ᠬᠠᠩᠭᠢᠨ ᠬᠤᠰᠢᠭᠤᠨ ᠤ ᠶᠡᠭᠡ ᠬᠦᠷᠢᠶ᠎ᠡ
ᠨᠡᠶᠢᠲᠡᠯᠡᠭᠰᠡᠨ ᠴᠠᠭ᠄
2024/8/21
    ᠬᠠᠩᠭᠢᠨ ᠬᠤᠰᠢᠭᠤᠨ ᠤ ᠶᠡᠭᠡ ᠬᠦᠷᠢᠶ᠎ᠡ ᠨᠢ ᠲᠠᠷᠢᠶᠠᠨ ᠭᠤᠣᠯ ᠬᠠᠮᠢᠶᠠᠷᠤᠯᠲᠠ ᠶᠢᠨ ᠵᠥᠪᠯᠡᠯ ᠤᠨ ᠪᠠᠶᠠᠨᠴᠡᠩᠬᠡᠯ ᠭᠠᠴᠠᠭ᠎ᠠ ᠳᠤ ᠪᠠᠶᠢᠷᠢᠯᠠᠵᠤ ᠪᠠᠶᠢᠳᠠᠭ᠃ ᠲᠡᠷᠡ ᠪᠣᠯ ᠬᠠᠩᠭᠢᠨ ᠬᠤᠰᠢᠭᠤᠨ ᠤ ᠨᠤᠲᠤᠭ ᠢᠶᠠᠨ ᠬᠠᠮᠠᠭᠠᠯᠠᠬᠤ ᠴᠡᠷᠢᠭ ᠤᠨ ᠨᠢᠭᠡᠳᠦᠭᠡᠷ ᠬᠤᠷᠢᠶ᠎ᠠ ᠶᠢᠨ ᠴᠠᠶᠢᠵᠠ ᠶᠤᠮ᠃ ᠡᠨᠡ ᠬᠤᠷᠢᠶ᠎ᠠ ᠶᠢᠨ ᠴᠡᠷᠢᠭ ᠨᠢ ᠬᠤᠰᠢᠭᠤᠨ ᠤ ᠵᠡᠭᠦᠨ ᠪᠤᠶᠤ ᠬᠤᠶᠢᠳᠤ ᠲᠠᠯ᠎ᠠ ᠠᠴᠠ ᠲᠦᠷᠢᠮᠡᠬᠡᠶᠢᠯᠡᠨ ᠬᠠᠯᠳᠠᠬᠤ ᠳ᠋ᠤᠯᠢ ᠳᠡᠭᠡᠷᠡᠮ ᠬᠤᠯᠠᠭᠠᠢ ᠶᠢ ᠠᠷᠢᠯᠭᠠᠬᠤ ᠬᠠᠷᠠᠭᠤᠯ ᠤᠨ ᠭᠠᠵᠠᠷ ᠪᠣᠯᠣᠨ᠎ᠠ᠃    ᠲᠣᠰ ᠴᠠᠶᠢᠵᠠ ᠶᠢ 1934 ᠣᠨ ᠳᠤ ᠪᠠᠷᠢᠯᠭ᠎ᠠ ᠡᠬᠢᠯᠡᠭᠦᠯᠵᠤ᠂ ᠨᠢᠭᠡ ᠵᠢᠯ ᠬᠠᠭᠠᠰ ᠤᠨ ᠴᠠᠭ ᠢ ᠵᠠᠷᠤᠴᠠᠭᠤᠯᠵᠤ ᠪᠠᠷᠢᠭᠰᠠᠨ ᠶᠤᠮ᠃ ᠪᠠᠷᠢᠯᠭ᠎ᠠ ᠶᠢᠨ ᠭᠤᠣᠯ ᠮᠠᠲ᠋ᠧᠷᠢᠶᠠᠯ ᠨᠢ ᠰᠢᠷᠣᠢ᠂ ᠲᠣᠭᠤᠰᠬ᠎ᠠ ᠶᠢᠨ ᠪᠦᠲᠦᠴᠡ ᠲᠠᠢ ᠪᠠᠶᠢᠵᠤ᠂ ᠶᠡᠭᠡ ᠬᠦᠷᠢᠶᠡᠨ ᠨᠢ ᠰᠠᠭᠤᠷᠢ ᠨᠢ 9 ᠲᠣᠬᠤᠢ ᠪᠠᠶᠢᠬᠤ ᠪᠥᠭᠡᠳ ᠬᠦᠷᠢᠶᠡᠨ ᠤ ᠣᠷᠣᠢ ᠳᠡᠭᠡᠷ᠎ᠡ ᠨᠢ 3.5 ᠲᠣᠬᠤᠢ ᠥᠨᠳᠥᠷ ᠲᠣᠭᠤᠰᠬ᠎ᠠ ᠪᠠᠷ ᠥᠷᠥᠭᠰᠡᠨ ᠬᠠᠯᠬᠠᠪᠴᠢ ᠲᠠᠢ᠂ ᠡᠨᠡ ᠬᠦ ᠬᠠᠯᠬᠠᠪᠴᠢ ᠨᠢ 5 ᠲᠣᠬᠤᠢ ᠪᠦᠷᠢ ᠳᠡᠭᠡᠨ ᠨᠢᠭᠡ ᠫᠤᠤᠳᠠᠬᠤ ᠬᠠᠷᠠᠭ᠎ᠠ ᠲᠠᠢ᠂ ᠬᠦᠷᠢᠶᠡᠨ ᠤ ᠳᠥᠷᠪᠡᠨ ᠥᠨᠴᠥᠭ ᠲᠤ ᠪᠦᠷ ᠲᠣᠭᠤᠰᠬᠠᠨ ᠬᠠᠷᠠᠭᠤᠯ ᠤᠨ ᠳᠠᠪᠴᠠᠩ ᠲᠠᠢ ᠪᠠᠶᠢᠵᠤ᠂ ᠬᠦᠷᠢᠶᠡᠨ ᠤ ᠳᠤᠮᠳᠠ ᠨᠢ ᠨᠡᠯᠢᠶᠡᠳ ᠣᠯᠠᠨ ᠶᠡᠭᠡ ᠪᠠᠭ᠎ᠠ ᠲᠢᠩᠬᠢᠮ᠂ ᠣᠷᠣᠨ ᠰᠠᠭᠤᠴᠠ ᠲᠠᠢ᠃    ᠴᠢᠯᠥᠭᠡᠳᠡᠭᠰᠡᠨ ᠤ ᠳᠠᠷᠠᠭ᠎ᠠ ᠠᠳᠡ ᠬᠠᠩᠭᠢᠨ ᠬᠤᠰᠢᠭᠤᠨ ᠤ ᠬᠤᠶᠠᠳᠤᠭᠠᠷ ᠨᠤᠲᠤᠭ ᠤᠨ ᠵᠠᠬᠢᠷᠭ᠎ᠠ ᠪᠠᠶᠢᠭᠠᠳ ᠰᠡᠭᠦᠯᠡᠷ ᠨᠢ ᠲᠣᠰ ᠬᠤᠰᠢᠭᠤᠨ ᠤ ᠬᠤᠶᠠᠳᠤᠭᠠᠷ ᠨᠤᠲᠤᠭ ᠤᠨ ᠬᠠᠩᠭᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ᠂ ᠢᠲᠡᠭᠡᠮᠵᠢ ᠶᠢᠨ ᠬᠤᠷᠰᠢᠶ᠎ᠠ  ᠪᠣᠯᠵᠤ᠂ ᠲᠡᠭᠦᠨ ᠤ ᠳᠠᠷᠠᠭ᠎ᠠ ᠪᠠᠶᠠᠨᠪᠤᠯᠠᠭ ᠰᠤᠮᠤᠨ ᠤ ᠶᠠᠰᠢᠯᠲᠤ ᠶᠡᠭᠡ ᠪᠠᠷᠢᠭᠠᠳᠠ ᠶᠢᠨ ᠠᠯᠪᠠᠯᠠᠬᠤ ᠭᠠᠵᠠᠷ᠂ ᠶᠠᠰᠢᠯᠲᠤ᠂ ᠪᠠᠶᠠᠨᠰᠥ᠋ᠮᠪᠥᠷ ᠬᠤᠶᠠᠷ ᠪᠠᠷᠢᠭᠠᠳᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠪᠣᠯᠵᠤ ᠰᠡᠭᠦᠯᠡᠷ ᠬᠠᠶᠠᠭᠳᠠᠭᠰᠠᠨ ᠪᠠᠶᠢᠨ᠎ᠠ᠃    ᠲᠣᠰ ᠶᠡᠭᠡ ᠬᠦᠷᠢᠶ᠎ᠡ ᠡᠳᠦᠭᠡ ᠨᠢᠭᠡᠨᠲᠡ 80 ᠭᠠᠷᠤᠢ ᠵᠢᠯ ᠤᠨ ᠰᠠᠯᠬᠢ ᠪᠣᠷᠣᠭᠠᠨ ᠢ ᠲᠤᠭᠤᠯᠤᠭᠰᠠᠨ ᠴᠦ ᠰᠢᠪᠠᠷ ᠪᠦᠲᠦᠴᠡ ᠨᠢ ᠮᠥᠨ ᠤᠤᠯ ᠬᠡᠪ ᠢᠶᠠᠷ ᠢᠶᠠᠨ ᠪᠠᠶᠢᠭᠰᠠᠭᠠᠷ᠃
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ