡᠶᠢᠭᠡᠮ ᠤᠨ ᠠᠵᠢᠯ᠄    ︵ᠨᠡᠶᠢᠭᠡᠮ ᠤᠨ ᠪᠣᠳᠠᠲᠤ ᠠᠰᠠᠭᠤᠳᠠᠯ ᠵᠢᠴᠢ ᠬᠦᠴᠢᠷᠳᠡᠯ ᠢ ᠠᠪᠤᠷᠠᠨ ᠲᠤᠰᠠᠯᠠᠬᠤ᠂ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠵᠡᠷᠭᠡ ᠨᠡᠶᠢᠭᠡᠮ ᠤᠨ ᠦᠢᠯᠡᠴᠢᠯᠡᠭᠡᠨ ᠤ ᠠᠵᠢᠯ ᠢ ᠰᠤᠳᠤᠯᠤᠨ᠎ᠠ︶ ᠠᠵᠢᠯ ᠣᠯᠬᠤ ᠴᠢᠭᠯᠡᠯ᠄ ᠨᠡᠶᠢᠭᠡᠮ ᠤᠨ ᠠᠰᠠᠷᠠᠮᠵᠢ ᠶᠢᠨ ᠬᠠᠮᠢᠶᠠᠷᠤᠯᠲᠠ᠂ ᠨᠡᠶᠢᠭᠡᠮ ᠤᠨ ᠠᠪᠤᠷᠠᠨ ᠲᠤᠰᠠᠯᠠᠮᠵᠢ᠂ ᠨᠢᠭᠦᠯᠡᠰᠦᠩᠭᠦᠶ ᠶᠢᠨ ᠥᠢᠯᠡᠴᠢᠯᠡᠭᠡ    ᠰᠣᠨᠢᠨ ᠮᠡᠳᠡᠭᠡᠨ ᠤ ᠤᠬᠠᠭᠠᠨ᠄ ︵ᠭᠤᠣᠯᠳᠠᠭᠤ ᠰᠣᠨᠢᠨ ᠮᠡᠳᠡᠭᠡᠨ ᠤ ᠤᠨᠤᠯ ᠂ ᠰᠣᠨᠢᠨ ᠮᠡᠳᠡᠭᠡᠨ ᠤ ᠠᠵᠢᠯ ᠤᠨ ᠦᠨᠳᠦᠰᠦᠨ ᠵᠠᠷᠴᠢᠮ ᠪᠠ ᠦᠨᠳᠦᠰᠦᠨ ᠠᠷᠭ᠎ᠠ ᠵᠡᠷᠭᠡ ᠶᠢ ᠰᠤᠷᠤᠯᠴᠠᠨ᠎ᠠ ︶ ᠠᠵᠢᠯ ᠣᠯᠬᠤ ᠴᠢᠭᠯᠡᠯ᠄ ᠰᠣᠨᠢᠨ ᠤ ᠬᠤᠷᠢᠶ᠎ᠠ ᠶᠢᠨ ᠰᠤᠷᠪᠤᠯᠵᠢᠯᠠᠭᠴᠢ᠂ ᠰᠡᠳᠬᠦᠯ ᠤᠨ ᠬᠤᠷᠢᠶ᠎ᠠ ᠶᠢᠨ ᠨᠠᠶᠢᠷᠠᠭᠤᠯᠤᠭᠴᠢ᠂ ᠰᠦᠯᠵᠢᠶᠡᠨ ᠤ ᠨᠠᠶᠢᠷᠠᠭᠤᠯᠤᠭᠴᠢ    ᠳᠠᠮᠵᠢᠭᠤᠯᠭ᠎ᠠ ᠶᠢᠨ ᠤᠬᠠᠭᠠᠨ᠄ ︵ᠬᠥᠮᠦᠨ ᠲᠥᠷᠥᠯᠬᠢᠲᠡᠨ ᠤ ᠠᠯᠢᠪᠠ ᠳᠠᠮᠵᠢᠭᠤᠯᠭ᠎ᠠ ᠶᠢᠨ ᠠᠵᠢᠯᠯᠠᠭ᠎ᠠ ᠪᠠ ᠳᠠᠮᠵᠢᠭᠤᠯᠭ᠎ᠠ ᠶᠢᠨ ᠶᠠᠪᠤᠴᠠ ᠶᠢᠨ ᠡᠭᠦᠰᠦᠯ ᠬᠥᠭᠵᠢᠯ ᠤᠨ ᠵᠢᠮ᠎ᠡ ᠶᠣᠰᠣ ᠶᠢ ᠰᠤᠳᠤᠯᠤᠨ᠎ᠠ︶ ᠠᠵᠢᠯ ᠣᠯᠬᠤ ᠴᠢᠭᠯᠡᠯ᠄ ᠠᠭᠤᠯᠭ᠎ᠠ ᠶᠢᠨ ᠡᠵᠡᠩᠨᠡᠯᠲᠡ᠂ ᠵᠠᠬ᠎ᠠ ᠳᠡᠯᠭᠡᠭᠦᠷ ᠤᠨ ᠤᠯᠠᠨ ᠨᠡᠶᠢᠲᠡ ᠶᠢᠨ ᠬᠠᠷᠢᠴᠠᠭ᠎ᠠ᠂ ᠡᠵᠡᠩᠨᠡᠯᠳᠡ ᠪᠣᠷᠣᠯᠠᠭᠤᠯᠭ᠎ᠠ ᠶᠢᠨ ᠤᠬᠠᠭᠠᠯᠠᠯ      
ᠢᠷᠡᠯᠲᠡ᠄ ᠲᠤᠮᠳᠠᠳᠣ ᠣᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ