ᠢᠯᠠᠯᠲᠠ᠄ ᠡᠮᠴᠢ ᠬᠥᠮᠥᠨ ᠤ ᠥᠷᠥᠪᠴᠢ ᠰᠡᠳᠬᠢᠯ ᠢ ᠳᠡᠭᠡᠳᠦᠯᠡᠵᠤ ᠶᠠᠪᠤᠨ᠎ᠠ
ᠨᠡᠶᠢᠲᠡᠯᠡᠭᠰᠡᠨ ᠴᠠᠭ᠄
2024/8/20
    ᠠᠷᠠᠳ ᠤᠯᠠᠨ ᠤ ᠡᠷᠡᠭᠦᠯ ᠮᠡᠨᠳᠦ ᠶᠢᠨ ᠦᠢᠯᠡᠰ ᠲᠤ ᠭᠤᠶᠠᠴᠢ ᠦᠭᠡᠢ ᠵᠢᠳᠬᠦᠵᠦ᠂ ᠲᠤᠰᠬᠠᠢ ᠮᠡᠷᠭᠡᠵᠢᠯ ᠤᠨ ᠮᠡᠳᠡᠯᠭᠡ ᠮᠡᠳᠡᠴᠡ ᠪᠠᠨ ᠳᠠᠰᠤᠷᠠᠯᠲᠠ ᠦᠭᠡᠢ ᠳᠡᠭᠡᠭᠰᠢᠯᠡᠭᠦᠯᠦᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠬᠥᠮᠥᠨ ᠵᠣᠨ ᠤ ᠡᠪᠡᠳᠴᠢᠨ ᠵᠣᠪᠠᠯᠠᠩ ᠢ ᠥᠯᠳᠡᠬᠦ ᠨᠢ ᠡᠮᠴᠢ ᠬᠥᠮᠥᠨ ᠤ ᠢᠷᠠᠭᠤ ᠠᠯᠳᠠᠷᠲᠤ ᠳᠠᠷᠬᠠᠨ ᠡᠭᠦᠷᠭᠡ ᠬᠠᠷᠢᠭᠤᠴᠠᠯᠭ᠎ᠠ ᠪᠣᠯᠣᠨ᠎ᠠ᠃ ᠦᠦᠰᠢᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ᠂ ᠬᠤᠳᠣᠭᠤᠳᠤ ᠭᠡᠳᠡᠰᠦᠨ ᠤ ᠲᠤᠳᠤᠷ ᠳᠤᠷᠠᠨᠳᠤᠭᠤᠷ ᠤᠨ ᠲᠥᠪ ᠤᠨ ᠡᠷᠬᠢᠯᠡᠭᠴᠢ ᠡᠮᠴᠢ ᠢᠯᠠᠯᠲᠠ ᠪᠣᠯ ᠳᠠᠷᠤᠢ ᠡᠳᠡᠭᠡᠷ ᠬᠥᠮᠥᠰ ᠤᠨ ᠳᠣᠲᠣᠷᠠᠬᠢ ᠨᠢᠭᠡ ᠨᠢ ᠪᠢᠯᠡ᠃ 2009 ᠣᠨ ᠳᠤ ᠲᠡᠷᠡ ᠦᠦᠰᠢᠨ ᠬᠤᠰᠢᠭᠤᠨ ᠤ ᠵᠠᠭᠤᠨ ᠴᠢᠳᠠᠪᠤᠷᠢᠲᠠᠨ ᠢ ᠡᠯᠰᠡᠬᠦ ᠰᠢᠯᠭᠠᠷᠠᠭᠤᠯᠤᠯᠲᠠ ᠪᠠᠷ ᠡᠮᠴᠢ ᠶᠢᠨ ᠭᠠᠷᠤᠭ᠎ᠠ ᠪᠠᠨ ᠠᠪᠤᠭᠰᠠᠨ ᠠᠴᠠ ᠨᠠᠭᠠᠰᠢ ᠠᠷᠪᠠᠭᠠᠳ ᠬᠠᠪᠤᠷ ᠨᠠᠮᠤᠷ ᠢ ᠲᠤᠭᠤᠯᠵᠤ᠂ ︽ᠮᠡᠷᠭᠡᠵᠢᠯ ᠰᠠᠶᠢᠨ᠂ ᠣᠪᠣᠷ ᠰᠠᠶᠢᠨ︾ ᠭᠡᠬᠦ ᠤᠯᠠᠨ ᠲᠦᠮᠡᠨ ᠤ ᠦᠨᠡᠯᠡᠯᠲᠡ ᠲᠠᠢ ᠨᠡᠷᠡᠲᠦ ᠡᠮᠴᠢ ᠪᠣᠯᠣᠭᠰᠠᠨ ᠪᠠᠶᠢᠨ᠎ᠠ᠃    ᠬᠠᠷᠠᠬᠠᠨ ᠪᠠᠭ᠎ᠠ ᠠᠴᠠ ᠪᠠᠨ ᠡᠮᠴᠢ ᠶᠢᠨ ᠭᠡᠷ ᠪᠦᠯᠢ ᠳᠤ ᠪᠣᠶᠢᠵᠢᠵᠤ ᠬᠥᠮᠥᠵᠢᠭᠰᠡᠨ ᠲᠡᠷᠡ ᠡᠮᠴᠢ ᠬᠥᠮᠥᠨ ᠤ ᠳᠠᠷᠬᠠᠨ ᠬᠠᠷᠢᠭᠤᠴᠠᠯᠭ᠎ᠠ ᠶᠢ ᠪᠡᠶᠡᠴᠢᠯᠡᠨ ᠮᠡᠳᠡᠷᠡᠵᠤ᠂ ᠠᠵᠢᠯ ᠤᠨ ᠬᠤᠭᠤᠴᠠᠭᠠᠨ ᠳᠠᠭᠠᠨ ᠮᠡᠳᠡᠯᠭᠡ ᠮᠡᠷᠭᠡᠵᠢᠯ ᠢᠶᠠᠨ ᠳᠡᠭᠡᠭᠰᠢᠯᠡᠬᠦᠯᠬᠦ ᠶᠢ ᠣᠨᠴᠠ ᠠᠩᠬᠠᠷᠴᠦ᠂ ᠵᠥᠪ ᠣᠨᠣᠰᠢᠯᠠᠵᠤ ᠴᠢᠳᠠᠮᠠᠭᠠᠢ ᠡᠮᠴᠢᠯᠡᠬᠦ ᠶᠢ ᠲᠡᠷᠢᠭᠦᠨ ᠪᠠᠶᠢᠷᠢᠨ ᠳᠤ ᠲᠠᠯᠪᠢᠭᠰᠠᠨ ᠠᠴᠠ ᠲᠡᠭᠦᠨ ᠤ ᠬᠠᠷᠢᠭᠤᠴᠠᠵᠤ ᠪᠠᠶᠢᠭ᠎ᠠ ᠬᠤᠳᠣᠭᠤᠳᠤ ᠭᠡᠳᠡᠰᠦᠨ ᠤ ᠳᠣᠲᠣᠷ ᠳᠤᠷᠠᠨᠳᠠᠭᠤᠷ ᠤᠨ ᠲᠥᠪ ᠤᠨ  ᠮᠡᠰᠡ ᠵᠠᠰᠠᠯ ᠤᠨ ᠠᠵᠢᠯ ᠪᠦᠲᠦᠮᠵᠢ ᠰᠠᠶᠢᠲᠠᠢ ᠪᠠᠶᠢᠳᠠᠭ ᠢᠶᠠᠷ ᠢᠶᠠᠨ ᠬᠤᠯᠠ ᠣᠶᠢᠷ᠎ᠠ ᠳᠤ ᠠᠯᠳᠠᠷᠰᠢᠵᠤ᠂ ᠡᠪᠡᠳᠴᠢᠲᠡᠨ ᠰᠠᠷ᠎ᠠ ᠶᠢᠨ ᠡᠮᠦᠨ᠎ᠡ ᠠᠴᠠ ᠡᠮᠴᠢᠯᠡᠭᠡᠨ ᠤ ᠳ᠋ᠤᠭᠠᠷ ᠢᠶᠠᠨ ᠠᠪᠴᠤ ᠬᠦᠯᠢᠶᠡᠳᠡᠭ ᠪᠥᠭᠡᠳ ᠲᠡᠭᠦᠨ ᠤ 2023 ᠣᠨ ᠳᠤ ᠬᠠᠷᠢᠭᠤᠴᠠᠵᠤ ᠬᠢᠭᠰᠡᠨ ᠮᠡᠰᠡ ᠵᠠᠰᠠᠯ ᠨᠢ ᠪᠥᠬᠦ ᠡᠮᠨᠡᠯᠭᠡ ᠶᠢᠨ ᠬᠤᠷᠢᠶ᠎ᠠ ᠶᠢᠨ ᠮᠡᠰᠡ ᠵᠠᠰᠠᠯ ᠬᠢᠭᠰᠡᠨ ᠲᠤᠭ᠎ᠠ ᠮᠠᠭᠠᠳ ᠤᠨ 30% ᠶᠢ ᠡᠵᠡᠯᠡᠭᠰᠡᠨ ᠪᠠᠶᠢᠨ᠎ᠠ᠃    ᠢᠯᠠᠯᠲᠠ ᠡᠮᠴᠢ ᠤᠷᠢᠳ ᠬᠤᠵᠢᠳ ᠬᠤᠳᠠ ᠬᠤᠰᠢᠭᠤ ᠲᠡᠰ ᠤᠨ ᠰᠢᠯᠢᠳᠡᠭ ᠡᠮᠴᠢ ᠪᠠᠷ ᠣᠯᠠᠨᠲᠠ ᠬᠥᠬᠢᠭᠦᠯᠦᠭᠳᠡᠵᠦ᠂ ︽ᠦᠦᠰᠢᠨ ᠬᠤᠰᠢᠭᠤᠨ ᠤ ᠠᠷᠪᠠᠨ ᠰᠢᠯᠭᠠᠷᠠᠭᠰᠠᠨ ᠵᠠᠯᠠᠭᠤᠴᠤᠳ︾ ᠢᠶᠠᠷ ᠦᠨᠡᠯᠡᠭᠳᠡᠭᠰᠡᠨ ᠴᠦ ᠲᠡᠷᠡ ᠡᠳᠦᠷ ᠳᠣᠲᠣᠮ ᠤᠨ ᠠᠵᠢᠯ ᠤᠨ ᠪᠠᠶᠢᠷᠢᠨ ᠳᠠᠭᠠᠨ ᠮᠥᠨ ᠬᠦ ᠳᠠᠷᠤᠤ ᠬᠢᠴᠢᠶᠡᠩᠭᠦᠢ᠂ ᠬᠢᠨᠠᠭᠤᠷ ᠯᠠᠪᠳᠠᠭᠤᠨ ᠬᠠᠨᠳᠤᠵᠤ᠂ ᠡᠪᠡᠳᠴᠢᠲᠡᠨ ᠤ ᠲᠥᠯᠥᠭᠡ ᠪᠣᠳᠣᠯᠬᠢᠯᠠᠨ᠂ ᠡᠪᠡᠳᠴᠢᠲᠡᠨ ᠤ ᠲᠥᠯᠥᠭᠡ ᠰᠠᠨᠠᠭᠠᠰᠢᠷᠠᠵᠤ᠂ ᠦᠨᠳᠦᠰᠦᠨ ᠱᠠᠲᠤᠨ ᠤ ᠡᠮ ᠡᠮᠨᠡᠯᠭᠡ᠂ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠢᠯᠡᠰ ᠤᠨ ᠲᠡᠭᠦᠯᠳᠡᠷᠵᠢᠭᠦᠯᠦᠯᠲᠡ ᠪᠣᠯᠣᠨ ᠰᠢᠯᠢᠳᠡᠭᠵᠢᠭᠦᠯᠦᠯᠲᠡ ᠳᠤ ᠥᠪᠡᠷ ᠤᠨ ᠬᠦᠴᠦ ᠪᠠᠨ ᠡᠷᠭᠦᠭᠰᠡᠭᠡᠷ ᠪᠠᠶᠢᠨ᠎ᠠ᠃
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ