ᠦᠨᠳᠦᠰᠦᠨ ᠱᠠᠲᠤᠨ ᠤ ᠮᠠᠯ ᠡᠮᠨᠡᠯᠭᠡ ᠶᠢᠨ ᠵᠠᠯᠠᠭᠤ ᠡᠮᠴᠢ
ᠨᠡᠶᠢᠲᠡᠯᠡᠭᠰᠡᠨ ᠴᠠᠭ᠄
2024/7/8
     ᠣᠲᠤᠭ ᠬᠤᠰᠢᠭᠤᠨ ᠳᠤ ᠡᠶᠢᠮᠦ ᠨᠢᠭᠡ ᠵᠠᠯᠠᠭᠤ ᠡᠮᠴᠢ ᠦᠨᠳᠦᠰᠦᠨ ᠱᠠᠲᠤᠨ ᠳᠤ ᠭᠦᠨᠵᠡᠭᠡᠶᠢᠷᠡᠨ ᠮᠠᠯᠴᠢᠨ ᠲᠦᠮᠡᠨ ᠳᠤ ᠮᠠᠯ ᠡᠮᠨᠡᠯᠭᠡ ᠶᠢᠨ ᠦᠢᠯᠡᠴᠢᠯᠡᠭᠡ ᠬᠠᠩᠭᠠᠵᠤ᠂ ᠮᠠᠯᠴᠢᠨ ᠲᠦᠮᠡᠨ ᠤ ᠵᠠᠷᠤᠯᠭ᠎ᠠ ᠶᠢ ᠪᠠᠭᠠᠰᠬᠠᠨ ᠣᠷᠣᠯᠭ᠎ᠠ ᠶᠢ ᠳᠡᠭᠡᠭᠰᠢᠯᠡᠭᠦᠯᠵᠦ᠂  ᠲᠡᠳᠡᠨᠨ ᠰᠠᠶᠢᠨ ᠬᠠᠨᠢ ᠪᠣᠯᠵᠤ ᠪᠠᠶᠢᠨ᠎ᠠ᠂ ᠡᠨᠡ ᠪᠣᠯ ᠮᠠᠯ ᠤᠨ ᠡᠮᠴᠢ ᠪᠦᠬᠡ ᠪᠣᠯᠣᠨ᠎ᠠ᠃     ᠰᠤᠷᠭᠠᠭᠤᠯᠢ ᠲᠡᠭᠦᠰᠦᠭᠰᠡᠨ ᠤ ᠳᠠᠷᠠᠭ᠎ᠠ ᠶᠡᠭᠡ ᠬᠤᠲᠠ ᠳᠤ ᠠᠵᠢᠯᠯᠠᠬᠤ ᠪᠤᠶᠤ ᠲᠣᠮᠣ ᠠᠵᠤ ᠠᠬᠤᠶᠢᠯᠠᠯ ᠳᠤ ᠣᠷᠣᠵᠣ ᠠᠵᠢᠯᠯᠠᠬᠤ ᠲᠣᠬᠢᠶᠠᠯ ᠣᠯᠠᠨ ᠪᠠᠶᠢᠭᠰᠠᠨ ᠴᠦ ᠲᠡᠷᠡ ᠨᠤᠲᠤᠭ ᠲᠠᠭᠠᠨ ᠪᠤᠴᠠᠵᠤ ᠮᠠᠯ ᠤᠨ ᠡᠮᠴᠢ ᠪᠣᠯᠵᠠᠢ᠃ ᠣᠲᠤᠭ ᠬᠤᠰᠢᠭᠤᠨ ᠤ ᠮᠦ ᠺᠠᠩ ᠮᠠᠯ ᠤᠨ ᠡᠮᠨᠡᠯᠭᠡ ᠶᠢᠨ ᠬᠤᠷᠢᠶᠠᠨ ᠳᠤ ᠮᠠᠯᠴᠢᠳ ᠰᠢᠷᠬᠠᠳᠤᠭᠰᠠᠨ ᠮᠠᠯ ᠢᠶᠠᠨ ᠠᠪᠴᠢᠷᠠᠵᠤ ᠦᠵᠡᠭᠦᠯᠬᠦ ᠳᠤ ᠪᠦᠬᠡ ᠲᠡᠷᠡ ᠳᠠᠷᠤᠢ ᠳᠤᠨᠢ ᠡᠮᠨᠡᠯᠭᠡ ᠶᠢᠨ ᠴᠠᠭᠠᠨ ᠬᠤᠪᠴᠠᠰᠤ ᠪᠠᠨ ᠡᠮᠦᠰᠦᠭᠡᠳ ᠮᠠᠯ ᠤᠨ ᠰᠢᠷᠬ᠎ᠠ ᠶᠢ ᠪᠠᠶᠢᠴᠠᠭᠠᠨ ᠦᠵᠡᠵᠤ ᠡᠮᠴᠢᠯᠡᠭᠡ ᠬᠢᠯ᠎ᠡ᠃ ᠪᠦᠬᠡ᠄ ︽ᠡᠮᠴᠢ ᠪᠤᠯᠤᠭᠰᠠᠨ ᠤ ᠬᠤᠪᠢ ᠳᠤ᠂ ᠡᠷᠬᠡᠪᠡᠰᠢ ᠠᠯᠢᠪᠠ ᠠᠮᠢ ᠨᠠᠰᠤ ᠶᠢ ᠬᠥᠨᠳᠦᠳᠬᠡᠬᠦ ᠬᠡᠷᠡᠭᠲᠡᠢ᠂ ᠮᠠᠯ ᠤᠨ ᠡᠪᠡᠳᠴᠢᠨ ᠢ ᠡᠮᠨᠡᠬᠦ ᠨᠢ ᠪᠠᠰᠠ ᠴᠦ ᠦᠬᠦᠯ ᠠᠴᠠ ᠠᠪᠤᠷᠠᠨ ᠰᠢᠷᠬᠠᠳᠤᠭᠰᠠᠳ ᠢ ᠲᠡᠩᠬᠡᠷᠡᠭᠦᠯᠬᠦ ᠶᠠᠪᠤᠳᠠᠯ ᠮᠦᠨ︾ ᠭᠡᠵᠤ ᠪᠠᠶᠢᠯ᠎ᠠ᠃ ᠲᠡᠷᠡ ᠠᠪᠢᠶᠠᠰ ᠴᠢᠳᠠᠪᠤᠷᠢ ᠪᠠᠨ ᠪᠠᠳᠠᠷᠠᠭᠤᠯᠵᠤ᠂ ᠲᠤᠬᠠᠢ ᠶᠢᠨ ᠭᠠᠵᠠᠷ ᠤᠨ ᠮᠠᠯ ᠡᠮᠨᠡᠯᠭᠡ  ᠠᠵᠢᠯ ᠳᠤ ᠢᠳᠡᠪᠬᠢᠲᠡᠢ ᠤᠷᠤᠯᠴᠠᠵᠤ᠂ 2022 ᠣᠨ ᠠᠴᠠ ᠣᠳᠣ ᠪᠤᠯᠲᠠᠯ᠎ᠠ ᠲᠤᠬᠠᠢ ᠶᠢᠨ ᠭᠠᠵᠠᠷ ᠤᠨ ᠮᠠᠯᠴᠢᠳ ᠲᠤ ᠨᠡᠶᠢᠲᠡ 3000 ᠰᠢᠬᠠᠮ ᠦᠬᠡᠷ ᠬᠤᠨᠢ ᠶᠢ ᠠᠪᠤᠷᠠᠵᠤ ᠡᠮᠴᠢᠯᠡᠨ ᠥᠭᠴᠦ᠂ ᠮᠠᠯᠴᠢᠨ ᠲᠦᠮᠡᠨ ᠤ ᠪᠠᠨ ᠰᠠᠶᠢᠰᠢᠶᠠᠯ ᠢ ᠠᠷᠪᠢᠨ ᠣᠯᠵᠠᠢ᠃     2023 ᠣᠨ ᠤ ᠡᠪᠦᠯ᠂ ᠲᠡᠷᠡ ᠲᠤᠬᠠᠢ ᠶᠢᠨ ᠭᠠᠵᠠᠷ ᠤᠨ ᠮᠠᠯᠴᠢᠨ ᠤ 200 ᠭᠠᠷᠤᠢ ᠢᠰᠢᠭᠡ ᠶᠢᠨ ᠴᠢᠴᠠᠭ᠎ᠠ ᠠᠯᠳᠠᠬᠤ ᠶᠢ ᠠᠮᠵᠢᠯᠲᠠ ᠲᠠᠢ ᠡᠮᠴᠢᠯᠡᠭᠰᠡᠨ ᠎ ᠨᠢ ᠲᠡᠭᠦᠨ ᠳᠤ ᠮᠠᠷᠲᠠᠭᠳᠠᠰᠢ ᠦᠭᠡᠢ ᠨᠢᠭᠡᠨ ᠶᠠᠪᠤᠳᠠᠯ ᠪᠤᠯᠤᠭᠰᠠᠨ ᠪᠦᠭᠡᠳ ᠥᠪᠡᠷ ᠤᠨ ᠪᠡᠶ᠎ᠡ ᠳᠡᠭᠡᠨ ᠨᠡᠩ ᠢᠲᠡᠭᠡᠯ ᠲᠠᠢ ᠪᠣᠯᠵᠠᠢ᠃ ᠨᠡᠩ ᠤᠯᠠᠨ ᠮᠠᠯᠴᠢᠳ ᠲᠤ ᠡᠳᠦᠷ ᠳᠤᠲᠤᠮ ᠤᠨ ᠠᠮᠢᠳᠤᠷᠠᠯ ᠤᠨ ᠳᠤᠮᠳᠠ ᠬᠡᠷᠬᠢᠨ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠲᠤᠬᠠᠢ ᠣᠶᠢᠯᠠᠭᠠᠭᠤᠯᠵᠤ᠂ ᠮᠠᠯ ᠤᠨ ᠡᠪᠡᠳᠴᠢᠨ ᠡᠮᠬᠡᠭ ᠠᠴᠠ ᠬᠡᠷᠬᠢᠨ ᠵᠠᠶᠢᠯᠠᠰᠬᠢᠬᠤ ᠶᠢ ᠲᠠᠶᠢᠯᠪᠤᠷᠢᠯᠠᠨ ᠥᠭᠬᠦ ᠶᠢᠨ ᠲᠥᠯᠥᠭᠡ᠂ ᠤᠳᠤᠬᠠᠨ ᠳᠤ᠂ ᠲᠡᠷᠡ ᠤᠯᠠᠨ ᠨᠡᠶᠢᠲᠡ ᠶᠢᠨ ᠳᠠᠪᠴᠠᠩ ᠭᠠᠷᠭᠠᠵᠤ᠂ ᠮᠠᠯᠴᠢᠨ ᠲᠠᠷᠢᠶᠠᠴᠢᠨ ᠳᠤ ᠰᠢᠭᠤᠳ ᠨᠡᠪᠲᠡᠷᠡᠭᠦᠯᠭᠡ ᠬᠢᠬᠦ ᠪᠠᠷ ᠲᠥᠯᠥᠪᠯᠡᠵᠤ ᠪᠠᠶᠢᠨ᠎ᠠ᠃
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ