ᠨᠠᠷᠠᠨ ᠳᠤᠯᠠᠶᠢᠵᠤ ᠬᠠᠩᠭᠠᠢ ᠨᠣᠮᠢᠷᠠᠭᠰᠠᠨ 8 ᠰᠠᠷ᠎ᠠ ᠶᠢᠨ 22 ᠤᠨ ᠡᠳᠦᠷ᠂ 2024 ᠣᠨ ᠤ ᠳᠤᠮᠳᠠᠳᠤ ᠤᠯᠤᠰ ᠤᠨ ᠬᠥᠪᠴᠢ ᠶᠢᠨ ᠡᠯᠡᠰᠦᠨ ᠴᠥᠯ ᠤᠨ | ᠬᠡᠬᠡᠷᠡᠯᠡᠨ ᠠᠶᠠᠯᠠᠬᠤ ᠤᠷᠤᠯᠳᠤᠭᠠᠨ ᠵᠢᠴᠢ ᠳᠤᠮᠳᠠᠳᠤ ᠤᠯᠤᠰ ᠤᠨ ᠮᠠᠰᠢᠨ ᠲᠡᠷᠭᠡᠨ ᠤ ᠬᠦᠴᠦ ᠰᠣᠷᠢᠬᠤ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠬᠠᠩᠭᠢᠨ | ᠬᠤᠰᠢᠭᠤᠨ ᠳᠠᠬᠢ ᠬᠤᠪᠢᠶᠠᠷᠢ ᠥᠷᠲᠡᠭᠡᠨ ᠤ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠬᠠᠩᠭᠢᠨ ᠬᠤᠰᠢᠭᠤᠨ ᠤ ᠰᠢᠨᠡᠪᠠᠯᠭᠠᠰᠤᠨ ᠤ ᠠᠭᠤᠳᠠᠮ ᠲᠠᠯᠠᠪᠠᠢ ᠳᠤ | ᠬᠥᠭᠵᠢᠶᠡᠨᠲᠡᠢ ᠶᠠᠪᠤᠭᠳᠠᠯ᠎ᠠ᠃ | ᠲᠣᠰ ᠤᠳᠠᠭᠠᠨ ᠤ ᠤᠷᠤᠯᠳᠤᠭᠠᠨ ᠨᠢ ᠨᠢᠭᠡ ᠤᠳᠠᠭ᠎ᠠ ᠶᠢᠨ ᠳᠤᠮᠳᠠᠳᠤ ᠤᠯᠤᠰ ᠤᠨ ᠬᠠᠮᠤᠭ ᠤᠨ ᠥᠨᠳᠥᠷ ᠲᠡᠰ ᠤᠨ ᠮᠠᠰᠢᠨ ᠲᠡᠷᠭᠡᠨ ᠤ ᠬᠡᠭᠡᠷᠡᠯᠡᠨ ᠠᠶᠠᠯᠠᠬᠤ | ᠤᠷᠤᠯᠳᠤᠭᠠᠨ ᠪᠠᠶᠢᠵᠤ᠂ ᠣᠶᠢᠷ᠎ᠠ ᠵᠠᠮ ᠤᠨ ᠤᠷᠤᠯᠳᠤᠭᠠᠨ᠂ ᠬᠥᠨᠳᠡᠢ ᠶᠢᠨ ᠭᠤᠣᠯ ᠤᠨ ᠤᠷᠤᠯᠳᠤᠭᠠᠨ ᠤ ᠬᠡᠰᠡᠭ᠂ ᠬᠥᠪᠴᠢ ᠶᠢᠨ ᠡᠯᠡᠰᠦᠨ ᠴᠥᠯ ᠤᠨ | ᠤᠷᠤᠯᠳᠤᠭᠠᠨ ᠤ ᠬᠡᠰᠡᠭ ᠵᠡᠷᠭᠡ ᠵᠠᠮ ᠱᠤᠭᠤᠮ ᠢ ᠲᠣᠬᠢᠷᠠᠭᠤᠯᠤᠨ᠂ ᠤᠷᠤᠯᠳᠤᠭᠠᠨ ᠤ ᠪᠥᠬᠦ ᠤᠷᠲᠤ ᠨᠢ ᠪᠠᠷᠤᠭ 1000 ᠺᠢᠯᠣᠮᠧᠲᠷ ᠪᠠᠶᠢᠵᠤ᠂ ᠡᠭᠦᠨ ᠳᠤ ᠡᠯᠡᠰᠦ | ᠲᠠᠢ ᠭᠠᠵᠠᠷ ᠨᠢ 60% ᠶᠢ ᠡᠵᠡᠯᠡᠵᠤ᠂ ᠭᠤᠣᠯ ᠳᠠᠭᠠᠤ ᠶᠢᠨ ᠬᠠᠶᠢᠷ ᠴᠢᠯᠠᠭᠤᠨ ᠤ ᠭᠠᠵᠠᠷ 40% ᠶᠢ ᠡᠵᠡᠯᠡᠨ᠎ᠡ᠃ ᠤᠷᠤᠯᠳᠤᠭᠠᠨ ᠤ ᠳᠤᠮᠳᠠ ᠪᠠᠰᠠ ᠠᠷᠠᠳ ᠤᠨ | ᠤᠷᠠᠯᠢᠭᠴᠢᠳ ᠤᠨ ᠲᠣᠭᠯᠠᠯᠲᠠ᠂ ᠬᠤᠯᠢᠮᠠᠭ ᠳᠣᠯᠣᠭᠠᠨ ᠤ ᠲᠡᠮᠡᠴᠡᠭᠡᠨ᠂ ᠤᠯᠠᠭᠠᠨᠮᠦ᠋ᠴᠢᠷ ᠤᠨ ᠲᠣᠭᠯᠠᠯᠲᠠ ᠵᠡᠷᠭᠡ ᠡᠯ᠎ᠡ ᠵᠦᠢᠯ ᠤᠨ ᠪᠠᠶᠠᠯᠢᠭ ᠠᠭᠤᠯᠭ᠎ᠠ ᠪᠦᠬᠦᠢ | ᠰᠣᠶᠣᠯ ᠲᠠᠮᠢᠷ ᠤᠨ ᠠᠵᠢᠯᠯᠠᠭ᠎ᠠ ᠶᠢ ᠵᠡᠷᠭᠡᠪᠡᠷ ᠲᠣᠬᠢᠷᠠᠭᠤᠯᠪᠠ᠃ | ᠲᠣᠰ ᠤᠷᠤᠯᠳᠤᠭᠠᠨ ᠢ ᠳᠤᠮᠳᠠᠳᠤ ᠤᠯᠤᠰ ᠤᠨ ᠮᠠᠰᠢᠨ ᠲᠡᠷᠭᠡ ᠮᠣᠲ᠋ᠣᠷ ᠲᠡᠷᠭᠡᠨ ᠤ ᠬᠥᠳᠡᠯᠭᠡᠭᠡᠨ ᠤ ᠬᠤᠯᠪᠣᠭᠠᠲᠤ ᠬᠤᠷᠠᠯ᠂ ᠤᠷᠢᠳᠤᠰ ᠬᠤᠲᠠ ᠶᠢᠨ ᠰᠣᠶᠣᠯ | ᠪᠠ ᠵᠢᠭᠤᠯᠴᠢᠯᠠᠯ ᠤᠨ ᠲᠣᠪᠴᠢᠶ᠎ᠠ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠤ᠂ ᠤᠷᠤᠯᠳᠤᠭᠠᠨ ᠨᠢ 8 ᠰᠠᠷ᠎ᠠ ᠶᠢᠨ | 22 ᠤᠨ ᠡᠳᠦᠷ ᠠᠴᠠ 25 ᠤ ᠡᠳᠦᠷ ᠪᠣᠯᠲᠠᠯ᠎ᠠ 4 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠪᠥᠬᠦ ᠤᠯᠤᠰ ᠤᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ | 29 ᠮᠠᠰᠢᠨ ᠲᠡᠷᠭᠡᠨ ᠤ ᠠᠩᠭᠢ ᠶᠢᠨ 69 ᠮᠠᠰᠢᠨ ᠲᠡᠷᠭᠡ᠂ 138 ᠲᠡᠷᠭᠡᠴᠢᠨ ᠥᠪᠡᠷ ᠥᠪᠡᠷ ᠤᠨ ᠰᠢᠨᠲᠠᠰᠤ ᠵᠣᠷᠢᠭ ᠢᠶᠠᠨ ᠰᠢᠯᠭᠠᠬᠤ ᠪᠣᠯᠣᠨ᠎ᠠ᠃ | | | | | | | | | | | | | | | |