ᠰᠥᠨᠢᠳ ᠤᠨ ᠲᠠᠯ᠎ᠠ ᠳᠤ ᠬᠤᠷᠠᠮᠳᠤᠭᠰᠠᠨ ᠲᠣᠰᠣᠯ ᠬᠠᠶᠢᠷ᠎ᠠ ᠶᠢᠨ ᠪᠤᠶᠠᠨ
ᠨᠡᠶᠢᠲᠡᠯᠡᠭᠰᠡᠨ ᠴᠠᠭ᠄
2024/7/8
    ᠡᠨᠡ ᠵᠢᠯ᠂ ᠰᠢᠯᠢ ᠶᠢᠨ ᠭᠤᠣᠯ ᠤᠨ ᠰᠦᠨᠢᠳ ᠪᠠᠷᠠᠭᠤᠨ ᠬᠤᠰᠢᠭᠤ ᠵᠡᠷᠭᠡ ᠭᠠᠵᠠᠷ ᠢᠶᠠᠷ ᠭᠠᠩ ᠬᠠᠭᠰᠠᠷᠠᠭᠠᠨ ᠳᠤ ᠤᠴᠠᠷᠠᠵᠤ᠂ ᠮᠠᠯ ᠤᠨ ᠲᠡᠵᠢᠭᠡᠯ ᠡᠪᠡᠰᠦ ᠲᠤᠲᠠᠭᠳᠠᠵᠤ ᠪᠠᠶᠢᠭ᠎ᠠ ᠪᠠᠶᠢᠳᠠᠯ ᠳᠤ᠂ ᠥᠪᠥᠷ ᠮᠣᠩᠭᠤᠯ ᠤᠨ ᠲᠣᠰᠣᠯ ᠳᠠᠯᠠᠢ ᠪᠤᠶᠠᠨ ᠤ ᠦᠢᠯᠡᠰ ᠤᠨ ᠨᠡᠶᠢᠬᠡᠮᠯᠢᠭ ᠨᠢ ᠥᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ᠂ ᠪᠦᠯᠬᠦᠮ ᠨᠡᠶᠢᠲᠡ ᠪᠠ ᠬᠤᠪᠢ ᠬᠦᠮᠦᠨ ᠢ ᠤᠷᠢᠶᠠᠯᠠᠨ ᠳᠠᠶᠢᠴᠢᠯᠠᠵᠤ᠂ ᠭᠠᠩ ᠭᠠᠮᠰᠢᠭ ᠠᠴᠠ ᠠᠪᠤᠷᠠᠨ ᠲᠤᠰᠠᠯᠠᠬᠤ ᠠᠵᠢᠯ ᠳᠤ ᠢᠳᠡᠪᠬᠢᠲᠡᠢ ᠤᠷᠤᠯᠴᠠᠭᠤᠯᠵᠤ᠂ ᠪᠤᠶᠠᠨ ᠤ ᠦᠢᠯᠡᠰ ᠤᠨ ᠨᠡᠮᠡᠷᠢ ᠬᠠᠨᠳᠢᠪ ᠢᠶᠠᠨ ᠡᠷᠭᠦᠭᠰᠡᠨ ᠪᠠᠶᠢᠨ᠎ᠠ᠃    7 ᠰᠠᠷ᠎ᠠ ᠶᠢᠨ 6 ᠤ ᠡᠳᠦᠷ᠂ ᠨᠡᠶᠢᠬᠡᠮᠯᠢᠭ ᠠᠴᠠ ᠭᠠᠩ ᠬᠠᠭᠰᠠᠷᠠᠭᠠᠨ ᠳᠤ ᠤᠴᠠᠷᠠᠭᠰᠠᠨ ᠰᠦᠨᠢᠳ ᠪᠠᠷᠠᠭᠤᠨ ᠬᠤᠰᠢᠭᠤᠨ ᠤ ᠰᠠᠩᠪᠤᠯᠠᠭ ᠰᠤᠮᠤ ᠶᠢᠨ ᠴᠠᠭᠠᠨ ᠴᠢᠯᠠᠭᠤᠳᠤ ᠭᠠᠴᠠᠭ᠎ᠠ ᠳᠤ 73750 ᠲᠦᠭᠦᠷᠢᠭ ᠤᠨ ᠥᠷᠲᠡᠭ ᠪᠦᠬᠦᠢ 25 ᠲᠣᠨ ᠦᠬᠡᠷ ᠬᠤᠨᠢᠨ ᠤ ᠨᠠᠷᠢᠯᠢᠭ ᠲᠡᠵᠢᠭᠡᠯ ᠪᠤᠷᠳᠤᠭ᠎ᠠ ᠶᠢ ᠬᠠᠨᠳᠢᠪᠯᠠᠵᠤ᠂ ᠲᠤᠰ ᠭᠠᠴᠠᠭ᠎ᠠ ᠶᠢᠨ 100 ᠡᠷᠦᠬᠡ ᠶᠢᠨ ᠮᠠᠯᠴᠢᠳ ᠲᠤ ᠲᠥᠭᠡᠭᠡᠨ ᠥᠭᠴᠦ᠂ ᠭᠠᠮᠰᠢᠭᠳᠠᠭᠰᠠᠨ ᠤᠷᠤᠨ ᠤ ᠮᠠᠯᠴᠢᠳ ᠢ ᠬᠠᠪᠰᠤᠷᠤᠨ ᠬᠦᠴᠢᠷ ᠪᠠᠶᠢᠳᠠᠯ ᠢ ᠲᠤᠭᠤᠯᠬᠤ  ᠳᠤ ᠨᠡᠮᠡᠷᠢ ᠪᠣᠯᠬᠤ ᠶᠢ ᠵᠣᠷᠢᠭᠰᠠᠨ ᠪᠠᠶᠢᠨ᠎ᠠ᠃
  
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ