2024ᠣᠨ ᠤ ᠳᠤᠮᠳᠠᠳᠤ ᠤᠯᠤᠰ ᠤᠨ ᠬᠥᠪᠴᠢ ᠶᠢᠨ ᠡᠯᠡᠰᠦᠨ ᠴᠥᠯ ᠤᠨ ᠬᠡᠭᠡᠷᠡᠯᠡᠨ ᠠᠶᠠᠯᠠᠬᠤ ᠤᠷᠤᠯᠳᠤᠭᠠᠨ ᠵᠢᠴᠢ ᠳᠤᠮᠳᠠᠳᠤ ᠤᠯᠤᠰ ᠤᠨ ᠮᠠᠰᠢᠨ ᠲᠡᠷᠭᠡᠨ ᠤ ᠬᠦᠴᠦ ᠰᠣᠷᠢᠬᠤ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠬᠠᠩᠬᠢᠨ ᠬᠤᠰᠢᠭᠤᠨ ᠳᠠᠬᠢ ᠬᠤᠪᠢᠶᠠᠷᠢ ᠥᠷᠲᠡᠭᠡᠨ ᠤ ᠤᠷᠤᠯᠳᠤᠭᠠᠨ ᠡᠬᠢᠯᠡᠯ᠎ᠡ
ᠨᠡᠶᠢᠲᠡᠯᠡᠭᠰᠡᠨ ᠴᠠᠭ᠄
2024/8/23
    ᠨᠠᠷᠠᠨ ᠳᠤᠯᠠᠶᠢᠵᠤ ᠬᠠᠩᠭᠠᠢ ᠨᠣᠮᠢᠷᠠᠭᠰᠠᠨ 8 ᠰᠠᠷ᠎ᠠ ᠶᠢᠨ 22᠎ ᠤᠨ ᠡᠳᠦᠷ᠂ 2024 ᠣᠨ ᠤ ᠳᠤᠮᠳᠠᠳᠤ ᠤᠯᠤᠰ ᠤᠨ ᠬᠥᠪᠴᠢ ᠶᠢᠨ ᠡᠯᠡᠰᠦᠨ ᠴᠥᠯ ᠤᠨ ᠬᠡᠬᠡᠷᠡᠯᠡᠨ ᠠᠶᠠᠯᠠᠬᠤ ᠤᠷᠤᠯᠳᠤᠭᠠᠨ ᠵᠢᠴᠢ ᠳᠤᠮᠳᠠᠳᠤ ᠤᠯᠤᠰ ᠤᠨ ᠮᠠᠰᠢᠨ ᠲᠡᠷᠭᠡᠨ ᠤ ᠬᠦᠴᠦ ᠰᠣᠷᠢᠬᠤ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠬᠠᠩᠭᠢᠨ ᠬᠤᠰᠢᠭᠤᠨ ᠳᠠᠬᠢ ᠬᠤᠪᠢᠶᠠᠷᠢ ᠥᠷᠲᠡᠭᠡᠨ ᠤ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠬᠠᠩᠭᠢᠨ ᠬᠤᠰᠢᠭᠤᠨ ᠤ ᠰᠢᠨᠡᠪᠠᠯᠭᠠᠰᠤᠨ ᠤ ᠠᠭᠤᠳᠠᠮ ᠲᠠᠯᠠᠪᠠᠢ ᠳᠤ ᠬᠥᠭᠵᠢᠶᠡᠨᠲᠡᠢ ᠶᠠᠪᠤᠭᠳᠠᠯ᠎ᠠ᠃    ᠲᠣᠰ ᠤᠳᠠᠭᠠᠨ ᠤ ᠤᠷᠤᠯᠳᠤᠭᠠᠨ ᠨᠢ ᠨᠢᠭᠡ ᠤᠳᠠᠭ᠎ᠠ ᠶᠢᠨ ᠳᠤᠮᠳᠠᠳᠤ ᠤᠯᠤᠰ ᠤᠨ ᠬᠠᠮᠤᠭ ᠤᠨ ᠥᠨᠳᠥᠷ ᠲᠡᠰ ᠤᠨ ᠮᠠᠰᠢᠨ ᠲᠡᠷᠭᠡᠨ ᠤ ᠬᠡᠭᠡᠷᠡᠯᠡᠨ ᠠᠶᠠᠯᠠᠬᠤ ᠤᠷᠤᠯᠳᠤᠭᠠᠨ ᠪᠠᠶᠢᠵᠤ᠂ ᠣᠶᠢᠷ᠎ᠠ ᠵᠠᠮ ᠤᠨ ᠤᠷᠤᠯᠳᠤᠭᠠᠨ᠂ ᠬᠥᠨᠳᠡᠢ ᠶᠢᠨ ᠭᠤᠣᠯ ᠤᠨ ᠤᠷᠤᠯᠳᠤᠭᠠᠨ ᠤ ᠬᠡᠰᠡᠭ᠂ ᠬᠥᠪᠴᠢ ᠶᠢᠨ ᠡᠯᠡᠰᠦᠨ ᠴᠥᠯ ᠤᠨ ᠤᠷᠤᠯᠳᠤᠭᠠᠨ ᠤ ᠬᠡᠰᠡᠭ ᠵᠡᠷᠭᠡ ᠵᠠᠮ ᠱᠤᠭᠤᠮ ᠢ ᠲᠣᠬᠢᠷᠠᠭᠤᠯᠤᠨ᠂ ᠤᠷᠤᠯᠳᠤᠭᠠᠨ ᠤ ᠪᠥᠬᠦ ᠤᠷᠲᠤ ᠨᠢ ᠪᠠᠷᠤᠭ 1000 ᠺᠢᠯᠣᠮᠧᠲᠷ ᠪᠠᠶᠢᠵᠤ᠂ ᠡᠭᠦᠨ ᠳᠤ ᠡᠯᠡᠰᠦ ᠎ ᠲᠠᠢ ᠭᠠᠵᠠᠷ ᠨᠢ 60%᠎ ᠶᠢ ᠡᠵᠡᠯᠡᠵᠤ᠂ ᠭᠤᠣᠯ ᠳᠠᠭᠠᠤ ᠶᠢᠨ ᠬᠠᠶᠢᠷ ᠴᠢᠯᠠᠭᠤᠨ ᠤ ᠭᠠᠵᠠᠷ 40%᠎ ᠶᠢ ᠡᠵᠡᠯᠡᠨ᠎ᠡ᠃ ᠤᠷᠤᠯᠳᠤᠭᠠᠨ ᠤ ᠳᠤᠮᠳᠠ ᠪᠠᠰᠠ ᠠᠷᠠᠳ ᠤᠨ ᠤᠷᠠᠯᠢᠭᠴᠢᠳ ᠤᠨ ᠲᠣᠭᠯᠠᠯᠲᠠ᠂ ᠬᠤᠯᠢᠮᠠᠭ ᠳᠣᠯᠣᠭᠠᠨ ᠤ ᠲᠡᠮᠡᠴᠡᠭᠡᠨ᠂ ᠤᠯᠠᠭᠠᠨᠮᠦ᠋ᠴᠢᠷ ᠤᠨ ᠲᠣᠭᠯᠠᠯᠲᠠ ᠵᠡᠷᠭᠡ ᠡᠯ᠎ᠡ ᠵᠦᠢᠯ ᠤᠨ ᠪᠠᠶᠠᠯᠢᠭ ᠠᠭᠤᠯᠭ᠎ᠠ ᠪᠦᠬᠦᠢ ᠰᠣᠶᠣᠯ ᠲᠠᠮᠢᠷ ᠤᠨ ᠠᠵᠢᠯᠯᠠᠭ᠎ᠠ ᠶᠢ ᠵᠡᠷᠭᠡᠪᠡᠷ ᠲᠣᠬᠢᠷᠠᠭᠤᠯᠪᠠ᠃    ᠲᠣᠰ ᠤᠷᠤᠯᠳᠤᠭᠠᠨ ᠢ ᠳᠤᠮᠳᠠᠳᠤ ᠤᠯᠤᠰ ᠤᠨ ᠮᠠᠰᠢᠨ ᠲᠡᠷᠭᠡ ᠮᠣᠲ᠋ᠣᠷ ᠲᠡᠷᠭᠡᠨ ᠤ ᠬᠥᠳᠡᠯᠭᠡᠭᠡᠨ ᠤ ᠬᠤᠯᠪᠣᠭᠠᠲᠤ ᠬᠤᠷᠠᠯ᠂ ᠤᠷᠢᠳᠤᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠤ᠂ ᠤᠷᠤᠯᠳᠤᠭᠠᠨ ᠨᠢ 8 ᠰᠠᠷ᠎ᠠ ᠶᠢᠨ 22᠎ ᠤᠨ ᠡᠳᠦᠷ ᠠᠴᠠ 25᠎ ᠤ ᠡᠳᠦᠷ ᠪᠣᠯᠲᠠᠯ᠎ᠠ 4 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠪᠥᠬᠦ ᠤᠯᠤᠰ ᠤᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ 29 ᠮᠠᠰᠢᠨ ᠲᠡᠷᠭᠡᠨ ᠤ ᠠᠩᠭᠢ ᠶᠢᠨ 69 ᠮᠠᠰᠢᠨ ᠲᠡᠷᠭᠡ᠂ 138 ᠲᠡᠷᠭᠡᠴᠢᠨ ᠥᠪᠡᠷ ᠥᠪᠡᠷ ᠤᠨ ᠰᠢᠨᠲᠠᠰᠤ ᠵᠣᠷᠢᠭ ᠢᠶᠠᠨ ᠰᠢᠯᠭᠠᠬᠤ ᠪᠣᠯᠣᠨ᠎ᠠ᠃ 
微信图片_20240823114629.jpg
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ