ᠮᠠᠨ ᠤ ᠬᠤᠲᠠ ᠮᠠᠯ ᠲᠠᠷᠢᠶᠠᠯᠠᠩ ᠠᠵᠤ ᠠᠬᠤᠢ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ 3000 ᠲᠦᠮᠡᠨ ᠲᠦᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2024/7/4
    ᠡᠨᠡ ᠵᠢᠯ ᠤᠨ ᠬᠠᠪᠤᠷ ᠠᠴᠠ ᠨᠠᠭᠠᠰᠢ᠂ ᠮᠠᠨ ᠤ ᠬᠤᠲᠠ ᠶᠢᠨ ᠶᠡᠬᠡᠩᠬᠢ ᠭᠠᠵᠠᠷ ᠤᠷᠤᠨ ᠤ ᠠᠭᠠᠷ ᠤᠨ ᠳᠤᠯᠠᠭᠠᠨ ᠥᠨᠳᠥᠷ ᠪᠠᠶᠢᠵᠤ᠂ ᠠᠳᠠᠯᠢ ᠪᠤᠰᠤ ᠬᠡᠮᠵᠢᠶᠡᠨ  ᠤ ᠭᠠᠩ ᠬᠠᠭᠰᠠᠷᠠᠭᠠᠨ ᠭᠠᠷᠴᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠨᠡᠯᠢᠶᠡᠳ ᠶᠡᠭᠡ ᠨᠥᠯᠥᠭᠡ ᠦᠵᠡᠭᠦᠯᠵᠡᠢ᠃ ᠣᠶᠢᠷ᠎ᠠ ᠳᠤ᠂ ᠬᠠᠩᠭᠢᠨ ᠬᠤᠰᠢᠭᠤ᠂ ᠣᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤ ᠵᠡᠷᠭᠡ ᠭᠠᠵᠠᠷ ᠲᠤv ᠠᠶᠤᠩᠭᠠᠲᠤ ᠪᠣᠷᠣᠭᠠᠨ ᠣᠷᠣᠵᠣ᠂ ᠣᠬᠤᠷ ᠬᠤᠭᠤᠴᠠᠭᠠᠨ ᠤ ᠰᠢᠷᠦᠭᠦᠨ ᠪᠣᠷᠣᠭᠠᠨ᠂ ᠮᠥᠨᠳᠥᠷ ᠵᠡᠷᠭᠡ ᠴᠢᠩᠭ᠎ᠠ ᠰᠤᠯᠢᠭ ᠤᠷᠤᠰᠬᠠᠯ ᠤᠨ ᠴᠠᠭ ᠠᠭᠤᠷ ᠢᠯᠡᠷᠡᠵᠤ᠂ ᠡᠷᠳᠡᠨᠢ ᠰᠢᠰᠢ᠂ ᠨᠠᠷᠠᠨ ᠬᠤᠸᠠᠷ ᠵᠡᠷᠭᠡ ᠲᠠᠷᠢᠮᠠᠯ ᠠᠳᠠᠯᠢ ᠪᠤᠰᠤ ᠬᠡᠮᠵᠢᠶ᠎ᠡ  ᠪᠠᠷ ᠭᠠᠮᠰᠢᠭᠳᠠᠪᠠ᠃    ᠭᠠᠮᠰᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠮ ᠵᠠᠰᠠᠭ ᠤᠨ ᠭᠤᠣᠯ ᠤᠳᠤᠷᠢᠳᠤᠯᠭ᠎ᠠ ᠴᠠᠭ ᠳᠠᠷᠤᠢ ᠳᠤᠨᠢ ᠴᠣᠬᠤᠯᠠᠪᠤᠷᠢᠯᠠᠵᠤ᠂ ᠦᠶᠡᠷ ᠢ ᠰᠡᠷᠭᠡᠶᠢᠯᠡᠵᠤ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠦᠨᠳᠦ ᠨᠣᠴᠢᠲᠠᠢ ᠴᠢᠨᠠᠷ᠂ ᠪᠤᠳᠤᠯᠢᠶᠠᠨᠲᠤ ᠴᠢᠨᠠᠷ᠂ ᠳᠤᠯᠭᠠᠮ᠎ᠠ ᠴᠢᠨᠠᠷ ᠢ ᠭᠦᠢᠴᠡᠳ ᠲᠠᠨᠢᠵᠤ᠂ ᠡᠯ᠎ᠡ ᠵᠦᠢᠯ ᠤᠨ ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠮᠤᠷ ᠳᠥᠪᠰᠢᠨ ᠪᠠ ᠮᠠᠯᠴᠢᠨ ᠲᠠᠷᠢᠶᠠᠴᠢᠨ ᠤ ᠠᠰᠢᠭ ᠲᠤᠰᠠ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠠᠴᠠ ᠴᠠᠭ ᠳᠠᠷᠤᠢ ᠳᠤᠨᠢ ᠰᠠᠯᠠᠭ᠎ᠠ ᠮᠦᠴᠢᠷ ᠤᠨ ᠬᠤᠭᠤᠷᠤᠨᠳᠤᠬᠢ ᠬᠤᠯᠪᠤᠭᠠᠯᠠᠨ ᠬᠥᠲᠥᠯᠥᠯᠴᠡᠬᠦ ᠶᠢ ᠴᠢᠩᠭᠠᠳᠬᠠᠵᠤ᠂ ᠣᠯᠠᠨ ᠲᠠᠯ᠎ᠠ ᠪᠠᠷ ᠮᠥᠩᠭᠦ ᠴᠤᠭᠯᠠᠭᠤᠯᠤᠨ᠂ ᠭᠠᠮᠰᠢᠭ ᠠᠴᠠ ᠠᠪᠤᠷᠠᠬᠤ ᠡᠳ᠋ ᠪᠤᠳᠠᠰ ᠢ ᠴᠠᠭ ᠲᠤᠬᠠᠢ ᠳᠤᠨᠢ ᠪᠠᠭᠤᠯᠭᠠᠨ ᠥᠭᠴᠦ᠂ ᠭᠠᠮᠰᠢᠭᠳᠠᠭᠰᠠᠨ ᠭᠠᠵᠠᠷ ᠣᠷᠣᠨ ᠤ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠤᠨ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠠᠵᠢᠯ ᠢ ᠥᠷᠨᠢᠭᠦᠯᠪᠡ᠃ ᠤᠳᠤᠬᠠᠨ ᠪᠣᠯᠲᠠᠯ᠎ᠠ᠂ ᠪᠦᠬᠦ ᠬᠤᠲᠠ ᠳᠤ ᠨᠢᠭᠡᠨᠲᠡ 1100 ᠭᠠᠷᠤᠢ ᠲᠦᠮᠡᠨ ᠲᠦᠭᠦᠷᠢᠭ ᠤᠨ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠪᠡᠯᠡ ᠮᠥᠩᠭᠦ ᠭᠠᠷᠭᠠᠵᠤ᠂ ᠲᠠᠷᠢᠶᠠᠨ ᠦᠷ᠎ᠡ᠂ ᠲᠠᠷᠢᠶᠠᠨ ᠡᠮ᠂ ᠪᠤᠷᠳᠤᠭᠤᠷ ᠵᠡᠷᠭᠡ ᠡᠯ᠎ᠡ ᠲᠥᠷᠥᠯ ᠤᠨ ᠡᠳ᠋ ᠪᠤᠳᠠᠰ ᠢ 585.8 ᠲᠣᠨ ᠬᠤᠳᠠᠯᠳᠤᠨ ᠠᠪᠴᠦ᠂ ᠵᠢᠯᠥᠭᠤᠴᠢ ᠦᠭᠡᠢ ᠮᠠᠰᠢᠨ᠂ ᠤᠷᠭᠤᠮᠠᠯ ᠢ ᠬᠠᠮᠠᠭᠠᠯᠠᠬᠤ ᠮᠠᠰᠢᠨ᠂ ᠲᠠᠷᠢᠬᠤ ᠮᠠᠰᠢᠨ ᠢ 348 ᠢᠵᠢ ᠬᠡᠷᠡᠭᠯᠡᠵᠦ᠂ ᠨᠠᠷᠠᠨ ᠬᠤᠸᠠᠷ᠂ ᠡᠷᠳᠡᠨᠢ ᠰᠢᠰᠢ᠂ ᠤᠯᠠᠷᠢᠯ ᠤᠨ ᠴᠢᠨᠠᠷᠲᠠᠢ ᠢᠳᠡᠰᠢᠨ ᠨᠣᠭᠤᠭ᠎ᠠ ᠵᠡᠷᠭᠡ ᠲᠠᠷᠢᠮᠠᠯ ᠢ 1.3 ᠲᠦᠮᠡᠨ ᠮᠦ ᠨᠥᠬᠦᠵᠦ ᠲᠠᠷᠢᠭᠰᠠᠨ ᠪᠠᠶᠢᠨ᠎ᠠ᠃ ᠭᠠᠮᠰᠢᠭᠳᠠᠭᠰᠠᠨ ᠮᠠᠯᠴᠢᠨ ᠲᠠᠷᠢᠶᠠᠴᠢᠨ ᠤ ᠪᠠᠴᠢᠮ ᠬᠡᠷᠡᠭᠰᠡᠬᠦ ᠦᠷ᠎ᠡ ᠴᠢᠬᠢ᠂ ᠬᠢᠮᠢ ᠶᠢᠨ ᠪᠤᠷᠳᠤᠭᠤᠷ ᠲᠠᠷᠢᠶᠠᠨ ᠡᠮ᠂ ᠡᠪᠡᠰᠦ ᠪᠤᠷᠳᠤᠭ᠎ᠠ ᠵᠡᠷᠭᠡ ᠡᠳ᠋ ᠪᠤᠳᠠᠰ ᠢ ᠬᠤᠳᠠᠯᠳᠤᠨ ᠠᠪᠬᠤ ᠳᠤ ᠪᠠᠰᠠ ᠵᠣᠬᠢᠬᠤ ᠬᠡᠮᠵᠢᠶᠡᠨ ᠤ ᠪᠡᠯᠡ ᠮᠥᠩᠭᠦ ᠲᠤᠲᠠᠭᠳᠠᠵᠤ ᠪᠠᠶᠢᠬᠤ ᠶᠢ ᠣᠶᠢᠯᠭᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠣᠨᠴᠠᠭᠠᠢ ᠶᠠᠪᠤᠳᠠᠯ ᠢ ᠣᠨᠴᠠᠭᠠᠢ ᠰᠢᠢᠳᠪᠦᠷᠢᠯᠡᠵᠤ᠂ ᠶᠠᠪᠤᠴᠠ ᠶᠢ ᠳᠥᠭᠦᠮᠴᠢᠯᠡᠨ᠂ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠭᠠᠮᠰᠢᠭ  ᠠᠴᠠ ᠠᠪᠤᠷᠠᠬᠤ ᠪᠡᠯᠡ ᠮᠥᠩᠭᠦ ᠶᠢ 3000m ᠲᠦᠮᠡᠨ ᠲᠦᠭᠦᠷᠢᠭ ᠪᠠᠴᠢᠮ ᠪᠠᠭᠤᠯᠭᠠᠵᠤ᠂ ᠭᠠᠮᠰᠢᠭᠳᠠᠭᠰᠠᠨ ᠭᠠᠵᠠᠷ ᠣᠷᠣᠨ ᠤ ᠭᠠᠮᠰᠢᠭ ᠢ ᠰᠡᠷᠭᠡᠶᠢᠯᠡᠵᠤ ᠭᠠᠮᠰᠢᠭ ᠢ ᠪᠠᠭᠠᠰᠬᠠᠬᠤ ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢ ᠰᠡᠷᠭᠦᠭᠡᠬᠦ ᠠᠵᠢᠯ ᠳᠤ ᠬᠡᠷᠡᠭᠯᠡᠬᠦ ᠪᠣᠯᠣᠨ᠎ᠠ᠃ 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ