ᠨᠢᠭᠡ᠂ ᠮᠡᠷᠭᠡᠵᠢᠯ ᠤᠨ ᠲᠦᠢᠮᠣᠴᠢᠯᠠᠯ ᠬᠤᠷᠠᠭ᠎ᠠ ᠵᠢᠴᠢ ᠪᠡᠯᠡᠳᠬᠡᠯ ᠬᠤᠨᠢ ᠪᠣᠯ ᠬᠤᠨᠢᠨ ᠤ ᠠᠵᠤ ᠦᠢᠯᠡᠰ ᠤᠨ ᠰᠠᠭᠤᠷᠢ ᠪᠣᠯᠣᠨ᠎ᠠ᠃ ᠬᠤᠷᠠᠭ᠎ᠠ | ᠪᠤᠶᠢᠵᠢᠭᠤᠯᠬᠤ ᠳᠤ ᠪᠣᠳᠠᠲᠠᠢ ᠣᠷᠣᠰᠢᠵᠤ ᠪᠠᠶᠢᠭ᠎ᠠ ᠭᠤᠣᠯ ᠠᠰᠠᠭᠤᠳᠠᠯ ᠭᠡᠪᠡᠯ᠂ ᠬᠥᠬᠦᠭᠦᠯᠬᠦ ᠬᠤᠭᠤᠴᠠᠭ᠎ᠠ ᠨᠢ 90 ᠡᠳᠦᠷ ᠪᠠᠶᠢᠳᠠᠭ ᠴᠦ ᠪᠤᠶᠢᠵᠢᠯᠳᠠ ᠶᠢᠨ | ᠨᠣᠷᠮ᠎ᠠ ᠨᠢ 80% ᠬᠦᠷᠳᠡᠭ ᠦᠭᠡᠢ᠂ ᠬᠦᠨᠳᠦ ᠶᠢᠨ ᠨᠡᠮᠡᠭᠳᠡᠯ ᠨᠢ ᠤᠳᠠᠭᠠᠨ᠂ ᠵᠠᠷᠤᠴᠠᠭᠤᠯᠤᠯᠳᠠ ᠶᠢᠨ ᠨᠣᠷᠮ᠎ᠠ ᠨᠢ ᠳᠣᠣᠷ᠎ᠠ ︵ᠶᠡᠷᠦ ᠳᠡᠭᠡᠨ 12 ᠰᠠᠷ᠎ᠠ | ᠬᠡᠷᠡᠭᠰᠡᠨ᠎ᠡ︶᠂ ᠴᠢᠨᠠᠷ ᠰᠠᠶᠢᠲᠠᠢ ᠪᠡᠯᠡᠳᠬᠡᠯ ᠬᠤᠨᠢᠨ ᠤ ᠢᠷᠡᠯᠲᠡ ᠨᠢ ᠬᠦᠷᠦᠯᠴᠡᠬᠦ ᠦᠭᠡᠢ ᠠᠴᠠ ᠪᠣᠯᠵᠤ᠂ ᠠᠵᠤ ᠦᠢᠯᠡᠰ ᠤᠨ ᠬᠥᠭᠵᠢᠯᠲᠡ ᠳᠤ ᠪᠡᠯᠡᠳᠬᠡᠯ ᠬᠦᠴᠦᠨ | ᠲᠤᠲᠠᠭᠳᠠᠵᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠳᠣᠣᠷ᠎ᠠ᠂ ᠮᠠᠯᠴᠢᠨ ᠲᠠᠷᠢᠶᠠᠴᠢᠨ ᠤ ᠲᠡᠵᠢᠭᠡᠨ ᠦᠷᠡᠵᠢᠭᠦᠯᠬᠦ ᠦᠷ᠎ᠡ ᠠᠰᠢᠭ ᠳᠣᠣᠷ᠎ᠠ ᠪᠣᠯᠵᠤ᠂ | ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠰᠢᠭᠤᠳ ᠨᠦᠯᠦᠭᠡᠯᠡᠳᠡᠭ᠃ ︽ᠬᠤᠷᠠᠭ᠎ᠠ ᠶᠢ ᠡᠬᠡ ᠠᠴᠠ ᠨᠢ ᠰᠠᠯᠭᠠᠭᠰᠠᠨ ᠡᠬᠢᠨ ᠤ ᠬᠤᠭᠤᠴᠠᠭ᠎ᠠ ᠪᠠ ᠤᠭᠵᠢᠬᠤ | ᠮᠡᠷᠭᠡᠵᠢᠯ︾ ᠢ 2000 ᠣᠨ ᠠᠴᠠ ᠡᠬᠢᠯᠡᠨ ᠰᠤᠳᠤᠯᠵᠤ᠂ ᠣᠳᠣᠬᠠᠨ ᠳᠤ ᠨᠢᠭᠡᠨᠲᠡ ᠨᠢᠭᠡ ᠢᠵᠢ ᠬᠤᠷᠠᠭᠠᠨ ᠤ ᠰᠦ ᠶᠢ ᠤᠷᠤᠯᠠᠭᠤᠯᠬᠤ ᠦᠢᠯᠡᠳᠬᠦᠨ ᠢ | ᠰᠤᠳᠤᠯᠤᠨ ᠨᠡᠭᠡᠭᠡᠬᠦ᠂ ᠲᠡᠵᠢᠭᠡᠬᠦ ᠳᠤ ᠰᠠᠭᠤᠷᠢᠯᠠᠭᠰᠠᠨ ᠠᠩᠬᠠᠨ ᠤ ᠬᠤᠭᠤᠴᠠᠭᠠᠨ ᠤ ᠰᠦ ᠠᠴᠠ ᠨᠢ ᠰᠠᠯᠭᠠᠬᠤ ᠡᠷᠡᠭᠦᠯ ᠢᠶᠠᠷ ᠪᠤᠶᠢᠵᠢᠭᠤᠯᠬᠤ ᠮᠡᠷᠭᠡᠵᠢᠯ ᠤᠨ | ᠰᠢᠰᠲ᠋ᠧᠮ ᠢ ᠪᠠᠶᠢᠭᠤᠯᠵᠤ᠂ ᠲᠣᠰ ᠮᠡᠷᠭᠡᠵᠢᠯ ᠢ ᠪᠥᠬᠦ ᠤᠯᠤᠰ ᠲᠤ 10 ᠭᠠᠷᠤᠢ ᠵᠢᠯ ᠳᠡᠯᠭᠡᠷᠡᠭᠦᠯᠦᠨ ᠬᠡᠷᠡᠭᠯᠡᠭᠡᠳ ᠬᠤᠨᠢ ᠲᠡᠵᠢᠭᠡᠬᠦ ᠡᠷᠦᠬᠡ ᠳᠤ ᠮᠡᠳᠡᠷᠡᠭᠳᠡᠵᠦ᠂ | ᠬᠤᠷᠠᠭ᠎ᠠ ᠶᠢᠨ ᠪᠤᠶᠢᠵᠢᠯᠳᠠ ᠶᠢᠨ ᠨᠣᠷᠮ᠎ᠠ ᠶᠢ ᠳᠡᠭᠡᠭᠰᠢᠯᠡᠭᠦᠯᠬᠦ ᠬᠠᠮᠤᠭ ᠤᠨ ᠲᠡᠷᠢᠭᠦᠨ ᠰᠤᠩᠭᠤᠯᠲᠠ ᠶᠢᠨ ᠮᠡᠷᠭᠡᠵᠢᠯ ᠪᠣᠯᠤᠭᠰᠠᠨ ᠪᠠᠶᠢᠨ᠎ᠠ᠃ | ᠬᠤᠶᠠᠷ᠂ ᠮᠡᠷᠭᠡᠵᠢᠯ ᠤᠨ ᠭᠤᠣᠯᠳᠠᠯᠭ᠎ᠠ ᠰᠦ ᠶᠢ ᠤᠷᠤᠯᠠᠭᠤᠯᠬᠤ ᠦᠢᠯᠡᠳᠬᠦᠨ ᠢᠶᠠᠷ ᠲᠡᠵᠢᠭᠡᠬᠦ ᠠᠷᠭ᠎ᠠ ᠪᠠ ᠡᠳᠦᠷ ᠤᠨ ᠪᠣᠷᠳᠤᠭ᠎ᠠ ᠶᠢ ᠨᠠᠶᠢᠷᠠᠭᠤᠯᠬᠤ | ᠮᠡᠷᠭᠡᠵᠢᠯ᠃ ᠬᠤᠷᠠᠭ᠎ᠠ ᠲᠦᠯᠯᠡᠭᠰᠡᠨ ᠤ ᠳᠠᠷᠠᠭᠠᠬᠢ 1~7 ᠡᠳᠦᠷ ᠤᠨ ᠬᠤᠭᠤᠴᠠᠭᠠᠨ ᠳᠤ ᠡᠬᠡ ᠪᠠᠨ ᠬᠦᠬᠦᠵᠦ᠂ 7~14 ᠡᠳᠦᠷ ᠤᠨ ᠬᠤᠭᠤᠴᠠᠭᠠᠨ ᠳᠤ ᠡᠬᠡ ᠶᠢᠨ | ᠰᠦ ᠪᠠ ᠰᠦ ᠶᠢ ᠤᠷᠤᠯᠠᠭᠤᠯᠬᠤ ᠦᠢᠯᠡᠳᠬᠦᠨ ᠢᠶᠠᠷ ᠲᠡᠵᠢᠭᠡᠬᠦ ᠰᠢᠯᠵᠢᠯᠲᠡ ᠶᠢᠨ ᠬᠤᠭᠤᠴᠠᠭ᠎ᠠ ᠶᠢ ᠦᠩᠭᠡᠷᠡᠭᠡᠨ᠂ 15 ᠡᠳᠦᠷ ᠤᠨ ᠬᠤᠭᠤᠴᠠᠭᠠᠨ ᠳᠤ ᠡᠬᠡ ᠶᠢᠨ | ᠰᠦ ᠠᠴᠠ ᠨᠢ ᠰᠠᠯᠭᠠᠵᠤ ᠰᠦ ᠶᠢ ᠤᠷᠤᠯᠠᠭᠤᠯᠬᠤ ᠦᠢᠯᠡᠳᠬᠦᠨ ᠢᠶᠠᠷ ᠲᠡᠵᠢᠭᠡᠵᠦ᠂ 20 ᠡᠳᠦᠷ ᠤᠨ ᠬᠤᠭᠤᠴᠠᠭᠠᠨ ᠳᠤ ᠬᠤᠷᠠᠭᠠᠨ ᠤ ᠵᠠᠳᠠᠭᠠᠢ ᠪᠤᠷᠳᠤᠭ᠎ᠠ ᠶᠢ | ᠳᠤᠷ᠎ᠠ ᠪᠠᠷ ᠨᠢ ᠢᠳᠡᠭᠦᠯᠦᠨ᠎ᠡ᠃ | ᠪᠣᠳᠠᠲᠠᠢ ᠠᠷᠭ᠎ᠠ ᠨᠢ ᠳᠣᠣᠷᠠᠬᠢ ᠮᠡᠲᠦ᠄ | ᠰᠦ ᠶᠢ ᠤᠷᠤᠯᠠᠭᠤᠯᠬᠤ ᠲᠠᠯᠬ᠎ᠠ ᠪᠠᠷ ᠲᠡᠵᠢᠭᠡᠬᠦ ᠠᠴᠠ ᠡᠮᠦᠨ᠎ᠡ ᠪᠤᠴᠠᠯᠤᠭᠰᠠᠨ ᠤ ᠳᠠᠷᠠᠭ᠎ᠠ ᠬᠥᠷᠥᠭᠡᠭᠡᠳ 50℃ ᠪᠣᠯᠬᠤ ᠬᠠᠯᠠᠭᠤᠨ ᠤᠰᠤ ᠪᠠᠷ ᠰᠦᠨ | ᠲᠠᠯᠬ᠎ᠠ᠄ ᠤᠰᠤ =1᠄ ︵5 ~ 7︶ ᠬᠠᠷᠢᠴᠠᠯ ᠢᠶᠠᠷ ᠳᠡᠪᠲᠦᠭᠡᠵᠦ᠂ ᠳᠠᠬᠢᠨ ᠬᠥᠷᠥᠭᠡᠭᠡᠳ 40℃ ᠤᠷᠴᠢᠮ ᠪᠤᠯᠭᠠᠭᠠᠳ ᠲᠡᠵᠢᠭᠡᠨ᠎ᠡ᠃ ᠲᠡᠵᠢᠭᠡᠭᠰᠡᠨ ᠤ | ᠳᠠᠷᠠᠭ᠎ᠠ ᠴᠡᠪᠡᠷ ᠠᠯᠴᠢᠭᠤᠷ ᠢᠶᠠᠷ ᠬᠤᠷᠠᠭᠠᠨ ᠤ ᠵᠠᠪᠠᠵᠢ ᠳᠤ ᠨᠠᠭᠠᠯᠳᠤᠭᠰᠠᠨ ᠰᠦᠨ ᠰᠢᠩᠭᠡᠨ ᠢ ᠵᠦᠯᠭᠦᠵᠦ ᠴᠡᠪᠡᠷᠯᠡᠨ᠎ᠡ᠃ ᠬᠤᠷᠠᠭᠠᠨ ᠤ ᠥᠰᠦᠯᠲᠡ | ᠪᠤᠶᠢᠵᠢᠯᠲᠠ ᠶᠢᠨ ᠪᠠᠶᠢᠳᠠᠯ ᠢ ᠦᠨᠳᠦᠰᠦᠯᠡᠨ 60 ~ 90 ᠡᠳᠦᠷ ᠤᠨ ᠬᠤᠭᠤᠴᠠᠭᠠᠨ ᠳᠤ ᠰᠦ ᠶᠢ ᠤᠷᠤᠯᠠᠭᠤᠯᠬᠤ ᠦᠢᠯᠡᠳᠬᠦᠨ ᠪᠤᠶᠤ ᠰᠢᠩᠭᠡᠨ ᠪᠡᠶᠡᠲᠦ | ᠲᠡᠵᠢᠭᠡᠯ ᠢ ᠵᠣᠭᠰᠣᠭᠠᠵᠤ᠂ ︽ᠪᠡᠯᠴᠢᠭᠡᠷᠯᠡᠭᠦᠯᠬᠦ + ᠲᠡᠵᠢᠭᠡᠯ ᠨᠥᠬᠦᠪᠦᠷᠢᠯᠡᠬᠦ︾ ᠲᠠᠷᠭᠤᠯᠠᠭᠤᠯᠬᠤ ᠬᠤᠭᠤᠴᠠᠭᠠᠨ ᠳᠤ ᠣᠷᠣᠭᠤᠯᠤᠨ᠎ᠠ᠂ ᠬᠤᠷᠠᠭᠠᠨ ᠤ ᠥᠰᠦᠯᠲᠡ | ᠪᠤᠶᠢᠵᠢᠯᠲᠠ ᠪᠣᠯᠣᠨ ᠪᠡᠶ᠎ᠡ ᠶᠢᠨ ᠬᠦᠨᠳᠦ ᠶᠢᠨ ᠬᠤᠪᠢᠷᠠᠯᠲᠠ ᠶᠢ ᠦᠨᠳᠦᠰᠦᠯᠡᠨ ᠲᠡᠵᠢᠭᠡᠯ ᠪᠤᠷᠳᠤᠭ᠎ᠠ ᠨᠦᠬᠦᠪᠦᠷᠢᠯᠡᠬᠦ ᠬᠡᠮᠵᠢᠶ᠎ᠡ ᠪᠠᠨ ᠢᠳᠡᠭ ᠢᠳᠡᠭ ᠢᠶᠠᠷ | ᠨᠡᠮᠡᠭᠳᠡᠭᠦᠯᠵᠦ᠂ 6 ᠰᠠᠷ᠎ᠠ ᠪᠤᠯᠤᠭᠰᠠᠨ ᠤ ᠳᠠᠷᠠᠭ᠎ᠠ ᠵᠠᠷᠤᠴᠠᠭᠤᠯᠤᠯᠳᠠ ᠳᠤ ᠤᠷᠤᠭᠤᠯᠤᠨ᠎ᠠ᠃ ᠬᠤᠷᠠᠭᠠᠨ ᠤ ᠵᠠᠳᠠᠭᠠᠢ ᠪᠤᠷᠳᠤᠭᠠᠨ ᠤ ᠢᠳᠡᠰᠢᠨ ᠤ ᠨᠠᠶᠢᠷᠠᠯᠭ᠎ᠠ ᠨᠢ | ᠡᠷᠳᠡᠨᠢ ᠰᠢᠰᠢ 70%᠂ ᠰᠢᠬᠠᠳᠠᠰᠤ ᠶᠢᠨ ᠲᠦᠷᠦᠯ 20%᠂ ᠬᠡᠪᠡᠭ 5%᠂ ᠬᠤᠯᠢᠮᠠᠭ ᠰᠢᠭᠠᠷᠤ 3.5%᠂ ᠳᠠᠪᠤᠰᠤ 0. 5%᠂ ᠸᠢᠲ᠋ᠠᠮᠢᠨ ᠪᠣᠯᠣᠨ ᠪᠢᠴᠢᠯ | ᠡᠯᠧᠮᠧᠨ᠋ᠲ ᠤᠨ ᠬᠤᠯᠢᠮᠠᠭ ᠲᠡᠵᠢᠭᠡᠯ ᠪᠣᠷᠳᠤᠭ᠎ᠠ 1%᠃ ᠬᠤᠨᠤᠭ ᠤᠨ ᠲᠡᠵᠢᠭᠡᠯ ᠤᠨ ᠨᠠᠶᠢᠷᠠᠯᠭ᠎ᠠ ᠶᠢ ᠬᠤᠷᠠᠭᠠᠨ ᠤ ᠪᠡᠶ᠎ᠡ ᠶᠢᠨ ᠪᠠᠶᠢᠳᠠᠯ ᠢ ᠦᠨᠳᠦᠰᠦᠯᠡᠨ | ᠲᠣᠬᠢᠷᠠᠭᠤᠯᠵᠤ᠂ ᠲᠦᠷᠭᠡᠨ ᠦᠰᠦᠯᠳᠡ ᠪᠠ ᠪᠤᠶᠢᠵᠢᠯᠳᠠ ᠶᠢᠨ ᠱᠠᠭᠠᠷᠳᠠᠯᠭ᠎ᠠ ᠶᠢ ᠬᠠᠩᠭᠠᠨ᠎ᠠ᠃ | |