ᠲᠦᠷᠦᠭᠦᠬᠡᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 1—7 ᠰᠠᠷ᠎ᠠ ᠳᠤ᠂ ᠮᠠᠨ ᠤ ᠬᠤᠲᠠ ᠶᠢᠨ ᠠᠵᠤ | ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠠᠬᠢᠵᠤ᠂ ᠬᠥᠭᠵᠢᠯᠲᠡ ᠶᠢᠨ ᠴᠢᠨᠠᠷᠵᠢᠯ ᠦᠷᠭᠦᠯᠵᠢᠯᠡᠨ ᠳᠡᠭᠡᠭᠰᠢᠯᠡᠪᠡ᠃ | ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠬᠦᠴᠦᠨ ᠢ ᠨᠡᠮᠡᠭᠳᠡᠭᠦᠯᠦᠨ ᠬᠤᠷᠳᠤᠴᠠ ᠶᠢ ᠲᠦᠷᠭᠡᠳᠬᠡᠵᠤ᠂ ᠠᠭᠤᠷᠬᠠᠢ ᠮᠠᠯᠲᠠᠬᠤ ᠦᠢᠯᠡᠰ ᠤᠨ ᠬᠥᠲᠥᠯᠥᠨ | ᠳᠠᠭᠠᠭᠤᠯᠬᠤ ᠳᠠᠪᠠᠭᠤᠯᠢᠭ ᠢ ᠪᠠᠳᠠᠷᠠᠭᠤᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 7.6% ᠪᠠᠷ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠵᠠᠭᠤᠨ ᠤ ᠬᠤᠪᠢ ᠶᠢᠨ ᠬᠠᠷᠢᠴᠠᠯ ᠢᠶᠠᠷ 1.9 ᠲᠦᠷᠭᠡᠨ ᠪᠣᠯᠵᠤ᠂ ᠪᠥᠬᠦ ᠤᠯᠤᠰ ᠤᠨ | ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 1.7 ᠥᠨᠳᠥᠷ ᠪᠣᠯᠪᠠ᠃ ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ | ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠤ | ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 59.4% ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 4.5 ᠳᠠᠶᠢᠴᠢᠯᠠᠪᠠ᠃ ᠦᠢᠯᠡᠳᠬᠦ ᠦᠢᠯᠡᠰ᠂ ᠴᠠᠭᠢᠯᠭᠠᠨ ᠬᠦᠴᠦᠨ᠂ ᠢᠯᠴᠢ ᠶᠢᠨ ᠬᠦᠴᠦᠨ᠂ ᠪᠠᠶᠢᠭᠠᠯᠢ ᠶᠢᠨ | ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 16.5% ᠪᠠ 15.5% ᠪᠠᠷ ᠨᠡᠮᠡᠭᠳᠡᠵᠦ᠂ | ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠣᠰ ᠲᠣᠰ ᠵᠠᠭᠤᠨ ᠤ ᠬᠤᠪᠢ ᠶᠢᠨ ᠬᠠᠷᠢᠴᠠᠯ ᠢᠶᠠᠷ 12.7 ᠪᠠ 6.4 ᠲᠦᠷᠭᠡᠨ ᠪᠣᠯᠵᠤ᠂ ᠲᠣᠰ | ᠲᠣᠰ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠵᠠᠭᠤᠨ ᠤ ᠬᠤᠪᠢ ᠶᠢᠨ ᠬᠠᠷᠢᠴᠠᠯ ᠢᠶᠠᠷ 2.1 ᠪᠠ 1.0 | ᠨᠡᠮᠡᠭᠳᠡᠭᠦᠯᠪᠡ᠃ | ᠠᠵᠢᠯ ᠲᠥᠷᠥᠯ ᠤᠨ ᠬᠥᠭᠵᠢᠯᠲᠡ ᠦᠷᠭᠦᠯᠵᠢᠯᠡᠨ ᠰᠠᠶᠢᠵᠢᠷᠠᠵᠤ᠂ ᠲᠠᠪᠤᠨ ᠬᠤᠪᠢ ᠶᠢ ᠳᠠᠪᠠᠭᠰᠠᠨ ᠦᠢᠯᠡᠳᠭᠦᠨ ᠨᠡᠮᠡᠭᠳᠡᠯ ᠢᠶᠠᠨ ᠪᠠᠲᠤᠯᠠᠪᠠ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ28 ᠶᠡᠭᠡ ᠲᠥᠷᠥᠯ ᠤᠨ ᠠᠵᠢᠯ ᠲᠥᠷᠥᠯ ᠤᠨ ᠳᠣᠲᠣᠷ᠎ᠠ᠂ 17 ᠠᠵᠢᠯ ᠲᠥᠷᠥᠯ ᠤᠨ ᠨᠡᠮᠡᠭᠳᠡᠯ | ᠥᠷᠲᠡᠭ ᠤᠨ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 60.7% ᠪᠠᠶᠢᠵᠤ᠂ ᠳᠡᠭᠡᠷ᠎ᠡ ᠬᠠᠭᠠᠰ ᠵᠢᠯ ᠤᠨ ᠬᠢ ᠠᠴᠠ ᠵᠠᠭᠤᠨ ᠤ ᠬᠤᠪᠢ ᠶᠢᠨ | ᠬᠠᠷᠢᠴᠠᠯ ᠢᠶᠠᠷ 10.7 ᠳᠡᠭᠡᠭᠰᠢᠯᠡᠵᠦ᠂ 9 ᠠᠵᠢᠯ ᠲᠥᠷᠥᠯ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠳᠤᠮᠳᠠᠴᠢ ᠬᠢᠷᠢ | ᠳᠥᠪᠰᠢᠨ ᠠᠴᠠ ᠥᠨᠳᠥᠷ ᠪᠣᠯᠪᠠ᠂ ᠡᠭᠦᠨ ᠳᠤ ᠺᠣᠮᠫᠢᠦ᠋ᠲ᠋ᠧᠷ᠂ ᠮᠡᠳᠡᠭᠡ ᠬᠤᠯᠪᠣᠭ᠎ᠠ ᠪᠠ ᠪᠤᠰᠤᠳ ᠡᠯᠧᠺᠲᠷᠣᠨ ᠳᠥᠬᠦᠭᠡᠷᠦᠮᠵᠢ ᠦᠢᠯᠡᠳᠬᠦ ᠦᠢᠯᠡᠰ ︵2750. | 0%︶᠂ ᠴᠠᠬᠢᠯᠭᠠᠨ ᠮᠧᠬᠠᠨᠢᠭ ᠪᠠ ᠪᠠᠭᠠᠵᠢ ᠬᠡᠷᠡᠭᠰᠡᠯ ᠦᠢᠯᠡᠳᠬᠦ ᠦᠢᠯᠡᠰ ︵78.1%︶᠂ ᠨᠡᠶᠢᠳᠡᠮ ᠬᠡᠷᠡᠭᠯᠡᠭᠡᠨ ᠤ ᠳᠥᠬᠦᠭᠡᠷᠦᠮᠵᠢ ᠦᠢᠯᠡᠳᠬᠦ ︵30.2%︶᠂ | ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ︵18.4%︶ ᠵᠡᠷᠭᠡ 7 ᠠᠵᠢᠯ ᠲᠥᠷᠥᠯ ᠤᠨ ᠨᠡᠮᠡᠭᠳᠡᠯ | ᠥᠷᠲᠡᠭ ᠨᠢ ᠬᠤᠶᠠᠷ ᠣᠷᠣᠨᠲᠤ ᠲᠤᠭ᠎ᠠ ᠠᠴᠠ ᠳᠡᠭᠡᠭᠰᠢ ᠨᠡᠮᠡᠭᠳᠡᠯ ᠢ ᠪᠡᠶᠡᠯᠡᠭᠦᠯᠪᠡ᠃ ᠭᠤᠣᠯ ᠪᠣᠯᠬᠤ ᠦᠢᠯᠡᠳᠬᠦᠨ ᠤ ᠭᠠᠷᠤᠯᠲᠠ ᠶᠢᠨ ᠨᠡᠮᠡᠭᠳᠡᠯ ᠤᠨ ᠬᠡᠪᠴᠢᠶ᠎ᠡ ᠨᠢ | 53.6% ᠪᠠᠶᠢᠵᠤ᠂ ᠡᠭᠦᠨ ᠳᠤ᠂ ᠬᠥᠩᠭᠡᠨᠴᠠᠭᠠᠨ ᠤ ᠬᠠᠶᠢᠯᠤᠰᠢ ᠶᠢᠨ ᠭᠠᠷᠤᠯᠲᠠ ᠠᠳᠠᠯᠢ ᠬᠤᠭᠤᠴᠠᠭᠠᠨ ᠨᠢ ᠬᠢ ᠠᠴᠠ 22.6% ᠪᠠᠷ ᠨᠡᠮᠡᠭᠳᠡᠵᠦ᠂ ᠣᠯᠠᠨ | ᠲᠠᠯᠠᠰᠲᠤ ᠴᠠᠬᠢᠭᠤᠷ ᠤᠨ ᠭᠠᠷᠤᠯᠲᠠ 10.3% ᠪᠠᠷ ᠨᠡᠮᠡᠭᠳᠡᠨ᠂ ᠢᠳᠡᠮᠡᠬᠡᠢ ᠬᠤᠵᠢᠷ ᠤᠨ ᠭᠠᠷᠤᠯᠲᠠ 8.6% ᠪᠠᠷ ᠨᠡᠮᠡᠭᠳᠡᠵᠦ᠂ ᠮᠠᠰᠢᠨ ᠲᠡᠷᠭᠡᠨ ᠤ | ᠦᠢᠯᠡᠳᠪᠦᠷᠢᠯᠡᠯ ᠤᠨ ᠬᠡᠮᠵᠢᠶ᠎ᠡ 6.9% ᠪᠠᠷ ᠨᠡᠮᠡᠭᠳᠡᠪᠡ᠃ | ᠬᠥᠭᠵᠢᠯᠲᠡ ᠶᠢᠨ ᠬᠥᠳᠡᠯᠭᠡᠬᠦ ᠬᠦᠴᠦᠨ ᠳᠠᠰᠤᠷᠠᠯᠲᠠ ᠦᠭᠡᠢ ᠲᠥᠪᠯᠡᠷᠡᠵᠦ᠂ ᠠᠵᠤ ᠦᠢᠯᠡᠰ ᠤᠨ ᠲᠡᠰ ᠳᠠᠪᠰᠢᠯᠲᠠ ᠶᠢ ᠯᠠᠪᠳᠠᠭᠤᠨ ᠢᠶᠠᠷ ᠠᠬᠢᠭᠤᠯᠪᠠ᠃ | ᠵᠢᠷᠭᠤᠭᠠᠨ ᠲᠣᠮᠣ ᠲᠤᠯᠭᠠᠭᠤᠷᠢ ᠠᠵᠢᠯ ᠲᠥᠷᠥᠯ ᠳᠤ ︽ᠳᠥᠷᠪᠡ ᠶᠢ ᠳᠡᠭᠡᠭᠰᠢᠯᠡᠭᠦᠯᠵᠦ ᠬᠤᠶᠠᠷ ᠢ ᠪᠠᠭᠤᠷᠠᠭᠤᠯᠬᠤ︾ ᠪᠠᠶᠢᠳᠠᠯ ᠢᠯᠡᠷᠡᠵᠤ᠂ ᠲᠣᠨᠣᠭᠯᠠᠯ ᠦᠢᠯᠡᠳᠬᠦ | ᠦᠢᠯᠡᠰ᠂ ᠡᠨᠧᠷᠬᠢ ᠶᠢᠨ ᠠᠵᠤ ᠦᠢᠯᠡᠳᠪᠦᠷᠢ᠂ ᠲᠡᠮᠦᠷᠯᠢᠭ ᠤᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠯ | ᠰᠠᠶᠢᠵᠢᠷᠠᠵᠤ᠂ ᠨᠡᠮᠡᠭᠳᠡᠯ ᠤᠨ ᠬᠤᠷᠳᠤᠴᠠ ᠨᠢ ᠲᠣᠰ ᠲᠣᠰ 167%᠂ 6.5%᠂ 3.4% ᠪᠠ 0.5% ᠪᠣᠯᠪᠠ᠂ ᠡᠭᠦᠨ ᠳᠤ ᠡᠨᠧᠷᠭᠢ ᠶᠢᠨ ᠠᠵᠤ | ᠦᠢᠯᠡᠳᠪᠦᠷᠢ᠂ ᠲᠣᠨᠣᠭᠯᠠᠯ ᠦᠢᠯᠡᠳᠬᠦ ᠦᠢᠯᠡᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠳᠤ | ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠲᠣᠰ ᠲᠣᠰ 72.9% ᠪᠠ 34.1% ᠪᠠᠶᠢᠵᠤ᠂ ᠲᠣᠰ ᠲᠣᠰ ᠪᠥᠬᠦ ᠬᠤᠲᠠ ᠶᠢᠨ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 5.5 ᠪᠠ 2.6 ᠳᠠᠶᠢᠴᠢᠯᠠᠪᠠ᠃ ᠰᠢᠨ᠎ᠡ | ᠡᠨᠧᠷᠭᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.0 ᠳᠠᠬᠢᠨ ᠨᠡᠮᠡᠭᠳᠡᠵᠦ᠂ ᠬᠡᠪᠴᠢᠶᠡᠵᠢᠯ ᠠᠴᠠ ᠳᠡᠭᠡᠭᠡᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠤᠪᠢ ᠶᠢᠨ | ᠬᠠᠷᠢᠴᠠᠯ ᠢᠶᠠᠷ 1.2 ᠳᠡᠭᠡᠭᠰᠢᠯᠡᠪᠡ᠃ | |