1—7 ᠰᠠᠷ᠎ᠠ ᠳᠤ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠠᠬᠢᠵᠤ ᠬᠥᠭᠵᠢᠯᠲᠡ ᠶᠢᠨ ᠴᠢᠨᠠᠷᠵᠢᠯ ᠦᠷᠭᠦᠯᠵᠢᠯᠡᠨ ᠳᠡᠭᠡᠭᠰᠢᠯᠡᠪᠡ
ᠨᠡᠶᠢᠲᠡᠯᠡᠭᠰᠡᠨ ᠴᠠᠭ᠄
2024/8/26
    ᠲᠦᠷᠦᠭᠦᠬᠡᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 1—7 ᠰᠠᠷ᠎ᠠ ᠳᠤ᠂ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠠᠬᠢᠵᠤ᠂ ᠬᠥᠭᠵᠢᠯᠲᠡ ᠶᠢᠨ ᠴᠢᠨᠠᠷᠵᠢᠯ ᠦᠷᠭᠦᠯᠵᠢᠯᠡᠨ ᠳᠡᠭᠡᠭᠰᠢᠯᠡᠪᠡ᠃    ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠬᠦᠴᠦᠨ ᠢ ᠨᠡᠮᠡᠭᠳᠡᠭᠦᠯᠦᠨ ᠬᠤᠷᠳᠤᠴᠠ ᠶᠢ ᠲᠦᠷᠭᠡᠳᠬᠡᠵᠤ᠂ ᠠᠭᠤᠷᠬᠠᠢ ᠮᠠᠯᠲᠠᠬᠤ ᠦᠢᠯᠡᠰ ᠤᠨ ᠬᠥᠲᠥᠯᠥᠨ ᠳᠠᠭᠠᠭᠤᠯᠬᠤ ᠳᠠᠪᠠᠭᠤᠯᠢᠭ ᠢ ᠪᠠᠳᠠᠷᠠᠭᠤᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.6%᠎ ᠪᠠᠷ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠵᠠᠭᠤᠨ ᠤ ᠬᠤᠪᠢ ᠶᠢᠨ ᠬᠠᠷᠢᠴᠠᠯ ᠢᠶᠠᠷ 1.9 ᠲᠦᠷᠭᠡᠨ ᠪᠣᠯᠵᠤ᠂ ᠪᠥᠬᠦ ᠤᠯᠤᠰ ᠤᠨ ᠎ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 1.7 ᠥᠨᠳᠥᠷ ᠪᠣᠯᠪᠠ᠃ ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 5.7%᠎ ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 59.4% ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 4.5 ᠳᠠᠶᠢᠴᠢᠯᠠᠪᠠ᠃ ᠦᠢᠯᠡᠳᠬᠦ ᠦᠢᠯᠡᠰ᠂ ᠴᠠᠭᠢᠯᠭᠠᠨ ᠬᠦᠴᠦᠨ᠂ ᠢᠯᠴᠢ ᠶᠢᠨ ᠬᠦᠴᠦᠨ᠂ ᠪᠠᠶᠢᠭᠠᠯᠢ ᠶᠢᠨ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 16.5% ᠪᠠ 15.5%᠎ ᠪᠠᠷ ᠨᠡᠮᠡᠭᠳᠡᠵᠦ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠣᠰ ᠲᠣᠰ ᠵᠠᠭᠤᠨ ᠤ ᠬᠤᠪᠢ ᠶᠢᠨ ᠬᠠᠷᠢᠴᠠᠯ ᠢᠶᠠᠷ 12.7 ᠪᠠ 6.4 ᠲᠦᠷᠭᠡᠨ ᠪᠣᠯᠵᠤ᠂ ᠲᠣᠰ ᠲᠣᠰ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠵᠠᠭᠤᠨ ᠤ ᠬᠤᠪᠢ ᠶᠢᠨ ᠬᠠᠷᠢᠴᠠᠯ ᠢᠶᠠᠷ 2.1 ᠪᠠ 1.0 ᠨᠡᠮᠡᠭᠳᠡᠭᠦᠯᠪᠡ᠃    ᠠᠵᠢᠯ ᠲᠥᠷᠥᠯ ᠤᠨ ᠬᠥᠭᠵᠢᠯᠲᠡ ᠦᠷᠭᠦᠯᠵᠢᠯᠡᠨ ᠰᠠᠶᠢᠵᠢᠷᠠᠵᠤ᠂ ᠲᠠᠪᠤᠨ ᠬᠤᠪᠢ ᠶᠢ ᠳᠠᠪᠠᠭᠰᠠᠨ ᠦᠢᠯᠡᠳᠭᠦᠨ ᠨᠡᠮᠡᠭᠳᠡᠯ ᠢᠶᠠᠨ ᠪᠠᠲᠤᠯᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ28 ᠶᠡᠭᠡ ᠲᠥᠷᠥᠯ ᠤᠨ ᠠᠵᠢᠯ ᠲᠥᠷᠥᠯ ᠤᠨ ᠳᠣᠲᠣᠷ᠎ᠠ᠂ 17 ᠠᠵᠢᠯ ᠲᠥᠷᠥᠯ ᠤᠨ ᠨᠡᠮᠡᠭᠳᠡᠯ ᠥᠷᠲᠡᠭ ᠤᠨ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 60.7% ᠪᠠᠶᠢᠵᠤ᠂ ᠳᠡᠭᠡᠷ᠎ᠡ ᠬᠠᠭᠠᠰ ᠵᠢᠯ ᠤᠨ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 10.7 ᠳᠡᠭᠡᠭᠰᠢᠯᠡᠵᠦ᠂ 9 ᠠᠵᠢᠯ ᠲᠥᠷᠥᠯ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠳᠤᠮᠳᠠᠴᠢ ᠬᠢᠷᠢ ᠳᠥᠪᠰᠢᠨ ᠠᠴᠠ ᠥᠨᠳᠥᠷ ᠪᠣᠯᠪᠠ᠂ ᠡᠭᠦᠨ ᠳᠤ ᠺᠣᠮᠫᠢᠦ᠋ᠲ᠋ᠧᠷ᠂ ᠮᠡᠳᠡᠭᠡ ᠬᠤᠯᠪᠣᠭ᠎ᠠ ᠪᠠ ᠪᠤᠰᠤᠳ ᠡᠯᠧᠺᠲᠷᠣᠨ ᠳᠥᠬᠦᠭᠡᠷᠦᠮᠵᠢ ᠦᠢᠯᠡᠳᠬᠦ ᠦᠢᠯᠡᠰ ︵2750.0%︶᠂ ᠴᠠᠬᠢᠯᠭᠠᠨ ᠮᠧᠬᠠᠨᠢᠭ ᠪᠠ ᠪᠠᠭᠠᠵᠢ ᠬᠡᠷᠡᠭᠰᠡᠯ ᠦᠢᠯᠡᠳᠬᠦ ᠦᠢᠯᠡᠰ ︵78.1%︶᠂ ᠨᠡᠶᠢᠳᠡᠮ ᠬᠡᠷᠡᠭᠯᠡᠭᠡᠨ ᠤ ᠳᠥᠬᠦᠭᠡᠷᠦᠮᠵᠢ ᠦᠢᠯᠡᠳᠬᠦ ︵30.2%︶᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ︵18.4%︶ ᠵᠡᠷᠭᠡ 7 ᠠᠵᠢᠯ ᠲᠥᠷᠥᠯ ᠤᠨ ᠨᠡᠮᠡᠭᠳᠡᠯ ᠥᠷᠲᠡᠭ ᠨᠢ ᠬᠤᠶᠠᠷ ᠣᠷᠣᠨᠲᠤ ᠲᠤᠭ᠎ᠠ ᠠᠴᠠ ᠳᠡᠭᠡᠭᠰᠢ ᠨᠡᠮᠡᠭᠳᠡᠯ ᠢ ᠪᠡᠶᠡᠯᠡᠭᠦᠯᠪᠡ᠃ ᠭᠤᠣᠯ ᠪᠣᠯᠬᠤ ᠦᠢᠯᠡᠳᠬᠦᠨ ᠤ ᠭᠠᠷᠤᠯᠲᠠ ᠶᠢᠨ ᠨᠡᠮᠡᠭᠳᠡᠯ ᠤᠨ ᠬᠡᠪᠴᠢᠶ᠎ᠡ ᠨᠢ 53.6% ᠪᠠᠶᠢᠵᠤ᠂ ᠡᠭᠦᠨ ᠳᠤ᠂ ᠬᠥᠩᠭᠡᠨᠴᠠᠭᠠᠨ ᠤ ᠬᠠᠶᠢᠯᠤᠰᠢ ᠶᠢᠨ ᠭᠠᠷᠤᠯᠲᠠ ᠠᠳᠠᠯᠢ ᠬᠤᠭᠤᠴᠠᠭᠠᠨ ᠨᠢ ᠬᠢ ᠠᠴᠠ 22.6%᠎ ᠪᠠᠷ ᠨᠡᠮᠡᠭᠳᠡᠵᠦ᠂ ᠣᠯᠠᠨ ᠲᠠᠯᠠᠰᠲᠤ ᠴᠠᠬᠢᠭᠤᠷ ᠤᠨ ᠭᠠᠷᠤᠯᠲᠠ 10.3%᠎ ᠪᠠᠷ ᠨᠡᠮᠡᠭᠳᠡᠨ᠂ ᠢᠳᠡᠮᠡᠬᠡᠢ ᠬᠤᠵᠢᠷ ᠤᠨ ᠭᠠᠷᠤᠯᠲᠠ 8.6%᠎ ᠪᠠᠷ ᠨᠡᠮᠡᠭᠳᠡᠵᠦ᠂ ᠮᠠᠰᠢᠨ ᠲᠡᠷᠭᠡᠨ ᠤ ᠦᠢᠯᠡᠳᠪᠦᠷᠢᠯᠡᠯ ᠤᠨ ᠬᠡᠮᠵᠢᠶ᠎ᠡ 6.9%᠎ ᠪᠠᠷ ᠨᠡᠮᠡᠭᠳᠡᠪᠡ᠃    ᠬᠥᠭᠵᠢᠯᠲᠡ ᠶᠢᠨ ᠬᠥᠳᠡᠯᠭᠡᠬᠦ ᠬᠦᠴᠦᠨ ᠳᠠᠰᠤᠷᠠᠯᠲᠠ ᠦᠭᠡᠢ ᠲᠥᠪᠯᠡᠷᠡᠵᠦ᠂ ᠠᠵᠤ ᠦᠢᠯᠡᠰ ᠤᠨ ᠲᠡᠰ ᠳᠠᠪᠰᠢᠯᠲᠠ ᠶᠢ ᠯᠠᠪᠳᠠᠭᠤᠨ ᠢᠶᠠᠷ ᠠᠬᠢᠭᠤᠯᠪᠠ᠃ ᠵᠢᠷᠭᠤᠭᠠᠨ ᠲᠣᠮᠣ ᠲᠤᠯᠭᠠᠭᠤᠷᠢ ᠠᠵᠢᠯ ᠲᠥᠷᠥᠯ ᠳᠤ ︽ᠳᠥᠷᠪᠡ ᠶᠢ ᠳᠡᠭᠡᠭᠰᠢᠯᠡᠭᠦᠯᠵᠦ ᠬᠤᠶᠠᠷ ᠢ ᠪᠠᠭᠤᠷᠠᠭᠤᠯᠬᠤ︾ ᠪᠠᠶᠢᠳᠠᠯ ᠢᠯᠡᠷᠡᠵᠤ᠂ ᠲᠣᠨᠣᠭᠯᠠᠯ ᠦᠢᠯᠡᠳᠬᠦ ᠦᠢᠯᠡᠰ᠂ ᠡᠨᠧᠷᠬᠢ ᠶᠢᠨ ᠠᠵᠤ ᠦᠢᠯᠡᠳᠪᠦᠷᠢ᠂ ᠲᠡᠮᠦᠷᠯᠢᠭ ᠤᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠰᠠᠶᠢᠵᠢᠷᠠᠵᠤ᠂ ᠨᠡᠮᠡᠭᠳᠡᠯ ᠤᠨ ᠬᠤᠷᠳᠤᠴᠠ ᠨᠢ ᠲᠣᠰ ᠲᠣᠰ 167%᠂ 6.5%᠂ 3.4% ᠪᠠ 0.5% ᠪᠣᠯᠪᠠ᠂ ᠡᠭᠦᠨ ᠳᠤ ᠡᠨᠧᠷᠭᠢ ᠶᠢᠨ ᠠᠵᠤ ᠦᠢᠯᠡᠳᠪᠦᠷᠢ᠂ ᠲᠣᠨᠣᠭᠯᠠᠯ ᠦᠢᠯᠡᠳᠬᠦ ᠦᠢᠯᠡᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠲᠣᠰ ᠲᠣᠰ 72.9% ᠪᠠ 34.1% ᠪᠠᠶᠢᠵᠤ᠂ ᠲᠣᠰ ᠲᠣᠰ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 5.5 ᠪᠠ 2.6 ᠳᠠᠶᠢᠴᠢᠯᠠᠪᠠ᠃ ᠰᠢᠨ᠎ᠡ ᠡᠨᠧᠷᠭᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.0 ᠳᠠᠬᠢᠨ ᠨᠡᠮᠡᠭᠳᠡᠵᠦ᠂ ᠬᠡᠪᠴᠢᠶᠡᠵᠢᠯ ᠠᠴᠠ ᠳᠡᠭᠡᠭᠡᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 1.2 ᠳᠡᠭᠡᠭᠰᠢᠯᠡᠪᠡ᠃
ᠢᠷᠡᠯᠲᠡ᠄ ᠤᠷᠢᠳᠤᠰ ᠤᠨ ᠡᠳᠦᠷ ᠤᠨ ᠰᠣᠨᠢᠨ