ᠬᠠᠩᠭᠢᠨ ᠬᠤᠰᠢᠭᠤᠨ ᠤ ᠶᠡᠷᠦᠩᠬᠡᠶᠢᠯᠡᠭᠰᠡᠨ ᠮᠦᠽᠧᠢ ᠡᠭᠦᠳᠡ ᠪᠠᠨ ᠨᠡᠭᠡᠭᠡᠯ᠎ᠡ
ᠨᠡᠶᠢᠲᠡᠯᠡᠭᠰᠡᠨ ᠴᠠᠭ᠄
2024/8/20
    8ᠰᠠᠷ᠎ᠠ ᠶᠢᠨ 17᠎ ᠤ ᠡᠳᠦᠷ᠂ ᠬᠠᠩᠭᠢᠨ ᠬᠤᠰᠢᠭᠤᠨ ᠤ ᠶᠡᠷᠦᠩᠬᠡᠶᠢᠯᠡᠭᠰᠡᠨ ᠮᠦᠽᠧᠢ ᠰᠢᠨ᠎ᠡ ᠥᠩᠭᠡ ᠳᠦᠷᠬᠦ ᠪᠠᠷ ᠦᠵᠡᠭᠴᠢᠳ ᠢᠶᠠᠨ ᠬᠦᠯᠢᠶᠡᠨ ᠠᠪᠤᠯ᠎ᠠ᠃    ᠬᠠᠩᠭᠢᠨ ᠬᠤᠰᠢᠭᠤᠨ ᠨᠢ ᠶᠡᠷᠦᠩᠬᠡᠶᠢᠯᠡᠭᠰᠡᠨ ᠮᠦᠽᠧᠢ ᠨᠢ 2009 ᠣᠨ ᠳᠤ ᠪᠠᠶᠢᠭᠤᠯᠤᠭᠳᠠᠵᠤ᠂ 2023 ᠣᠨ ᠳᠤ ᠲᠡᠰ ᠳᠡᠪᠰᠢᠭᠦᠯᠦᠨ ᠥᠭᠡᠷᠡᠴᠢᠯᠡᠬᠦ ᠠᠵᠢᠯ ᠢ ᠡᠬᠢᠯᠡᠭᠦᠯᠪᠡ᠃ᠥᠭᠡᠷᠡᠴᠢᠯᠡᠨ ᠰᠢᠨᠡᠳᠬᠡᠭᠰᠡᠨ ᠤ ᠳᠠᠷᠠᠭᠠᠬᠢ ᠮᠦᠽᠧᠢ ᠶᠢᠨ ᠡᠵᠡᠯᠡᠬᠦ ᠲᠠᠯᠠᠪᠠᠢ ᠨᠢ 6000 ᠳᠡᠭᠰᠢ ᠳᠥᠷᠪᠡᠯᠵᠢᠨ ᠮᠧᠲᠷ ᠲᠤ ᠬᠦᠷᠴᠦ ᠦᠵᠡᠭᠦᠯᠭᠡ᠂ ᠬᠠᠳᠠᠭᠠᠯᠠᠮᠵᠢ᠂ ᠰᠤᠳᠤᠯᠭ᠎ᠠ ᠪᠠ ᠬᠥᠮᠥᠵᠢᠯ ᠢ ᠨᠢᠭᠡ ᠴᠣᠭᠴᠠᠵᠢᠭᠤᠯᠤᠭᠰᠠᠨ ᠰᠢᠶᠠᠨ ᠤ ᠲᠡᠰ ᠤᠨ ᠮᠦᠽᠧᠢ ᠪᠣᠯᠪᠠ᠃ ᠨᠡᠶᠢᠲᠡ 3 ᠳᠠᠪᠬᠤᠷᠭ᠎ᠠ 5 ᠦᠵᠡᠭᠦᠯᠭᠡ ᠶᠢᠨ ᠲᠢᠩᠬᠢᠮ ᠲᠠᠢ᠂ ᠨᠢᠭᠡᠳᠦᠭᠡᠷ ᠳᠠᠪᠬᠤᠷᠭ᠎ᠠ ᠳᠤ ᠲᠡᠦᠬᠡ ᠰᠣᠶᠣᠯ ᠪᠠ ᠨᠡᠭᠦᠳᠡᠯ ᠰᠣᠶᠣᠯ ᠤᠨ ᠦᠵᠡᠭᠦᠯᠭᠡ᠂ ᠬᠤᠶᠠᠳᠤᠭᠠᠷ ᠳᠠᠪᠬᠤᠷᠭ᠎ᠠ ᠳᠤ ᠳᠠᠷᠢᠶᠠᠯᠠᠬᠤ ᠰᠣᠶᠣᠯ ᠪᠠ ᠡᠯᠡᠰᠦ ᠶᠢ ᠵᠠᠰᠠᠭᠰᠠᠨ ᠦᠢᠯᠡ ᠶᠠᠪᠤᠳᠠᠯ ᠤᠨ ᠦᠵᠡᠭᠦᠯᠭᠡ᠂ ᠭᠤᠷᠪᠠᠳᠤᠭᠠᠷ ᠳᠠᠪᠬᠤᠷᠭ᠎ᠠ ᠳᠤ ᠣᠳᠣ ᠦᠶ᠎ᠡ ᠶᠢᠨ ᠬᠤᠪᠣᠷ ᠨᠠᠨᠳᠢᠨ ᠬᠠᠳᠠᠭᠠᠯᠠᠮᠵᠢ ᠪᠠ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠭᠡ ᠶᠢ ᠲᠣᠬᠢᠷᠠᠭᠤᠯᠪᠠ᠃    ᠮᠦᠽᠧᠢ ᠳᠤ 13000 ᠭᠠᠷᠤᠢ ᠲᠡᠦᠬᠡ ᠶᠢᠨ ᠳᠤᠷᠠᠰᠬᠠᠯᠲᠤ ᠵᠦᠢᠯ ᠢ ᠬᠠᠳᠠᠭᠠᠯᠠᠵᠤ᠂ ᠤᠯᠤᠰ ᠤᠨ ᠨᠢᠭᠡᠳᠦᠭᠡᠷ ᠲᠡᠰ ᠤᠨ ᠲᠡᠦᠬᠡ ᠶᠢᠨ ᠳᠤᠷᠠᠰᠬᠠᠯᠲᠤ ᠵᠦᠢᠯ 1᠂ ᠤᠯᠤᠰ ᠤᠨ ᠬᠤᠶᠠᠳᠤᠭᠠᠷ ᠲᠡᠰ ᠤᠨ ᠲᠡᠦᠬᠡ ᠶᠢᠨ ᠳᠤᠷᠠᠰᠬᠠᠯᠲᠤ ᠵᠦᠢᠯ 3᠂ ᠤᠯᠤᠰ ᠤᠨ ᠭᠤᠷᠪᠠᠳᠤᠭᠠᠷ ᠲᠡᠰ ᠤᠨ ᠲᠡᠦᠬᠡ ᠶᠢᠨ ᠳᠤᠷᠠᠰᠬᠠᠯᠲᠤ ᠵᠦᠢᠯ 43 ᠪᠣᠢ᠃ ᠡᠭᠦᠨ ᠠᠴᠠ ᠭᠠᠳᠠᠨ᠎ᠠ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ᠂ ᠡᠷᠲᠡᠨ ᠤ ᠴᠢᠯᠠᠭᠤᠨ ᠵᠡᠪᠰᠡᠭ᠂ ᠣᠷᠳᠣᠰ ᠤᠨ ᠬᠦᠷᠡᠯ ᠪᠠᠭᠠᠵᠢ᠂ ᠴᠢᠨ ᠤᠯᠤᠰ ᠬᠠᠨ ᠤᠯᠤᠰ ᠤᠨ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠪᠠ ᠣᠷᠴᠢᠨ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠳᠡᠯᠭᠡᠨ ᠦᠵᠡᠭᠦᠯᠵᠤ ᠪᠣᠢ᠃ 
 
 
 
 
 
ᠢᠷᠡᠯᠲᠡ᠄ ᠤᠷᠢᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ