ᠳ᠋ᠦ᠋ ᠬᠤᠢ ᠯᠢᠶᠠᠩ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠶᠡᠭᠡ ᠳᠡᠭᠡᠳᠦ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/9
    7 ᠰᠠᠷ᠎ᠠ ᠶᠢᠨ 8 ᠤ ᠡᠳᠤᠷ᠂ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠬᠤᠳᠠ ᠶᠢᠨ ᠲᠠᠷᠤᠭ᠎ᠠ ᠳ᠋ᠦ᠋ ᠬᠤᠢ ᠯᠢᠶᠠᠩ ᠤᠷᠳᠤᠰ ᠤᠨ ᠲᠡᠭᠡᠳᠤ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠤᠷᠤᠨ ᠪᠠ ᠭᠢᠶ᠎ᠡ ᠪᠠᠭᠰᠢ ᠲᠤᠭᠤᠷᠢᠭ ᠲᠤ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠪᠡ ᠶᠡᠭᠡ ᠲᠡᠭᠡᠳᠤ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠡ ᠭᠦᠭᠵᠢᠯᠳᠡ ᠶᠢᠨ ᠪᠠᠶᠢᠳᠡᠯ ᠳᠤ ᠪᠠᠶᠢᠴᠠᠭᠠᠨ ᠰᠤᠳᠤᠯᠤᠯᠳᠠ ᠭᠢᠪᠡ᠃ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠬᠤᠸᠠᠩ ᠶᠠᠨ ᠵᠠᠩ ᠣᠷᠣᠯᠴᠠᠪᠠ᠃
图片1.jpg
    ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠤᠷᠤᠨ ᠤ ᠰᠢᠨᠵᠢᠯᠡᠭᠦ ᠤᠬᠠᠭᠠᠨ ᠮᠡᠷᠭᠡᠵᠢᠯ ᠤᠨ ᠦᠷ᠎ᠠ ᠪᠦᠳᠦᠭᠡᠯ ᠢ ᠤᠯᠠᠷᠢᠭᠤᠯᠬᠤ ᠰᠠᠭᠤᠷᠢᠨ ᠭᠠᠵᠠᠷ ᠲᠤ  ᠳ᠋ᠦ᠋ ᠬᠤᠢ ᠯᠢᠶᠠᠩ ᠰᠠᠭᠤᠷᠢᠨ ᠭᠠᠵᠠᠷ ᠤᠨ ᠪᠦᠭᠦᠯᠢ ᠴᠤᠬᠴᠠ ᠶᠢᠨ ᠲᠦᠯᠦᠪᠵᠢᠭᠦᠯᠭᠡ ᠪᠠᠶᠢᠷᠢᠯᠠᠭᠤᠯᠤᠯᠳᠠ᠂ ᠪᠠᠷᠢᠯᠭ᠎ᠠ ᠶᠢᠨ ᠠᠭᠢᠴᠠ ᠵᠡᠷᠭᠡ ᠪᠠᠶᠢᠳᠠᠯ ᠢ ᠨᠠᠷᠢᠨ ᠤᠢᠢᠯᠠᠭᠠᠵᠤ᠂ ᠤᠷᠳᠤᠰ ᠤᠨ ᠲᠤᠷᠰᠢᠯᠳᠠ ᠶᠢᠨ ᠲᠠᠰᠤᠭ᠂ ᠤᠯᠤᠰ ᠤᠨ ᠨᠡᠭᠦᠷᠡᠰᠦᠳᠦ᠋ᠷᠦᠭᠴᠢ ᠶᠢᠨ ᠭᠡᠮᠵᠢᠯᠳᠡ ᠶᠢᠨ ᠲᠦᠪ︵ᠦᠪᠤᠷ ᠮᠤᠩᠭᠤᠯ︶ ᠤᠨ ᠤᠷᠳᠤᠰ ᠤᠨ ᠬᠤᠪᠢᠶᠠᠷᠢ ᠲᠦᠪ᠂ ᠲᠤᠮᠳᠠᠳᠤ ᠶᠢᠨ ᠨᠡᠭᠦᠷᠡᠰᠦᠨ ᠤ ᠪᠦᠯᠦᠭᠯᠡᠯ ᠤᠨ ᠨᠡᠭᠦᠷᠡᠰᠤᠨ ᠠᠭᠤᠷᠬᠠᠢ ᠶᠢᠨ ᠭᠠᠵᠠᠷ ᠤᠨ ᠳᠠᠷᠤᠯᠳᠠ ᠶᠢ ᠰᠡᠷᠭᠡᠶᠢᠯᠠᠨ ᠵᠠᠰᠠᠬᠤ ᠢᠨᠵᠧᠨᠧᠷᠢᠩ ᠤᠨ ᠰᠤᠳᠤᠯᠭᠠᠨ ᠤ ᠲᠦᠪ ᠵᠡᠷᠭᠡ ᠰᠢᠨᠵᠢᠯᠡᠭᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠪᠦᠳᠦᠭᠡᠨ ᠪᠠᠶᠢᠭᠤᠯᠤᠯᠳᠠ ᠠᠵᠢᠯᠯᠠᠭᠠᠨ ᠤ ᠪᠠᠶᠢᠳᠠᠯ ᠢ ᠪᠤᠳᠠᠳᠤ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠬᠤᠷᠠᠯ ᠪᠣᠯᠤᠨ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽  ᠪᠣᠭᠤᠮᠲᠠ ᠰᠢᠪᠲᠤᠯᠬᠤ︾ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠬᠡᠷᠡᠭᠲᠡᠢ᠃ ᠤᠯᠤᠰ ᠤᠨ ᠪᠠᠶᠢᠯᠳᠤᠬᠤ ᠪᠤᠳᠤᠯᠭ᠎ᠠ ᠪᠣᠯᠤᠨ ᠭᠠᠵᠠᠷ ᠣᠷᠣᠨ ᠤ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠴᠢᠭᠯᠡᠯ ᠢ ᠤᠯᠠᠮ ᠴᠢᠨᠠᠭᠰᠢᠳᠠ ᠲᠤᠳᠤᠳᠬᠠᠵᠤ᠂ ᠡᠨᠧᠷᠭᠢ᠂ ᠰᠢᠨ᠎ᠡ ᠮᠠᠲ᠋ᠧᠷᠢᠶᠠᠯ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠣᠭᠤᠷᠢᠨ ᠳᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠨᠡᠭᠡᠭᠡᠯᠲᠡ ᠲᠠᠢ ᠬᠠᠮᠲᠤ ᠪᠠᠷ ᠡᠳ᠋ᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠡᠯ᠎ᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠬᠡᠮᠵᠢᠭᠦᠷᠯᠢᠭ ᠲᠥᠬᠦᠭᠡᠷᠦᠮᠵᠢ ᠶᠢ ᠬᠠᠮᠲᠤ ᠪᠠᠷ ᠬᠡᠷᠡᠭᠯᠡᠬᠦ᠂ ᠴᠢᠳᠠᠪᠤᠷᠢᠲᠠᠨ ᠤ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠴᠢᠳᠠᠪᠤᠷᠢᠲᠠᠨ ᠢ ᠬᠠᠯᠠᠮᠵᠢᠯᠠᠬᠤ ᠦᠢᠯᠡᠴᠢᠯᠡᠭᠡ ᠶᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠨᠡᠩ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠶᠢ ᠳᠤᠯᠠᠭᠠᠨ ᠬᠤᠳᠠ ᠳᠤ ᠠᠮᠤᠭᠤᠯᠠᠩ ᠲᠠᠶᠢᠪᠤᠩ ᠦᠢᠯᠡᠰ ᠪᠤᠰᠬᠠᠭᠤᠯᠵᠤ᠂ ᠲᠠᠭᠠᠲᠠᠢ ᠠᠮᠢᠳᠤᠷᠠᠭᠤᠯᠬᠤ ᠬᠡᠷᠡᠭᠲᠡᠢ ᠭᠡᠪᠡ᠃
    ᠤᠷᠳᠤᠰ ᠤᠨ ᠭᠡᠷᠡᠭᠯᠡᠭᠡᠨ ᠤ ᠮᠡᠷᠭᠡᠵᠢᠯ ᠤᠨ ᠲᠡᠭᠡᠳᠤ ᠰᠤᠷᠭᠠᠭᠤᠯᠢ᠂ ᠤᠷᠳᠤᠰ ᠤᠨ ᠠᠮᠢ ᠠᠬᠤᠢ ᠤᠷᠴᠢᠨ ᠲᠤᠭᠤᠷᠢᠨ ᠤ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ᠂ ᠦᠪᠤᠷ ᠮᠤᠩᠭᠤᠯ ᠤᠨ ᠠᠵᠤ ᠦᠢᠯᠡᠳᠪᠤᠷᠢ ᠶᠢᠨ ᠶᠡᠭᠡ ᠰᠤᠷᠭᠠᠭᠤᠯᠢ ᠶᠢᠨ ᠰᠢᠨ᠎ᠠ ᠡᠨᠧᠷᠭᠢ ᠶᠢᠨ ᠲᠡᠭᠡᠳᠤ ᠰᠤᠷᠭᠠᠭᠤᠯᠢ ᠳᠤ᠂ ᠳ᠋ᠦ᠋ ᠬᠤᠢ ᠯᠢᠶᠠᠩ ᠰᠤᠷᠭᠠᠭᠤᠯᠢ ᠶᠢᠨ ᠪᠠᠶᠢᠷᠢ ᠶᠢᠨ ᠪᠦᠳᠦᠭᠡᠨ ᠪᠠᠶᠢᠭᠤᠯᠤᠯᠳᠠ᠂ ᠲᠤᠰᠬᠠᠢ ᠮᠡᠷᠭᠡᠵᠢᠯ ᠤᠨ ᠲᠤᠭᠢᠷᠠᠭᠤᠯᠤᠯᠳᠠ᠂ ᠪᠠᠭᠰᠢ ᠶᠢᠨ ᠲᠤᠭᠢᠷᠠᠭᠤᠯᠤᠯᠳᠠ ᠵᠡᠷᠭᠡ ᠪᠠᠶᠢᠳᠠᠯ ᠢ ᠨᠠᠷᠢᠨ ᠤᠢᠢᠯᠠᠭᠠᠪᠠ᠃ ᠲᠡᠷᠡ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠨᠢ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ᠂ ᠰᠤᠷᠭᠠᠭᠤᠯᠢ ᠶᠢᠨ ᠲᠣᠭᠤᠷᠢᠭ ᠢ ᠰᠢᠨ᠎ᠡ ᠪᠠᠷ ᠪᠤᠶᠤ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠬᠤᠷᠳᠤᠴᠠ ᠶᠢ ᠳᠡᠭᠡᠭᠰᠢᠯᠡᠭᠦᠯᠦᠨ ᠶᠠᠰᠤ ᠴᠢᠨᠠᠷ ᠢ ᠳᠡᠭᠡᠭᠰᠢᠯᠡᠭᠦᠯᠦᠨ ᠪᠠᠶᠢᠭᠤᠯᠵᠤ᠂ ᠲᠥᠬᠦᠭᠡᠷᠦᠮᠵᠢ ᠶᠢ ᠢᠵᠢ ᠪᠦᠷᠢᠳᠦᠭᠦᠯᠬᠦ ᠪᠠ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠭᠠᠭᠤᠯᠢ ᠪᠠᠶᠢᠭᠤᠯᠵᠤ ᠰᠤᠷᠭᠠᠭᠤᠯᠢ ᠡᠷᠬᠢᠯᠡᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠪᠦᠲᠦᠴᠡ ᠶᠢ ᠰᠢᠯᠢᠳᠡᠭᠵᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠬᠡᠯᠬᠢᠶ᠎ᠡ ᠪᠣᠯᠤᠨ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠨᠢᠭᠡ ᠪᠦᠯᠦᠭ ᠥᠨᠳᠥᠷ ᠬᠢᠷᠢ ᠲᠦᠪᠰᠢᠨ ᠪᠥᠬᠦᠶ ᠤᠨᠴᠠᠯᠢᠬᠳᠤ ᠰᠢᠨᠵᠢᠯᠡᠭᠡᠨ ᠤ ᠰᠠᠯᠠᠭ᠎ᠠ ᠶᠢᠨ ᠲᠤᠰᠬᠠᠶ ᠮᠡᠷᠭᠡᠵᠢᠯ ᠢ ᠪᠠᠶᠢᠭᠤᠯᠵᠤ᠂  ᠳ᠋ᠣᠺᠲ᠋ᠣᠷ ᠮᠠᠰᠲ᠋ᠧᠷ ᠤᠨ ᠡᠷᠳᠡᠮ ᠤᠨ ᠴᠣᠯᠠ ᠣᠯᠭᠤᠬᠤ ᠴᠡᠭ ᠢ ᠭᠤᠶᠤᠴᠢᠯᠠᠨ ᠪᠠᠶᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠶᠡᠭᠡ ᠪᠠᠷ ᠬᠥᠮᠦᠵᠢᠭᠦᠯᠵᠦ᠂ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠴᠢᠳᠠᠪᠤᠷᠢᠲᠠᠨ ᠤ ᠲᠤᠯᠭᠠᠭᠤᠷᠢᠯᠠᠯ ᠪᠠ ᠣᠶᠤᠨ ᠤ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃
  
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ