ᠬᠠᠩᠬᠢᠨ ᠬᠤᠰᠢᠭᠤᠨ ᠤ ᠤᠯᠠᠷᠢᠯ ᠤᠨ ᠴᠢᠨᠠᠷᠲᠠᠢ ᠰᠡᠯᠭᠦᠨ ᠮᠠᠯᠵᠢᠬᠤ ᠠᠵᠢᠯ ᠳᠠᠭᠤᠰᠪᠠ
ᠨᠡᠶᠢᠲᠡᠯᠡᠭᠰᠡᠨ ᠴᠠᠭ᠄
2024/7/9
    ᠡᠨᠡ ᠵᠢᠯ᠂ ᠬᠠᠩᠭᠢᠨ ᠬᠤᠰᠢᠭᠤ 1219.69 ᠲᠦᠮᠡᠨ ᠮᠦ ᠨᠤᠲᠤᠭ ᠪᠡᠯᠴᠢᠭᠡᠷ ᠲᠤ ᠤᠯᠠᠷᠢᠯ ᠤᠨ ᠴᠢᠨᠠᠷᠲᠠᠢ ᠰᠡᠯᠭᠦᠨ ᠮᠠᠯᠵᠢᠵᠤ᠂ 47 ᠮᠠᠯᠵᠢᠬᠤ ᠭᠠᠴᠠᠭ᠎ᠠ ᠶᠢᠨ 25900 ᠭᠠᠷᠤᠢ ᠡᠷᠦᠬᠡ ᠳᠤ ᠠᠰᠢᠭ ᠬᠦᠷᠲᠡᠭᠡᠪᠡ᠃    ᠰᠡᠯᠭᠦᠨ ᠮᠠᠯᠵᠢᠵᠤ ᠪᠡᠯᠴᠢᠭᠡᠷ ᠢ ᠰᠡᠷᠭᠦᠭᠡᠬᠦ ᠠᠵᠢᠯ ᠤᠨ ᠦᠷ᠎ᠡ ᠪᠦᠲᠦᠮᠵᠢ ᠶᠢ ᠪᠠᠲᠤᠯᠠᠬᠤ ᠶᠢᠨ ᠲᠥᠯᠥᠭᠡ ᠬᠠᠩᠬᠢᠨ ᠬᠤᠰᠢᠭᠤ᠂ ᠬᠠᠩᠬᠢᠨ ᠬᠤᠰᠢᠭᠤ ᠤᠬᠠᠭᠤᠯᠤᠨ ᠳᠠᠶᠢᠴᠢᠯᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠵᠠᠷᠯᠠᠯ ᠨᠡᠶᠢᠲᠡᠯᠡᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠠᠰᠠᠭᠤᠨ ᠯᠠᠪᠯᠠᠬᠤ ᠳᠠᠪᠴᠠᠩ ᠭᠠᠷᠭᠠᠬᠤ ᠵᠡᠷᠭᠡ ᠠᠷᠭ᠎ᠠ ᠬᠡᠯᠪᠡᠷᠢ ᠪᠠᠷ ᠰᠡᠯᠭᠦᠨ ᠮᠠᠯᠵᠢᠬᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠲᠤᠬᠠᠢ ᠤᠬᠠᠭᠤᠯᠭ᠎ᠠ ᠬᠦᠮᠦᠵᠢᠯ ᠬᠢᠪᠡ᠃ ᠡᠭᠦᠨ ᠤ ᠬᠠᠮᠲᠤ᠂ ᠣᠢ ᠰᠢᠭᠤᠢ ᠶᠢᠨ ᠳᠠᠷᠤᠭ᠎ᠠ ᠶᠢᠨ ᠳᠥᠷᠢᠮ ᠢᠶᠠᠷ ᠭᠠᠷᠳᠠᠴᠠ ᠪᠣᠯᠭᠠᠵᠤ᠂ ᠪᠦᠬᠦ ᠬᠤᠰᠢᠭᠤᠨ ᠤ 480 ᠨᠡᠷ᠎ᠡ ᠠᠮᠢ ᠠᠬᠤᠢ ᠶᠢᠨ ᠤᠢ ᠬᠠᠮᠠᠭᠠᠯᠠᠭᠴᠢ᠂ 65 ᠨᠡᠷ᠎ᠡ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠭᠴᠢ ᠲᠣᠣᠷᠴᠢᠯᠠᠭᠰᠠᠨ ᠲᠣᠭᠤᠷᠢᠨ ᠬᠠᠮᠠᠭᠠᠯᠠᠬᠤ ᠬᠠᠮᠢᠶᠠᠷᠤᠯᠲᠠ ᠶᠢᠨ ᠲᠤᠭᠲᠠᠴᠠ ᠳᠤ ᠤᠷᠤᠭᠤᠯᠵᠤ᠂ ᠬᠡᠰᠡᠭ ᠬᠤᠪᠢᠶᠠᠨ ᠳᠠᠭᠠᠭᠠᠴᠢᠯᠠᠨ ᠬᠠᠮᠢᠶᠠᠷᠴᠦ᠂ ᠲᠤᠭᠤᠷᠢᠨ ᠪᠠᠶᠢᠴᠠᠭᠠᠯᠲᠠ ᠬᠢᠬᠦ᠂ ᠮᠠᠯ ᠪᠡᠯᠴᠢᠭᠡᠷ ᠤᠨ ᠲᠡᠩᠴᠡᠭᠦᠷᠢᠰᠢᠯ ᠤᠨ ᠪᠠᠶᠢᠳᠠᠯ ᠳᠤ ᠬᠢᠨᠠᠯᠲᠠ ᠲᠠᠯᠪᠢᠬᠤ ᠵᠡᠷᠭᠡ ᠠᠵᠢᠯ ᠢ ᠪᠠᠶᠢᠩᠭᠤᠵᠢᠭᠤᠯᠵᠤ᠂ ᠪᠦᠬᠦ ᠬᠤᠰᠢᠭᠤᠨ ᠤ ᠤᠯᠠᠷᠢᠯ ᠤᠨ ᠴᠢᠨᠠᠷᠲᠠᠢ ᠰᠡᠯᠭᠦᠨ ᠮᠠᠯᠵᠢᠬᠤ ᠠᠵᠢᠯ ᠤᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠪᠠ᠃
微信图片_20240709151529.png
 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ`᠎ ᠤᠨ ᠲᠥᠪ