ᠣᠶᠢᠷ᠎ᠠ ᠶᠢᠨ ᠵᠢᠯ ᠳᠤ ᠭᠦᠭᠡᠬᠤᠲᠠ ︽ᠰᠢᠷᠬᠡᠭ ᠡᠪᠡᠰᠦ ᠠᠴᠠ ᠴᠣᠮᠣ ᠰᠦ ᠭᠦᠷᠲᠡᠯ᠎ᠡ᠂ ᠳᠠᠭᠢᠭᠠᠳ ᠬᠡᠰᠡᠭ ᠪᠢᠰᠢᠯᠠᠭ ᠬᠦᠷᠲᠡᠯᠡᠬᠢ︾ ᠪᠦᠭᠦ ᠠᠵᠤ ᠦᠢᠯᠡᠰ ᠤᠨ | ᠬᠡᠯᠬᠢᠶ᠎ᠡ ᠶᠢ ᠴᠣᠭᠴᠠᠯᠠᠨ᠂ ᠴᠠᠭᠠᠨ ᠢᠳᠡᠭᠡᠨ ᠤ ᠳᠡᠯᠡᠬᠡᠢ ᠶᠢᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠪᠣᠶᠢᠵᠢᠭᠤᠯᠵᠤ᠂ ︽ᠳᠤᠮᠳᠠᠳᠤ ᠤᠯᠤᠰ ᠤᠨ | ᠴᠠᠭᠠᠨ ᠢᠳᠡᠭᠡᠨ ᠤ ᠬᠤᠲᠠ︾ ᠶᠢᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠭᠦ ᠶᠢᠨ ᠲᠥᠯᠥᠭᠡ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ ᠡᠪᠡᠰᠦᠨ ᠤ ᠦᠢᠯᠡᠰ ᠢ ᠬᠦᠴᠦᠯᠡᠨ ᠬᠥᠭᠵᠢᠭᠦᠯᠵᠦ᠂ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶᠡᠨ ᠤ︽ᠪᠣᠭᠤᠮᠢ︾ ᠶᠢᠨ ᠠᠰᠠᠭᠤᠳᠠᠯ ᠢ | ᠰᠢᠢᠳᠪᠦᠷᠢᠯᠡᠨ᠂ ᠰᠦ ᠶᠢᠨ ᠦᠢᠯᠡᠰ ᠤᠨ ᠬᠥᠭᠵᠢᠯᠲᠡ ᠳᠤ ᠪᠠᠲᠤ ᠲᠤᠯᠭᠠᠭᠤᠷᠢᠯᠠᠯ ᠬᠠᠩᠭᠠᠵᠤ ᠪᠠᠶᠢᠨ᠎ᠠ᠃ | ᠭᠦᠭᠡᠬᠤᠲᠠ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ︽ᠮᠠᠯ ᠡᠪᠡᠰᠦ ᠶᠢ ᠨᠢᠭᠡ ᠴᠣᠭᠴᠠᠵᠢᠭᠤᠯᠬᠤ︾ ᠱᠠᠩᠨᠠᠯ ᠤᠨ | ᠲᠣᠭᠲᠠᠴᠠ ᠶᠢ ᠬᠡᠷᠡᠭᠵᠢᠭᠦᠯᠬᠦ ᠪᠠᠷ ᠳᠠᠮᠵᠢᠨ ᠴᠠᠷᠭᠠᠰᠤ ᠪᠠ ᠨᠣᠬᠠᠢ ᠶᠢᠨ ᠬᠤᠰᠢᠭᠤ ᠳᠠᠷᠢᠬᠤ ᠶᠢᠨ ᠬᠠᠮᠲᠤ ᠰᠠᠭᠠᠯᠢ ᠶᠢᠨ ᠦᠨᠢᠶᠡᠨ ᠤ ᠲᠡᠵᠢᠭᠡᠪᠦᠷᠢ ᠶᠢᠨ ᠲᠠᠯᠠᠪᠠᠶ | ᠳᠤ ᠪᠣᠷᠣᠯᠠᠭᠤᠯᠵᠤ ᠪᠠᠶᠢᠭ᠎ᠠ ᠬᠠᠭᠤᠷᠠᠢ ᠡᠪᠡᠰᠦ ᠪᠠ ᠬᠥᠬᠡ ᠳᠠᠷᠤᠰᠢ ᠳᠤ ᠪᠡᠯᠡ ᠮᠥᠩᠭᠦ ᠶᠢᠨ ᠨᠥᠬᠦᠪᠦᠷᠢ ᠣᠯᠭᠤᠵᠤ ᠪᠠᠶᠢᠨ᠎ᠠ᠃ ︽ᠪᠣᠶᠢᠵᠢᠭᠤᠯᠬᠤ ᠦᠷᠡᠵᠢᠭᠦᠯᠬᠦ | ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ︾ ᠡᠪᠡᠰᠦᠨ ᠦᠷ᠎ᠡ ᠶᠢᠨ ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠶᠢ ᠢᠳᠡᠪᠬᠢᠲᠡᠢ ᠪᠣᠶᠢᠵᠢᠭᠤᠯᠵᠤ᠂ ᠪᠦᠭᠦ | ᠳᠡᠯᠡᠬᠡᠢ ᠳᠤ ᠨᠥᠯᠥᠭᠡᠯᠡᠬᠦ ᠬᠦᠴᠦᠨ ᠲᠠᠢ ᠡᠪᠡᠰᠦᠨ ᠤ ᠦᠷ᠎ᠡ ᠶᠢᠨ ᠲᠥᠷᠥᠯ ᠲᠡᠮᠳᠡᠭ ᠢ ᠪᠤᠶ ᠪᠣᠯᠭᠠᠨ ᠰᠢᠶᠠᠨ ᠳ᠋ᠠᠢ᠂ ᠵᠧᠩ ᠱᠢ᠂ ᠮᠧᠩ ᠼᠤᠤ ᠵᠡᠷᠭᠡ ᠳᠠᠭᠠᠭᠤᠯᠤᠭᠴᠢ | ᠡᠪᠡᠰᠦᠨ ᠤ ᠠᠵᠤ ᠠᠬᠤᠶᠢᠯᠠᠯ ᠤᠨ ᠴᠤᠭᠯᠠᠷᠠᠯ ᠤᠨ ᠨᠥᠯᠥᠭᠡᠯᠡᠯ ᠢ ᠪᠤᠶ ᠪᠤᠯᠭᠠᠬᠤ ᠶᠢ ᠠᠬᠢᠭᠤᠯᠵᠤ᠂ ᠣᠷᠣᠨ ᠨᠤᠲᠤᠭ ᠤᠨ ᠡᠪᠡᠰᠦᠨ ᠦᠷ᠎ᠡ ᠶᠢᠨ ᠦᠢᠯᠡᠰ ᠤᠨ | ᠥᠷᠢᠰᠦᠯᠳᠦᠬᠦ ᠬᠦᠴᠦᠨ ᠢ ᠴᠢᠩᠭᠠᠷᠠᠭᠤᠯᠵᠤ ᠪᠤᠢ᠃ 2024 ᠣᠨ ᠳᠤ ᠪᠦᠭᠦ ᠬᠤᠲᠠ ᠶᠢᠨ ᠲᠡᠵᠢᠭᠡᠯ ᠡᠪᠡᠰᠦ ᠪᠣᠷᠳᠣᠭᠠᠨ ᠤ ᠲᠠᠷᠢᠮᠠᠯ ᠤᠨ ᠶᠡᠷᠦᠩᠬᠡᠢ ᠲᠠᠯᠠᠪᠠᠶ | 160 ᠲᠦᠮᠡᠨ ᠮᠦ ᠳᠤ ᠬᠦᠷᠴᠦ᠂ 400 ᠲᠦᠮᠡᠨ ᠲᠣᠨ ᠰᠥᠯ ᠰᠠᠶᠢᠲᠠᠢ ᠲᠡᠵᠢᠭᠡᠯ ᠡᠪᠡᠰᠦ ᠪᠣᠷᠳᠤᠭ᠎ᠠ ᠶᠢ ᠲᠣᠭᠲᠠᠭᠤᠨ ᠢᠶᠠᠷ ᠬᠠᠩᠭᠠᠵᠤ᠂ ᠲᠡᠵᠢᠭᠡᠯ ᠡᠪᠡᠰᠦ | ᠪᠣᠷᠳᠣᠭᠠᠨ ᠤ ᠥᠪᠡᠷ ᠢ ᠪᠠᠨ ᠬᠠᠩᠭᠠᠬᠤ ᠨᠣᠷᠮ᠎ᠠ ᠨᠢ 80% ᠶᠢ ᠳᠠᠪᠠᠵᠠᠢ᠃ ᠡᠭᠦᠨ ᠳᠤ ᠬᠥᠬᠡ ᠳᠠᠷᠤᠰᠢ ᠶᠢᠨ ᠡᠷᠳᠡᠨᠢ ᠰᠢᠰᠢ ᠶᠢᠨ ᠥᠪᠡᠷ ᠢ ᠪᠠᠨ ᠬᠠᠩᠭᠠᠬᠤ | ᠨᠣᠷᠮ᠎ᠠ 100% ᠳᠤ ᠬᠦᠷᠴᠦ᠂ ᠴᠠᠷᠭᠠᠰᠤ ᠶᠢᠨ ᠥᠪᠡᠷ ᠢ ᠪᠠᠨ ᠬᠠᠩᠭᠠᠬᠤ ᠨᠣᠷᠮ᠎ᠠ 40% ᠳᠤ ᠬᠦᠷᠴᠦ᠂ ᠨᠣᠬᠠᠢ ᠶᠢᠨ ᠬᠤᠰᠢᠭᠤ ᠶᠢᠨ ᠥᠪᠡᠷ ᠢ ᠪᠠᠨ | ᠬᠠᠩᠭᠠᠬᠤ ᠨᠣᠷᠮ᠎ᠠ 53.3% ᠳᠤ ᠬᠦᠷᠴᠦ᠂ ︽ᠮᠠᠯᠵᠢᠯ ᠤᠨ ᠲᠠᠯᠠᠪᠠᠶ ᠶᠢᠨ ᠡᠷᠭᠢᠨ ᠲᠣᠭᠤᠷᠢᠨ ᠳᠤ ᠡᠪᠡᠰᠦ ᠪᠡᠯᠴᠢᠭᠡᠷ ᠲᠠᠢ ᠪᠠᠶᠢᠬᠤ︾ ᠶᠢ ᠦᠨᠳᠦᠰᠦᠨ ᠳᠡᠭᠡᠨ | ᠪᠡᠶᠡᠯᠡᠭᠦᠯᠪᠡ᠃ | ᠭᠦᠭᠡᠬᠤᠲᠠ ᠡᠪᠡᠰᠦᠨ ᠦᠷ᠎ᠡ ᠶᠢᠨ ᠦᠢᠯᠡᠰ ᠤᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠰᠥᠯ ᠰᠠᠶᠢᠲᠠᠢ ᠡᠪᠡᠰᠦ ᠪᠣᠷᠳᠣᠭᠠᠨ ᠤ ᠮᠡᠷᠭᠡᠵᠢᠯ ᠤᠨ ᠪᠦᠰᠡᠯᠡᠯᠲᠡ ᠰᠢᠪᠲᠤᠯᠬᠤ ᠲᠥᠷᠥᠯ ᠵᠦᠢᠯ ᠢ ᠡᠬᠢᠯᠡᠨ ᠬᠡᠷᠡᠭᠵᠢᠭᠦᠯᠪᠡ᠃ ᠳᠤᠮᠳᠠᠳᠤ ᠤᠯᠤᠰ ᠤᠨ ᠲᠠᠷᠢᠶᠠᠯᠠᠩ | ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠠᠢ ᠢᠳᠡᠪᠬᠢᠲᠡᠢ ᠬᠠᠮᠲᠤᠷᠠᠨ ᠠᠵᠢᠯᠯᠠᠵᠤ᠂ ᠰᠥᠯ ᠰᠠᠶᠢᠲᠠᠢ ᠡᠪᠡᠰᠦ | ᠪᠣᠷᠳᠤᠭ᠎ᠠ ᠳᠠᠷᠢᠬᠤ ᠲᠠᠯ᠎ᠠ ᠪᠠᠷ ᠮᠡᠷᠭᠡᠵᠢᠯ ᠤᠨ ᠪᠦᠰᠡᠯᠡᠯᠲᠡ ᠰᠢᠪᠲᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠰᠥᠯ ᠰᠠᠶᠢᠲᠠᠢ ᠴᠠᠷᠭᠠᠰᠤ ᠶᠢᠨ ᠰᠢᠨ᠎ᠡ ᠡᠭᠦᠯᠳᠡᠷ᠂ | ᠰᠢᠨ᠎ᠡ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠠᠰᠢᠭᠯᠠᠬᠤ ᠶᠢ ᠬᠦᠴᠦᠯᠡᠨ ᠠᠬᠢᠭᠤᠯᠵᠤ᠂ ᠤᠯᠤᠰ ᠤᠨ ᠡᠪᠡᠰᠦ ᠪᠣᠷᠳᠣᠭᠠᠨ ᠤ ᠦᠷ᠎ᠡ ᠶᠢᠨ ᠡᠬᠢ | ᠪᠠᠶᠠᠯᠢᠭ ᠤᠨ ᠤᠷᠲᠤᠪᠲᠤᠷ ᠪᠠ ᠤᠷᠲᠤ ᠬᠤᠭᠤᠴᠠᠭᠠᠨ ᠤ ᠬᠥᠮᠥᠷᠭᠡ ᠪᠣᠯᠣᠨ ᠲᠠᠷᠢᠮᠠᠯ ᠤᠨ ᠦᠷ᠎ᠡ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ ᠴᠠᠷᠭᠠᠰᠤ᠂ | ᠨᠣᠬᠠᠢ ᠶᠢᠨ ᠬᠤᠰᠢᠭᠤ ᠶᠢᠨ ᠣᠷᠣᠨ ᠨᠤᠲᠤᠭ ᠤᠨ ᠮᠡᠷᠭᠡᠵᠢᠯ ᠤᠨ ᠪᠠᠷᠢᠮᠵᠢᠶ᠎ᠠ ᠶᠢ 44 ᠵᠦᠢᠯ ᠨᠡᠶᠢᠲᠡᠯᠡᠪᠡ᠃ ᠡᠶᠢᠨ ᠬᠦ ︽ᠪᠣᠶᠢᠵᠢᠭᠤᠯᠬᠤ᠂ ᠦᠷᠡᠵᠢᠭᠦᠯᠬᠦ᠂ ᠲᠠᠷᠢᠬᠤ᠂ | ᠪᠤᠯᠪᠠᠰᠤᠷᠠᠭᠤᠯᠬᠤ᠂ ᠠᠰᠢᠭᠯᠠᠬᠤ︾ ᠶᠢ ᠨᠢᠭᠡ ᠴᠣᠭᠴᠠᠵᠢᠭᠤᠯᠤᠭᠰᠠᠨ ᠮᠡᠷᠭᠡᠵᠢᠯ ᠤᠨ ᠰᠢᠰᠲ᠋ᠧᠮ ᠢ ᠪᠦᠷᠢᠯᠳᠦᠭᠦᠯᠦᠭᠰᠡᠨ ᠠᠴᠠ ᠰᠥᠯ ᠰᠠᠶᠢᠲᠠᠢ ᠴᠠᠷᠭᠠᠰᠤ ᠶᠢᠨ ᠮᠦ | ᠪᠦᠷᠢ ᠶᠢᠨ ᠳᠤᠮᠳᠠᠴᠢ ᠤᠨᠠᠯᠲᠠ ᠶᠢ 43% ᠪᠠᠷ ᠳᠡᠭᠡᠭᠰᠢᠯᠡᠭᠦᠯᠦᠨ᠂ ᠡᠪᠡᠰᠦᠨ ᠤ ᠪᠦᠳᠦᠭᠦᠯᠢᠭ ᠤᠭᠤᠷᠠᠭ ᠤᠨ ᠠᠭᠤᠯᠤᠭᠳᠠᠴᠠ ᠶᠢ 21% ᠳᠤ ᠬᠦᠷᠭᠡᠵᠦ᠂ | ᠲᠤᠬᠠᠢ ᠶᠢᠨ ᠭᠠᠵᠠᠷ ᠤᠨ ᠴᠠᠷᠭᠠᠰᠤ ᠪᠠᠷ ᠲᠡᠵᠢᠭᠡᠯ ᠪᠣᠷᠳᠤᠭ᠎ᠠ ᠪᠤᠯᠭᠠᠬᠰᠠᠨ ᠰᠠᠭᠠᠯᠢ ᠶᠢᠨ ᠦᠨᠢᠶᠡᠨ ᠤ ᠡᠳᠦᠷ ᠤᠨ ᠰᠦ ᠶᠢᠨ ᠭᠠᠷᠤᠯᠲᠠ ᠶᠢ 1 ᠵᠢᠩ ᠨᠡᠮᠡᠭᠳᠡᠭᠦᠯᠵᠦ᠂ | ᠲᠡᠵᠢᠭᠡᠯ ᠡᠪᠡᠰᠦᠨ ᠤ ᠶᠠᠰᠤ ᠴᠢᠨᠠᠷ ᠪᠠ ᠭᠠᠷᠤᠯᠲᠠ ᠶᠢᠨ ︽ᠬᠤᠣᠰ ᠳᠡᠭᠡᠭᠰᠢᠯᠡᠯᠲᠡ︾ ᠶᠢ ᠪᠡᠶᠡᠯᠡᠭᠦᠯᠪᠡ᠃ | ᠭᠦᠭᠡᠬᠤᠲᠠ ᠲᠠᠷᠢᠮᠠᠯ ᠡᠪᠡᠰᠦ ᠪᠠ ᠬᠥᠬᠡ ᠳᠠᠷᠤᠰᠢ ᠶᠢᠨ ᠡᠷᠳᠡᠨᠢ ᠰᠢᠰᠢ ᠶᠢᠨ ᠠᠳᠠᠯᠢ ᠪᠤᠰᠤ ᠤᠰᠤᠯᠠᠯᠲᠠ ᠶᠢᠨ ᠠᠷᠭ᠎ᠠ ᠭᠡᠯᠪᠡᠷᠢ᠂ ᠬᠤᠷᠠᠮᠠᠯ ᠬᠡᠷᠡᠭᠯᠡᠯᠲᠡ ᠶᠢᠨ | ᠵᠠᠭᠪᠤᠷ ᠵᠢᠴᠢ ᠬᠠᠳᠤᠵᠤ ᠬᠤᠷᠢᠶᠠᠨ ᠪᠣᠭᠤᠳᠠᠯᠯᠠᠵᠤ ᠪᠤᠯᠪᠠᠰᠤᠷᠠᠭᠤᠯᠬᠤ ᠵᠡᠷᠭᠡ ᠣᠯᠠᠨ ᠵᠦᠢᠯ ᠤᠨ ᠣᠨᠴᠠᠯᠢᠭᠲᠤ ᠦᠢᠯᠡᠳᠪᠦᠷᠢᠯᠡᠯ ᠤᠨ ᠵᠠᠭᠪᠤᠷ ᠢ ᠢᠳᠡᠪᠬᠢᠲᠡᠢ | ᠰᠦᠪᠡᠭᠴᠢᠯᠡᠨ᠂ ︽ᠴᠠᠷᠭᠠᠰᠤ + ᠡᠷᠳᠡᠨᠢ ᠰᠢᠰᠢ ᠶᠢᠨ ᠬᠥᠬᠡ ᠳᠠᠷᠤᠰᠢ + ᠨᠣᠬᠠᠢ ᠶᠢᠨ ᠬᠤᠰᠢᠭᠤ︾ ᠶᠢᠨ ᠰᠠᠭᠠᠯᠢ ᠶᠢᠨ ᠦᠨᠢᠶᠡᠨ ᠤ ᠭᠤᠷᠪᠠᠨ ᠶᠡᠭᠡ ᠲᠣᠭᠲᠠᠭᠤᠨ | ᠲᠡᠵᠢᠭᠡᠯ ᠡᠪᠡᠰᠦᠨ ᠤ ᠬᠠᠩᠭᠠᠬᠤ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠵᠦ᠂ ᠲᠡᠵᠢᠭᠡᠯ ᠡᠪᠡᠰᠦ ᠶᠢ ᠬᠠᠮᠤᠭ ᠤᠨ ᠰᠠᠶᠢᠨ ᠰᠡᠯᠭᠦᠨ ᠲᠠᠷᠢᠬᠤ ᠲᠠᠷᠢᠮᠠᠯ ᠤᠨ | ᠲᠥᠷᠥᠯ ᠪᠣᠯᠭᠠᠨ ᠪᠣᠬᠢᠷᠳᠤᠯ ᠦᠭᠡᠢ᠂ ᠣᠷᠴᠢᠨ ᠲᠣᠭᠤᠷᠢᠨ ᠢ ᠬᠠᠮᠠᠭᠠᠯᠠᠬᠤ᠂ ᠠᠮᠢ ᠠᠬᠤᠢ ᠶᠢᠨ ᠲᠠᠷᠢᠶᠠᠯᠠᠩ ᠤᠨ ᠨᠡᠶᠢᠲᠡᠯᠢᠭ ᠵᠢᠱᠢᠶ᠎ᠡ ᠪᠣᠯᠭᠠᠪᠠ᠃ ᠡᠭᠦᠨ ᠤ ᠬᠠᠮᠲᠤ | ︽ᠲᠡᠵᠢᠭᠡᠬᠦ ᠪᠠᠷ ᠳᠠᠷᠢᠬᠤ ᠶᠢ ᠳᠠᠶᠢᠴᠢᠯᠠᠬᠤ︾ᠦᠢᠯᠡᠳᠪᠦᠷᠢᠯᠡᠯ ᠤᠨ ᠠᠷᠭ᠎ᠠ ᠭᠡᠯᠪᠡᠷᠢ ᠪᠠᠷ ᠳᠠᠮᠵᠢᠨ︽ᠳᠠᠷᠢᠬᠤ + ᠲᠡᠵᠢᠭᠡᠬᠦ + ᠪᠣᠷᠳᠣᠭᠤᠷ ᠢ ᠲᠠᠷᠢᠶᠠᠨ ᠳᠤ | ᠪᠤᠴᠠᠭᠠᠬᠤ︾ ᠰᠠᠶᠢᠨ ᠰᠠᠶᠢᠬᠠᠨ ᠡᠷᠭᠢᠯᠲᠡ ᠶᠢ ᠪᠤᠢ ᠪᠤᠯᠭᠠᠵᠤ᠂ ᠮᠠᠯᠵᠢᠯ ᠤᠨ ᠲᠠᠯᠠᠪᠠᠶ ᠶᠢᠨ ᠰᠢᠭᠡᠭ ᠪᠣᠷᠳᠣᠭᠤᠷ ᠢ ᠡᠬᠢ ᠪᠠᠶᠠᠯᠢᠭᠵᠢᠭᠤᠯᠤᠨ ᠠᠰᠢᠭᠯᠠᠬᠤ ᠶᠢ | ᠠᠬᠢᠭᠤᠯᠵᠤ᠂ ᠲᠠᠷᠢᠶᠠᠯᠠᠩ ᠤᠨ ᠠᠮᠢ ᠠᠬᠤᠢ ᠶᠢᠨ ᠰᠢᠰᠲ᠋ᠧᠮ ᠳᠠᠬᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠠᠰᠢᠭᠯᠠᠯᠲᠠ ᠶᠢᠨ ᠬᠠᠮᠤᠭ ᠤᠨ ᠰᠠᠶᠢᠨ ᠵᠠᠭᠪᠤᠷ ᠢ | ᠡᠭᠦᠳᠴᠡᠢ᠃ | |