ᠥᠨᠳᠥᠷ ᠳᠤᠮᠳᠠᠳᠤ ᠳᠤ ᠳᠡᠪᠰᠢᠬᠦ ᠰᠢᠯᠭᠠᠯᠲᠠ ᠶᠢᠨ ᠬᠢᠷᠢ ᠪᠦᠲᠦᠮᠵᠢ ᠪᠠᠨ ᠪᠠᠶᠢᠴᠠᠭᠠᠨ ᠯᠠᠪᠯᠠᠵᠤ ᠪᠣᠯᠣᠨ᠎ᠠ
ᠨᠡᠶᠢᠲᠡᠯᠡᠭᠰᠡᠨ ᠴᠠᠭ᠄
2024/7/8
    7  ᠰᠠᠷ᠎ᠠ ᠶᠢᠨ 8 ᠤ ᠡᠳᠦᠷ ᠤᠨ 21᠄ 00 ᠴᠠᠭ ᠲᠤ ᠥᠨᠳᠥᠷ ᠳᠤᠮᠳᠠᠳᠤ ᠳᠤ ᠳᠡᠪᠰᠢᠬᠦ ᠰᠢᠯᠭᠠᠯᠲᠠ ᠶᠢᠨ ᠬᠢᠷᠢ ᠪᠦᠲᠦᠮᠵᠢ ᠪᠠᠨ ᠪᠠᠶᠢᠴᠠᠭᠠᠵᠤ ᠳᠡᠶᠢᠯᠬᠦ ᠪᠣᠯᠪᠠ᠃    1. ︽ᠮᠥᠩᠬᠡ ᠰᠣᠪᠠᠭ︾ APP ᠶᠢ ᠨᠡᠭᠡᠭᠡᠵᠤ᠂ ᠲᠦᠷᠦᠭᠦᠦ ᠨᠢᠭᠤᠷ ᠲᠤ ︽ᠥᠨᠳᠥᠷ ᠳᠤᠮᠳᠠᠳᠤ ᠳᠤ ᠳᠡᠪᠰᠢᠬᠦ ᠰᠢᠯᠭᠠᠯᠲᠠ ᠶᠢᠨ ᠬᠤᠪᠢ ᠶᠢ ᠪᠠᠶᠢᠴᠠᠭᠠᠨ ᠯᠠᠪᠯᠠᠬᠤ︾ ᠶᠢ ᠲᠣᠪᠴᠢᠳᠠᠨ ᠠᠶᠢᠮᠠᠭ ᠬᠤᠲᠠ ᠪᠠᠨ ᠰᠤᠩᠭᠤᠵᠤ᠂ ᠰᠢᠯᠭᠠᠭᠤᠯᠤᠭᠴᠢ ᠶᠢᠨ ᠮᠡᠳᠡᠭᠡ ᠵᠠᠩᠬᠢ ᠶᠢ ᠤᠷᠤᠭᠤᠯᠪᠠᠯ ᠳᠠᠷᠤᠢ ᠪᠠᠶᠢᠴᠠᠭᠠᠨ ᠯᠠᠪᠯᠠᠵᠤ ᠪᠣᠯᠣᠨ᠎ᠠ᠃    2. ︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾ ᠶᠢ ᠨᠡᠭᠡᠭᠡᠵᠤ᠂ ᠲᠦᠷᠦᠬᠦᠦ ᠨᠢᠭᠤᠷ ᠠᠴᠠ ︽ᠥᠨᠳᠥᠷ ᠳᠤᠮᠳᠠᠳᠤ ᠳᠤ ᠳᠡᠪᠰᠢᠬᠦ ᠰᠢᠯᠭᠠᠯᠲᠠ ᠶᠢᠨ ᠬᠤᠪᠢ ᠶᠢ ᠪᠠᠶᠢᠴᠠᠭᠠᠨ ᠯᠠᠪᠯᠠᠬᠤ︾ ᠦᠢᠯᠡᠴᠢᠯᠡᠭᠡ ᠶᠢ ᠲᠣᠪᠴᠢᠳᠠᠨ ᠠᠶᠢᠮᠠᠭ ᠬᠤᠲᠠ ᠪᠠᠨ ᠰᠤᠩᠭᠤᠵᠤ᠂ ᠰᠢᠯᠭᠠᠭᠤᠯᠤᠭᠴᠢ ᠶᠢᠨ ᠮᠡᠳᠡᠭᠡ ᠵᠠᠩᠭᠢ ᠶᠢ ᠣᠷᠣᠭᠤᠯᠪᠠᠯ ᠳᠠᠷᠤᠢ ᠪᠠᠶᠢᠴᠠᠭᠠᠨ ᠯᠠᠪᠯᠠᠵᠤ ᠪᠣᠯᠣᠨ᠎ᠠ᠃ 
微信图片_20240708154910.jpg
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ