ᠦᠰᠦ ᠤᠨᠠᠬᠤ ᠨᠢ ᠶᠠᠮᠠᠷ ᠠᠶᠤᠯ ᠲᠠᠢ ᠪᠣᠢ︖
ᠨᠡᠶᠢᠲᠡᠯᠡᠭᠰᠡᠨ ᠴᠠᠭ᠄
2024/7/4
    ᠣᠳᠣᠬᠠᠨ ᠳᠤ᠂ ᠮᠠᠰᠢ ᠣᠯᠠᠨ ᠵᠠᠯᠠᠭᠤ ᠬᠥᠮᠥᠰ ᠤᠨ ᠦᠰᠦ ᠨᠢ ᠤᠨᠠᠵᠤ ᠲᠣᠯᠣᠭᠠᠢ ᠨᠢ ᠬᠠᠯᠵᠠᠷᠠᠵᠤ ᠪᠠᠶᠢᠨ᠎ᠠ᠃ ᠬᠠᠮᠢᠶᠠᠲᠠᠢ ᠲᠤᠭ᠎ᠠ ᠪᠠᠷᠢᠮᠲᠠ ᠠᠴᠠ ᠦᠵᠡᠪᠡᠯ᠂ ᠮᠠᠨ ᠤ ᠤᠯᠤᠰ ᠤᠨ ᠬᠥᠮᠥᠰ ᠤᠨ ᠬᠠᠯᠵᠠᠷᠠᠵᠤ ᠪᠠᠶᠢᠭ᠎ᠠ ᠪᠠᠶᠢᠳᠠᠯ ᠤᠯᠠᠮ ᠤᠯᠠᠮ ᠵᠠᠯᠠᠭᠤᠵᠢᠵᠤ᠂ 10᠎ ᠠᠴᠠ 15 ᠵᠢᠯ ᠤᠷᠢᠳᠴᠢᠯᠠᠵᠤ ᠪᠠᠶᠢᠨ᠎ᠠ᠃ ᠭᠡᠵᠢᠭᠡ ᠦᠰᠦ ᠤᠨᠠᠬᠤ  ᠨᠢ ᠵᠠᠯᠠᠭᠤᠴᠤᠳ ᠤᠨ ᠳᠦᠷᠢ ᠲᠥᠷᠬᠦ ᠪᠠ ᠰᠡᠳᠬᠢᠴᠡ ᠶᠢᠨ ᠡᠷᠡᠭᠦᠯ ᠮᠡᠨᠳᠦ ᠶᠢ ᠨᠥᠯᠥᠭᠡᠯᠡᠬᠦ ᠪᠠᠷ ᠪᠠᠷᠠᠬᠤ ᠦᠭᠡᠢ ᠲᠡᠷᠡ ᠨᠢ ᠪᠠᠰᠠ ᠣᠮᠲᠣᠭᠠᠶᠢᠯᠠᠵᠤ ᠪᠣᠯᠣᠰᠢ ᠦᠭᠡᠢ ᠡᠷᠡᠭᠦᠯ ᠮᠡᠨᠳᠦ ᠶᠢᠨ ᠳᠠᠯᠳᠠ ᠭᠡᠮ ᠢ ᠲᠤᠰᠬᠠᠵᠤ ᠪᠠᠶᠢᠳᠠᠭ᠃ ᠦᠰᠦᠨ ᠤ ᠦᠢᠯᠡᠳᠦᠯ ᠦᠰᠦ ᠨᠢ ᠪᠢᠳᠡᠨ ᠤ ᠶᠡᠭᠡ ᠲᠠᠷᠢᠬᠢ ᠪᠠ ᠲᠣᠯᠣᠭᠠᠢ ᠶᠢᠨ ᠠᠷᠠᠰᠤ ᠶᠢ ᠬᠠᠮᠠᠭᠠᠯᠠᠬᠤ ᠦᠢᠯᠡᠳᠦᠯ ᠲᠠᠢ ᠪᠠᠶᠢᠵᠤ᠂ ᠵᠠᠷᠢᠮ ᠮᠧᠬᠠᠨᠢᠭ ᠴᠢᠨᠠᠷᠲᠠᠢ ᠰᠡᠳᠦᠯᠲᠡ ᠪᠠ ᠠᠭᠠᠷ ᠳᠣᠲᠣᠷᠠᠬᠢ ᠬᠤᠣᠷᠲᠤ ᠪᠣᠳᠠᠰ ᠤᠨ ᠬᠤᠣᠷᠳᠠᠯ ᠠᠴᠠ ᠬᠠᠮᠠᠭᠠᠯᠠᠵᠤ ᠴᠢᠳᠠᠨ᠎ᠠ᠃ ᠦᠰᠦ ᠨᠢ ᠪᠠᠰᠠ ᠪᠡᠶ᠎ᠡ ᠶᠢᠨ ᠳᠤᠯᠠᠭᠠᠨ ᠢ ᠲᠣᠬᠢᠷᠠᠭᠤᠯᠬᠤ᠂ ᠭᠠᠳᠠᠭᠠᠳᠤ ᠣᠷᠴᠢᠨ ᠤ ᠰᠤᠷᠠᠭ ᠵᠠᠩᠭᠢ ᠶᠢ ᠴᠠᠭ ᠲᠤᠬᠠᠢ ᠳᠤᠨᠢ ᠶᠡᠭᠡ ᠲᠠᠷᠢᠬᠢᠨ ᠳᠤ ᠳᠠᠮᠵᠢᠭᠤᠯᠬᠤ ᠪᠠ ᠡᠪᠡᠳᠴᠢᠨ ᠡᠮᠭᠡᠭ ᠢ ᠮᠠᠭᠠᠳᠯᠠᠬᠤ ᠦᠢᠯᠡᠳᠦᠯ ᠲᠠᠢ ᠶᠤᠮ᠃ ᠦᠰᠦ ᠤᠨᠠᠬᠤ ᠨᠢ ᠶᠠᠮᠠᠷ ᠶᠠᠮᠠᠷ ᠡᠷᠡᠭᠦᠯ ᠮᠡᠨᠳᠦ ᠶᠢᠨ ᠳᠠᠯᠳᠠ ᠭᠡᠮ ᠲᠠᠢ ᠪᠣᠢ︖ ᠦᠰᠦ ᠤᠨᠠᠬᠤ ᠨᠢ ᠮᠠᠰᠢ ᠣᠯᠠᠨ ᠡᠪᠡᠳᠴᠢᠨ ᠲᠠᠢ ᠬᠤᠯᠪᠣᠭ᠎ᠠ ᠲᠠᠢ ᠪᠠᠶᠢᠳᠠᠭ᠃ ᠵᠢᠱᠢᠶᠡᠯᠡᠪᠡᠯ᠂ ᠬᠠᠯᠵᠠᠨ ᠲᠣᠯᠣᠭᠠᠢ ᠲᠠᠢ ᠡᠷᠡᠭᠲᠡᠶᠢᠴᠦᠳ ᠥᠲᠡᠯᠦᠭᠡ ᠨᠠᠰᠤᠨ ᠳᠠᠭᠠᠨ ᠤᠷᠢᠳᠤ ᠪᠤᠯᠴᠢᠷᠬᠠᠢ ᠶᠢᠨ ᠡᠪᠡᠳᠴᠢᠨ ᠣᠯᠬᠤ ᠨᠣᠷᠮ᠎ᠠ ᠥᠨᠳᠥᠷ ᠪᠠᠶᠢᠳᠠᠭ᠃ ᠬᠠᠯᠵᠠᠨ ᠪᠣᠯᠬᠤ ᠨᠢ ᠪᠠᠰᠠ ᠬᠥᠮᠥᠨ ᠤ ᠪᠡᠶ᠎ᠡ ᠶᠢᠨ ᠳᠠᠷᠬᠠᠯᠠᠭ᠎ᠠ ᠮᠠᠭᠤᠳᠠᠭᠰᠠᠨ ᠲᠠᠢ ᠬᠠᠷᠢᠴᠠᠭ᠎ᠠ ᠲᠠᠢ᠃ ᠲᠣᠯᠣᠭᠠᠢ ᠶᠢᠨ ᠠᠷᠠᠰᠤ ᠨᠢ ᠤᠷᠲᠤ ᠬᠤᠭᠤᠴᠠᠭ᠎ᠠ ᠪᠠᠷ ᠬᠦᠷᠡᠩ ᠤᠨ ᠭᠠᠳᠠᠨᠠᠬᠢ ᠲᠤᠶᠠᠭ᠎ᠠ ᠳᠤ ᠲᠤᠰᠬᠠᠭᠳᠠᠪᠠᠯ᠂ ᠲᠣᠯᠣᠭᠠᠢ ᠶᠢᠨ ᠬᠡᠰᠡᠭ ᠤᠨ ᠠᠷᠠᠰᠤᠨ ᠤ ᠬᠠᠪᠤᠳᠠᠷ ᠲᠤ ᠠᠮᠠᠷᠬᠠᠨ ᠨᠡᠷᠪᠡᠭᠳᠡᠵᠦ ᠮᠡᠳᠡᠨ᠎ᠡ᠃   
ᠢᠷᠡᠯᠲᠡ᠄ ᠰᠢᠯᠢ ᠶᠢᠨ ᠭᠤᠣᠯ ᠠᠢᠮᠠᠭ ᠤᠨ ᠵᠠᠬᠢᠷᠭ᠎ᠠ