ᠣᠶᠢᠷ᠎ᠠ ᠶᠢᠨ ᠡᠳᠦᠷ᠂ ᠳᠠᠭᠤᠴᠢᠨ ᠨᠠᠷᠠᠰᠤ ᠶᠢᠨ ᠰᠦᠯᠵᠢᠶᠠᠨ ᠳᠡᠭᠡᠷᠡᠬᠢ ᠠᠶ᠎ᠠ ᠳᠠᠭᠤᠨ ᠤ ᠲᠤᠰᠬᠠᠢ ᠲᠠᠯᠠᠪᠠᠢ ᠶᠢᠨ ᠲᠣᠭᠯᠠᠯᠲᠠ ᠬᠠᠩᠬᠢᠨ ᠬᠤᠰᠢᠭᠤᠨ ᠤ | ᠬᠥᠪᠴᠢ ᠶᠢᠨ ᠡᠯᠡᠰᠦᠨ ᠳᠠᠬᠢ ᠶᠧ ᠮᠢᠩ ᠱᠠ ᠵᠢᠭᠤᠯᠴᠢᠯᠠᠯ ᠤᠨ ᠣᠷᠣᠨ ᠳᠤ ᠶᠠᠪᠤᠭᠳᠠᠭᠰᠠᠨ ᠪᠠᠶᠢᠨ᠎ᠠ ᠲᠣᠭᠯᠠᠯᠲᠠ ᠨᠢ ᠰᠢᠨᠬᠤᠸᠠ ᠰᠦᠯᠵᠢᠶ᠎ᠡ᠂ ᠲᠧᠩ ᠰᠢᠶᠦ᠋ᠨ | ᠸᠢᠳᠢᠤ᠋᠂ ᠲᠢᠺ ᠲᠤᠺ᠂ ᠸᠢᠴᠠᠲ ᠵᠡᠷᠭᠡ ᠣᠯᠠᠨ ᠵᠠᠭᠤᠴᠢᠯᠠᠭᠤᠷ ᠤᠨ ᠳᠠᠪᠴᠠᠩ ᠢᠶᠠᠷ ᠰᠢᠭᠤᠳ ᠨᠡᠪᠲᠡᠷᠡᠭᠦᠯᠵᠤ᠂ ᠰᠢᠭᠤᠳ ᠨᠡᠪᠲᠡᠷᠡᠭᠦᠯᠭᠡ ᠶᠢ ᠨᠡᠶᠢᠲᠡ 270.94 | ᠲᠦᠮᠡ ᠭᠠᠷᠤᠢ ᠬᠥᠮᠥᠨ ᠤᠳᠠᠭ᠎ᠠ ᠰᠣᠨᠢᠷᠬᠠᠭᠰᠠᠨ ᠪᠠᠶᠢᠨ᠎ᠠ᠃ | ︽ᠰᠠᠶᠢᠬᠠᠨ︾ ︽ᠢᠷᠦᠭᠡᠯ ᠰᠡᠷᠭᠦᠭᠰᠡᠨ ᠪᠠᠶᠠᠷ︾ ︽ᠨᠠᠶᠢᠷ ᠤᠨ ᠳᠠᠭᠤᠤ︾ ︽ᠬᠤᠯᠠ ᠶᠢᠨ ᠲᠡᠷᠭᠡᠯ ᠬᠥᠳᠡᠭᠡ︾ ᠵᠡᠷᠭᠡ 18 ᠳᠠᠭᠤᠤ ᠪᠠᠷ | ᠰᠣᠨᠣᠰᠤᠭᠴᠢ ᠪᠠᠨ ᠪᠠᠶᠠᠰᠬᠠᠬᠤ ᠶᠢᠨ ᠬᠠᠮᠲᠤ ᠲᠥᠷᠥᠭᠰᠡᠨ ᠨᠤᠲᠤᠭ ᠬᠠᠩᠬᠢᠨ ᠬᠤᠰᠢᠭᠤ᠂ ᠬᠥᠪᠴᠢ ᠶᠢᠨ ᠡᠯᠡᠰᠦ᠂ ᠬᠠᠩᠭᠢᠨ ᠬᠤᠰᠢᠭᠤᠨ ᠤ ᠰᠣᠶᠣᠯ | ᠵᠢᠭᠤᠯᠴᠢᠯᠠᠯ ᠤᠨ ᠡᠬᠢ ᠰᠤᠷᠪᠤᠯᠵᠢ ᠶᠢ ᠪᠦᠬᠦᠶᠢᠯᠡ ᠰᠦᠯᠵᠢᠶᠡᠨ ᠨᠠᠶᠢᠵᠠ ᠨᠠᠷ ᠲᠤ ᠪᠠᠨ ᠲᠠᠨᠢᠯᠴᠠᠭᠤᠯᠵᠤ᠂ ᠣᠯᠠᠨ ᠲᠦᠮᠡᠨ ᠢ ᠥᠪᠥᠷ ᠮᠣᠩᠭᠤᠯ᠂ ᠬᠠᠩᠭᠢᠨ | ᠬᠤᠰᠢᠭᠤᠨ ᠳᠤ ᠢᠷᠡᠵᠤ ᠵᠤᠭᠠᠴᠠᠬᠤ ᠶᠢ ᠤᠷᠢᠶᠠᠯᠠᠭᠰᠠᠨ ᠪᠠᠶᠢᠨ᠎ᠠ᠃ | ᠣᠶᠢᠷ᠎ᠠ ᠶᠢᠨ ᠵᠢᠯ ᠳᠤ᠂ ᠬᠠᠩᠭᠢᠨ ᠬᠤᠰᠢᠭᠤ ᠣᠷᠣᠨ ᠨᠤᠲᠤᠭ ᠤᠨ ᠰᠣᠶᠣᠯ ᠤᠨ ᠳᠠᠯᠳᠠ ᠬᠦᠴᠦᠨ ᠢ ᠭᠦᠢᠴᠡᠳ ᠠᠭᠤᠳᠠᠯᠯᠠᠵᠤ᠂ ᠡᠬᠢ ᠪᠠᠶᠠᠯᠢᠭ ᠪᠠ ᠨᠡᠷᠡᠳᠦ | ᠲᠥᠷᠥᠯ ᠲᠡᠮᠳᠡᠭᠲᠦ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠨ᠂ ᠤᠯᠠᠨ ᠠᠷᠭ᠎ᠠ ᠬᠡᠮᠵᠢᠶ᠎ᠡ ᠪᠠᠷ ᠵᠢᠭᠤᠯᠴᠢᠯᠠᠯ ᠤᠨ ᠨᠥᠯᠥᠭᠡᠯᠡᠬᠦ ᠬᠦᠴᠦᠨ ᠪᠠ ᠠᠯᠳᠠᠷᠰᠢᠯ ᠢ | ᠳᠠᠰᠤᠷᠠᠯᠲᠠ ᠦᠭᠡᠢ ᠥᠷᠭᠡᠳᠬᠡᠪᠡ᠃ ᠲᠣᠰ ᠤᠳᠠᠭᠠᠨ ᠤ ᠲᠣᠭᠯᠠᠯᠲᠠ ᠨᠢ ᠳᠠᠭᠤᠴᠢᠳ ᠤᠨ ᠬᠠᠷᠠᠭᠠᠨ ᠠᠴᠠ ᠦᠵᠡᠭᠴᠢᠳ ᠢ ᠳᠠᠭᠠᠭᠤᠯᠤᠨ ᠲᠣᠭᠯᠠᠯᠲᠠ ᠶᠢ | ᠰᠣᠨᠢᠷᠬᠠᠭᠤᠯᠵᠤ᠂ Vlog ᠬᠡᠯᠪᠡᠷᠢ ᠪᠠᠷ ᠨᠠᠷᠢᠨ ᠵᠦᠢᠯᠡᠰ ᠢ ᠲᠡᠮᠲᠡᠭᠯᠡᠬᠦ ᠶᠢᠨ ᠬᠠᠮᠲᠤ ᠳᠡᠯᠭᠡᠨ ᠦᠵᠡᠭᠦᠯᠵᠤ᠂ ᠲᠣᠭᠯᠠᠯᠲᠠ ᠶᠢᠨ ᠠᠷᠤ ᠳᠠᠬᠢ ᠴᠢᠷᠮᠠᠶᠢᠯᠭ᠎ᠠ ᠪᠠ | ᠭᠤᠶᠢᠳᠠ ᠰᠠᠶᠢᠬᠠᠨ ᠢ ᠦᠵᠡᠭᠴᠢᠳ ᠲᠤ ᠮᠡᠳᠡᠷᠡᠭᠦᠯᠵᠤ ᠴᠢᠳᠠᠭᠰᠠᠨ ᠮᠥᠷᠲᠡᠭᠡᠨ ᠬᠠᠩᠭᠢᠨ ᠬᠤᠰᠢᠭᠤᠨ ᠤ ᠰᠣᠶᠣᠯ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠬᠤ | ᠪᠠᠰᠠ ᠨᠢᠭᠡᠨ ᠰᠢᠨ᠎ᠡ ᠠᠷᠭ᠎ᠠ ᠬᠡᠮᠵᠢᠶ᠎ᠡ ᠪᠣᠯᠵᠤ ᠴᠢᠳᠠᠭᠰᠠᠨ ᠪᠠᠶᠢᠨ᠎ᠠ᠃ | | | | | | | | | | | | | | | | | | | | | | | | | | | | | | |