︽ᠴᠠᠭᠠᠨ ᠪᠣᠬᠢᠷᠳᠤᠯ︾᠎ ᠤᠨ ᠵᠠᠰᠠᠯᠲᠠ ᠶᠢ ᠬᠦᠴᠦᠯᠡᠨ ᠠᠬᠢᠭᠤᠯᠵᠤ — ᠠᠮᠢ ᠠᠬᠤᠢ ᠪᠠ ᠡᠯᠪᠡᠭ ᠬᠤᠷᠢᠶᠠᠯᠲᠠ ᠶᠢᠨ ᠬᠤᠣᠰ ᠦᠷ᠎ᠡ ᠠᠰᠢᠭ ᠢ ᠪᠠᠲᠤᠯᠠᠨ᠎ᠠ
ᠨᠡᠶᠢᠲᠡᠯᠡᠭᠰᠡᠨ ᠴᠠᠭ᠄
2024/8/28
     ᠥᠩᠭᠡᠷᠡᠭᠰᠡᠨ ᠳᠤ ᠤᠯᠠᠭᠠᠨᠬᠠᠳᠠ ᠬᠤᠲᠠ ᠶᠢᠨ ᠯᠢᠨᠰᠢ ᠰᠢᠶᠠᠨ ᠤ ᠱᠠᠭᠡᠷᠳᠤ ᠰᠢᠶᠠᠩ ᠤᠨ ᠪᠠᠵᠠᠭ ᠭᠤᠤ ᠲᠣᠰᠬᠤᠨ ᠤ ᠲᠠᠷᠢᠶᠠᠨ ᠭᠠᠵᠠᠷ ᠲᠤ ᠬᠠᠶᠠᠭᠳᠠᠮᠠᠯ ᠰᠦᠯᠢᠶᠥᠦ ᠪᠦᠷᠬᠦᠪᠴᠢ ᠬᠡᠰᠡᠭ ᠬᠡᠰᠡᠭ ᠢᠶᠠᠷ ᠴᠠᠶᠢᠷᠠᠨ ᠬᠠᠷᠠᠭᠳᠠᠵᠤ᠂ ᠴᠢᠨᠠᠭᠰᠢᠯᠠᠪᠠᠯ ᠰᠠᠯᠬᠢᠨ ᠳᠤ ᠬᠡᠶᠢᠰᠦᠭᠳᠡᠭᠡᠳ ᠲᠤᠰᠬᠤᠨ ᠤ ᠠᠷᠠᠳ ᠤᠨ ᠬᠦᠷᠢᠶ᠎ᠡ ᠬᠠᠰᠢᠶ᠎ᠠ ᠪᠤᠶᠤ ᠤᠷᠭᠤᠭ᠎ᠠ ᠮᠣᠳᠣᠨ ᠤ ᠰᠠᠯᠠᠭ᠎ᠠ ᠨᠠᠮᠠᠭ᠎ᠠ ᠭᠦᠷᠲᠡᠯ᠎ᠡ ᠳᠡᠭᠦᠵᠢᠯᠡᠭᠳᠡᠨ ᠳᠡᠷᠪᠡᠯᠵᠡᠵᠤ ᠪᠠᠶᠢᠵᠠᠢ᠃ ︽ᠣᠳᠣ ᠡᠶᠢᠮᠦ ᠪᠠᠶᠢᠳᠠᠯ ᠬᠠᠷᠠᠭᠳᠠᠬᠤ ᠦᠭᠡᠢ ᠪᠣᠯᠵᠤ᠂ ᠡᠷᠦᠭᠡ ᠪᠣᠯᠭᠠᠨ ᠪᠦᠷ ᠰᠢᠨ᠎ᠡ ᠭᠡᠯᠪᠡᠷᠢ ᠶᠢᠨ ᠰᠦᠯᠢᠶᠥᠦ ᠪᠦᠷᠬᠦᠪᠴᠢ ᠶᠢ ᠬᠡᠷᠡᠭᠯᠡᠵᠦ ᠪᠠᠶᠢᠨ᠎ᠠ᠂ ᠨᠠᠮᠤᠷ ᠤᠨ ᠰᠡᠭᠦᠯᠴᠢ ᠪᠠᠷ ᠲᠠᠷᠢᠶ᠎ᠠ ᠲᠥᠮᠥᠰᠥ ᠪᠠᠨ ᠲᠣᠮᠣ ᠮᠠᠰᠢᠨ ᠢᠶᠠᠷ ᠨᠢᠭᠡᠳᠦᠯᠲᠡᠢ ᠬᠠᠳᠤᠵᠤ ᠬᠤᠷᠢᠶᠠᠬᠤ ᠦᠶ᠎ᠡ ᠳᠤ ᠰᠦᠯᠢᠶᠥᠦ ᠪᠦᠷᠬᠦᠪᠴᠢ ᠶᠢ ᠴᠦ ᠬᠤᠷᠢᠶᠠᠨ ᠠᠪᠴᠤ᠂ ᠪᠠᠰᠠ ᠲᠠᠷᠢᠶᠠᠨ ᠭᠠᠵᠠᠷ ᠢᠶᠠᠨ ᠤᠷᠪᠠᠭᠤᠯᠵᠤ ᠴᠡᠪᠡᠷᠯᠡᠴᠢᠬᠡᠳᠡᠭ︾ ᠭᠡᠵᠦ ᠪᠠᠵᠠᠭ ᠭᠤᠤ ᠲᠣᠰᠬᠤᠨ ᠤ ᠲᠠᠷᠢᠶᠠᠴᠢᠨ ᠳ᠋ᠦ᠋ ᠸᠧᠨ ᠴᠤᠤ ᠲᠠᠨᠢᠯᠴᠠᠭᠤᠯᠤᠨ᠎ᠠ᠃ ᠲᠡᠷᠡ 2022 ᠣᠨ ᠠᠴᠠ ᠡᠬᠢᠯᠡᠨ ᠵᠤᠵᠠᠭᠠᠨ ᠰᠦᠯᠢᠶᠥᠦ ᠪᠦᠷᠬᠦᠪᠴᠢ ᠬᠡᠷᠡᠭᠯᠡᠬᠦ ᠶᠢᠨ ᠬᠠᠮᠲᠤ ᠬᠤᠷᠢᠶᠠᠨ ᠠᠪᠬᠤ ᠠᠵᠢᠯ ᠥᠷᠨᠢᠭᠦᠯᠵᠦ᠂ ᠣᠷᠴᠢᠨ ᠲᠣᠭᠤᠷᠢᠨ ᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ ᠲᠠᠷᠢᠶᠠᠨ ᠭᠠᠵᠠᠷ ᠤᠨ ᠬᠤᠷᠢᠶᠠᠯᠲᠠ ᠴᠤ ᠰᠠᠶᠢᠵᠢᠷᠠᠵᠠᠢ᠃ ᠡᠨᠡ ᠵᠢᠯ ᠳᠡᠳᠡᠨ ᠤ ᠬᠢᠨ 400 ᠭᠠᠷᠤᠢ ᠮᠦ ᠨᠠᠷᠢᠮᠤ ᠲᠠᠷᠢᠵᠤ᠂ ᠤᠷᠭᠤᠯᠲᠠ ᠨᠢ ᠮᠠᠰᠢ ᠰᠠᠶᠢᠨ ᠪᠠᠶᠢᠨ᠎ᠠ᠃     ︽ᠨᠢᠳᠤᠨᠤᠨ ᠲᠤᠰᠬᠠᠢ ᠬᠤᠷᠰᠢᠶ᠎ᠠ 1.5 ᠲᠦᠮᠡᠨ ᠮᠦ ᠲᠠᠷᠢᠶᠠᠨ ᠭᠠᠵᠠᠷ ᠲᠤ ᠵᠤᠵᠠᠭᠠᠨ ᠰᠦᠯᠢᠶᠥᠦ ᠪᠦᠷᠬᠦᠪᠴᠢ ᠬᠡᠷᠡᠭᠯᠡᠵᠦ᠂ ᠪᠦᠭᠦᠨ ᠢ ᠮᠠᠰᠢᠨ ᠢᠶᠠᠷ ᠬᠤᠷᠢᠶᠠᠵᠤ ᠠᠪᠤᠭᠰᠠᠨ ᠢᠶᠠᠷ ᠭᠦᠳᠡᠯᠮᠤᠷᠢ ᠬᠦᠴᠦᠨ ᠳᠤ ᠠᠷᠪᠢᠲᠠᠢ ᠮᠥᠷᠲᠡᠭᠡᠨ ᠴᠠᠭ ᠲᠤ ᠴᠦ ᠠᠷᠪᠢᠲᠠᠢ ᠪᠠᠶᠢᠵᠤ᠂ ᠬᠤᠷᠢᠶᠠᠨ ᠠᠪᠬᠤ ᠨᠤᠷᠮ᠎ᠠ ᠨᠢ ᠴᠦ ᠥᠨᠳᠥᠷ ᠪᠠᠶᠢᠯ᠎ᠠ᠃ ᠡᠨᠡ ᠵᠢᠯ ᠲᠤᠰᠬᠠᠢ ᠬᠤᠷᠰᠢᠶ᠎ᠠ ᠠᠴᠠ ᠪᠠᠰᠠ ᠨᠢᠭᠡᠨ ᠰᠢᠨ᠎ᠡ ᠭᠡᠯᠪᠡᠷᠢ ᠶᠢᠨ ᠰᠦᠯᠢᠶᠥᠦ ᠪᠦᠷᠬᠦᠪᠴᠢ ᠬᠤᠷᠢᠶᠠᠨ ᠠᠪᠬᠤ ᠲᠣᠮᠣ ᠮᠠᠰᠢᠨ ᠣᠷᠣᠭᠤᠯᠵᠤ᠂ ᠪᠦᠭᠦ ᠲᠣᠰᠬᠤᠨ ᠤ ᠰᠦᠯᠢᠶᠥᠦ ᠪᠦᠷᠬᠦᠪᠴᠢ ᠪᠠᠨ ᠬᠤᠷᠢᠶᠠᠨ ᠠᠪᠬᠤ ᠱᠠᠭᠠᠷᠳᠠᠯᠭ᠎ᠠ ᠶᠢ ᠦᠨᠳᠦᠰᠦᠨ ᠳᠡᠭᠡᠨ ᠬᠠᠩᠭᠠᠵᠤ ᠳᠡᠶᠢᠯᠭᠦ ᠪᠣᠯᠵᠠᠢ︾ ᠭᠡᠵᠦ ᠯᠢᠨᠰᠢ ᠶᠢᠨ ᡁᠢ ᠮᠢᠨ ᠱᠦᠨ ᠹᠠ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᡁᠢ ᠮᠢᠨ ᠲᠠᠨᠢᠯᠴᠠᠭᠤᠯᠤᠨ᠎ᠠ᠃     ᠮᠠᠨ ᠤ ᠣᠷᠣᠨ ᠪᠣᠯ ᠤᠯᠤᠰ ᠤᠨ ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠥᠦ ᠪᠦᠷᠬᠦᠪᠴᠢ ᠶᠢ ᠬᠡᠷᠡᠭᠯᠡᠬᠦ ᠭᠤᠣᠯᠳᠠᠯᠭ᠎ᠠ ᠲᠠᠢ ᠣᠷᠣᠨ ᠪᠦᠰᠡ ᠪᠤᠯᠬᠤ ᠪᠥᠭᠡᠳ ᠬᠡᠷᠡᠭᠯᠡᠬᠦ ᠬᠡᠮᠵᠢᠶ᠎ᠡ ᠪᠠᠷ ᠶᠡᠭᠡ᠂ ᠬᠠᠮᠤᠷᠬᠤ ᠬᠡᠪᠴᠢᠶ᠎ᠡ ᠨᠢ ᠥᠷᠭᠡᠨ ᠪᠠᠶᠢᠳᠠᠭ᠃ ᠰᠦᠯᠢᠶᠥᠦ ᠪᠦᠷᠬᠦᠪᠴᠢ ᠬᠡᠷᠡᠭᠯᠡᠬᠦ ᠮᠡᠷᠭᠡᠵᠢᠯ ᠨᠢ ᠠᠮᠤ ᠪᠤᠳᠠᠭᠠᠨ ᠤ ᠤᠨᠠᠯᠲᠠ ᠎ ᠶᠢ ᠨᠡᠮᠡᠭᠳᠡᠭᠦᠯᠬᠦ ᠲᠠᠯ᠎ᠠ ᠪᠠᠷ ᠯᠤᠲᠤ ᠶᠡᠭᠡ ᠦᠢᠯᠡᠳᠦᠯ ᠦᠵᠡᠭᠦᠯᠦᠭᠰᠡᠨ ᠪᠤᠯᠪᠠᠴᠤ ᠬᠤᠷᠢᠶᠠᠨ ᠠᠪᠬᠤ ᠳᠤ ᠬᠦᠴᠢᠷ ᠪᠠᠶᠢᠵᠤ᠂ ᠬᠠᠶᠠᠭᠳᠠᠮᠠᠯ ᠰᠦᠯᠢᠶᠥᠦ ᠪᠦᠷᠬᠦᠪᠴᠢ ᠲᠠᠷᠢᠶᠠᠨ ᠭᠠᠵᠠᠷ ᠲᠤ ᠵᠢᠯ ᠳᠠᠷᠠᠭᠠᠯᠠᠨ ᠬᠤᠷᠠᠮᠳᠤᠭᠰᠠᠨ ᠠᠴᠠ ᠵᠠᠷᠢᠮ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠠᠭᠠᠷ ᠨᠡᠪᠲᠡᠷᠡᠬᠦ ᠴᠢᠨᠠᠷ ᠪᠠ ᠮᠢᠺᠷᠣᠪ ᠤᠨ ᠠᠵᠢᠯᠯᠠᠭ᠎ᠠ ᠶᠢ ᠨᠥᠯᠥᠭᠡᠯᠡᠨ᠂ ᠬᠥᠷᠥᠰᠥ ᠰᠢᠷᠣᠢ ᠶᠢᠨ ᠥᠩ ᠰᠢᠮ᠎ᠡ ᠶᠢ ᠪᠠᠭᠤᠷᠠᠭᠤᠯᠵᠤ᠂ ᠲᠠᠷᠢᠮᠠᠯ ᠤᠨ ᠤᠨᠠᠯᠲᠠ ᠶᠢ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠴᠦ ᠬᠦᠯᠢᠶᠡᠰᠦᠯᠡᠬᠦ ᠪᠣᠯᠵᠠᠢ᠃     ᠣᠳᠣᠬᠠᠨ ᠳᠤ ᠮᠠᠨ ᠤ ᠣᠷᠣᠨ ᠲᠠᠷᠢᠶᠠᠨ ᠭᠠᠵᠠᠷ ᠤᠨ ᠬᠠᠶᠠᠭᠳᠠᠮᠠᠯ ᠰᠦᠯᠢᠶᠥᠦ ᠪᠦᠷᠬᠦᠪᠴᠢ ᠶᠢ ᠪᠣᠬᠢᠷᠳᠤᠯ ᠦᠭᠡᠢ ᠪᠠᠷ ᠳᠠᠭᠢᠨ ᠠᠰᠢᠭᠯᠠᠬᠤ ᠶᠢ ᠠᠬᠢᠭᠤᠯᠵᠤ᠂ ᠡᠩ ᠤᠨ PE ᠰᠦᠯᠢᠶᠥᠦ ᠪᠦᠷᠬᠦᠪᠴᠢ ᠬᠡᠷᠡᠭᠯᠡᠬᠦ ᠬᠡᠮᠵᠢᠶ᠎ᠡ ᠶᠢ ᠪᠠᠭᠠᠰᠬᠠᠨ᠂ ᠣᠷᠣᠯᠠᠭᠤᠯᠬᠤ ᠮᠡᠷᠭᠡᠵᠢᠯ ᠤᠨ ᠡᠭᠦᠳᠦᠯᠲᠡ ᠶᠢ ᠦᠷᠭᠦᠯᠵᠢᠯᠡᠨ ᠬᠠᠶᠢᠵᠤ᠂ ᠠᠮᠢᠳᠤ ᠪᠣᠳᠠᠰ ᠤᠨ ᠵᠠᠳᠠᠷᠠᠬᠤ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠳᠡᠯᠭᠡᠷᠡᠭᠦᠯᠵᠦ᠂ ᠠᠮᠢ ᠠᠬᠤᠢ ᠪᠠ ᠡᠯᠪᠡᠭ ᠬᠤᠷᠢᠶᠠᠯᠲᠠ ᠶᠢᠨ ᠬᠤᠣᠰ ᠦᠷ᠎ᠡ ᠠᠰᠢᠭ ᠢ ᠪᠠᠲᠤᠯᠠᠵᠤ ᠪᠤᠢ᠃ ︽ᠣᠳᠣᠬᠠᠨ ᠳᠤ ᠳᠡᠯᠭᠡᠷᠡᠭᠦᠯᠦᠨ ᠬᠡᠷᠡᠭᠯᠡᠵᠦ ᠪᠠᠶᠢᠭ᠎ᠠ ᠰᠢᠨ᠎ᠡ ᠭᠡᠯᠪᠡᠷᠢ ᠶᠢᠨ ᠰᠦᠯᠢᠶᠥᠦ ᠪᠦᠷᠬᠦᠪᠴᠢ ᠨᠢ ᠭᠤᠣᠯᠳᠠᠭᠤ ᠬᠤᠶᠠᠷ ᠲᠥᠷᠥᠯ ᠪᠤᠢ᠂ ᠨᠢᠭᠡ ᠨᠢ ᠥᠨᠳᠥᠷ ᠬᠦᠴᠦᠯᠡᠴᠡ ᠲᠠᠢ ᠵᠤᠵᠠᠭᠠᠨ ᠰᠦᠯᠢᠶᠥᠦ ᠪᠦᠷᠬᠦᠪᠴᠢ᠂ ᠨᠦᠭᠦᠭᠡ ᠨᠢ ᠠᠮᠢᠳᠤ ᠪᠣᠳᠠᠰ ᠤᠨ ᠵᠠᠳᠠᠷᠠᠬᠤ ᠰᠦᠯᠢᠶᠥᠦ ᠪᠦᠷᠬᠦᠪᠴᠢ ᠪᠣᠯᠣᠨ᠎ᠠ᠃ ᠡᠯ᠎ᠡ ᠭᠠᠵᠠᠷ ᠤᠨ ᠲᠤᠷᠰᠢᠯᠲᠠ ᠶᠢᠨ ᠰᠤᠳᠤᠯᠭᠠᠨ ᠪᠠ ᠬᠡᠷᠡᠭᠯᠡᠯᠲᠡ ᠶᠢᠨ ᠪᠠᠶᠢᠳᠠᠯ ᠶᠣᠰᠣᠭᠠᠷ᠂ ᠰᠦᠯᠢᠶᠥᠦ ᠪᠦᠷᠬᠦᠪᠴᠢ ᠬᠡᠷᠡᠭᠯᠡᠬᠦ ᠶᠢ ᠰᠢᠨᠵᠢᠯᠡᠬᠦ ᠤᠬᠠᠭᠠᠨᠴᠢ ᠪᠠᠷ ᠬᠥᠲᠥᠯᠥᠨ ᠵᠢᠯᠤᠭᠤᠳᠴᠤ᠂ ᠦᠨᠡᠨ ᠬᠦ ᠴᠢᠬᠤᠯᠠ ᠲᠠᠢ ᠭᠠᠵᠠᠷ ᠣᠷᠣᠨ ᠪᠠ ᠲᠠᠷᠢᠮᠠᠯ ᠳᠤ ᠴᠢᠭᠯᠡᠭᠦᠯᠦᠨ᠂ ᠠᠵᠤ ᠠᠬᠤᠢ ᠶᠢᠨ ᠥᠷᠲᠡᠭ ᠢᠶᠠᠷ ᠨᠡᠯᠢᠶᠡᠳ ᠥᠨᠳᠥᠷ ᠪᠠ ᠬᠤᠷᠢᠶᠠᠨ ᠠᠪᠬᠤ ᠳᠤ ᠬᠦᠴᠢᠷ ᠲᠠᠢ ᠲᠠᠷᠢᠮᠠᠯ ᠳᠤ ᠠᠮᠢᠳᠤ ᠪᠣᠳᠠᠰ ᠤᠨ ᠵᠠᠳᠠᠷᠠᠬᠤ ᠰᠦᠯᠢᠶᠥᠦ ᠪᠦᠷᠬᠦᠪᠴᠢ ᠬᠡᠷᠡᠭᠯᠡᠬᠦ ᠶᠢ ᠳᠡᠯᠭᠡᠷᠡᠭᠦᠯᠵᠦ᠂ ᠠᠮᠠᠷᠬᠠᠨ ᠬᠤᠷᠢᠶᠠᠨ ᠠᠪᠬᠤ ᠲᠠᠷᠢᠮᠠᠯ ᠳᠤ ᠥᠨᠳᠥᠷ ᠬᠦᠴᠦᠯᠡᠴᠡ ᠲᠠᠢ ᠵᠤᠵᠠᠭᠠᠨ ᠰᠦᠯᠢᠶᠥᠦ ᠪᠦᠷᠬᠦᠪᠴᠢ ᠬᠡᠷᠡᠭᠯᠡᠬᠦ ᠶᠢ ᠳᠡᠯᠭᠡᠷᠡᠭᠦᠯᠵᠦ ᠪᠠᠶᠢᠨ᠎ᠠ᠃ ᠡᠭᠦᠨ ᠤ ᠬᠠᠮᠲᠤ ᠬᠡᠰᠡᠭ ᠭᠠᠵᠠᠷ ᠣᠷᠣᠨ ᠳᠤ ᠰᠢᠨ᠎ᠡ ᠭᠡᠯᠪᠡᠷᠢ ᠶᠢᠨ ᠰᠦᠯᠢᠶᠥᠦ ᠪᠦᠷᠬᠦᠪᠴᠢ ᠬᠡᠷᠡᠭᠯᠡᠬᠦ ᠳᠤ ᠨᠥᠬᠦᠪᠦᠷᠢ ᠣᠯᠭᠤᠵᠤ᠂ ᠬᠡᠷᠡᠭᠯᠡᠭᠴᠢ ᠶᠢᠨ ᠥᠪᠡᠷ ᠤᠨ ᠥᠷᠲᠡᠭ ᠢ ᠵᠣᠬᠢᠬᠤ ᠬᠡᠮᠵᠢᠶ᠎ᠡ ᠪᠠᠷ ᠪᠠᠭᠤᠷᠠᠭᠤᠯᠪᠠ︾ ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠤᠨ ᠳᠡᠭᠡᠳᠦ ᠵᠡᠷᠭᠡ ᠶᠢᠨ ᠲᠠᠷᠢᠶᠠᠯᠠᠩ ᠤᠨ ᠲᠧᠭᠨᠢᠭᠴᠢ ᠾᠧ ᠫᠧᠩ ᠴᠧᠩ ᠲᠠᠨᠢᠯᠴᠠᠭᠤᠯᠤᠨ᠎ᠠ᠃     ᠮᠠᠨ ᠤ ᠣᠷᠣᠨ ᠪᠠᠰᠠ ᠰᠦᠯᠢᠶᠥᠦ ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠲᠠᠯ᠎ᠠ ᠪᠠᠷ ᠬᠦᠴᠦᠯᠡᠨ᠂ ᠣᠯᠠᠨ ᠡᠰᠢᠵᠢᠭᠦᠯᠦᠭᠰᠡᠨ ᠡᠭᠡᠭᠦᠯᠦᠨ ᠠᠰᠢᠭᠯᠠᠬᠤ ᠰᠢᠰᠲ᠋ᠧᠮ ᠢ ᠪᠦᠷᠢᠨᠰᠢᠭᠦᠯᠵᠦ᠂ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠲᠣᠣᠷᠵᠢᠯ ᠢ ᠲᠡᠭᠦᠯᠳᠡᠷᠵᠢᠭᠦᠯᠦᠨ᠂ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠ ᠠᠵᠤ ᠠᠬᠤᠶᠢᠯᠠᠯ ᠢ ᠲᠡᠳᠬᠦᠵᠦ᠂ ᠬᠠᠭᠤᠴᠢᠨ ᠎ ᠢᠶᠠᠷ ᠰᠢᠨ᠎ᠡ ᠶᠢ ᠰᠣᠯᠢᠬᠤ᠂ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠠᠴᠠ ᠲᠤᠰᠢᠶᠠᠬᠤ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠠᠴᠠ ᠬᠤᠷᠢᠶᠠᠨ ᠠᠪᠬᠤ ᠵᠡᠷᠭᠡ ᠣᠯᠠᠨ ᠡᠰᠢᠵᠢᠭᠰᠡᠨ ᠬᠤᠷᠢᠶᠠᠨ ᠠᠪᠬᠤ ᠲᠣᠭᠲᠠᠴᠠ ᠶᠢ ᠠᠭᠠᠵᠢᠮ ᠢᠶᠠᠷ ᠪᠠᠶᠢᠭᠤᠯᠵᠤ ᠪᠤᠢ᠃ ᠣᠶᠢᠯᠠᠭᠠᠭᠰᠠᠨ ᠢᠶᠠᠷ᠂ ᠪᠠᠶᠠᠨᠨᠠᠭᠤᠷ ᠬᠤᠲᠠ ᠶᠢᠨ ᠬᠠᠩ ᠯᠦᠩ ᠠᠮᠢᠳᠤ ᠪᠣᠳᠠᠰ ᠤᠨ ᠴᠢᠨᠠᠷ ᠤᠨ ᠢᠯᠴᠢ ᠶᠢᠨ ᠴᠠᠭᠢᠯᠭᠠᠨ ᠤ ᠬᠢᠵᠠᠭᠠᠷᠲᠤ ᠺᠤᠮᠫᠠᠨᠢ ᠵᠥᠪᠭᠡᠨ ᠠᠮᠢᠳᠤ ᠪᠣᠳᠠᠰ ᠤᠨ ᠴᠢᠨᠠᠷ ᠢᠶᠠᠷ ᠴᠠᠭᠢᠯᠭᠠᠨ ᠭᠠᠷᠭᠠᠬᠤ ᠨᠢᠭᠡ ᠯᠡ ᠵᠦᠢᠯ ᠢᠶᠠᠷ ᠲᠠᠮᠵᠢᠨ ᠵᠢᠯ ᠪᠦᠷᠢ 3 ᠲᠦᠮᠡᠨ ᠲᠤᠨ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠣᠷ ᠦᠭᠡᠶᠢᠳᠡᠭᠦᠯᠦᠨ ᠰᠢᠢᠳᠪᠦᠷᠢᠯᠡᠵᠦ᠂ ᠨᠡᠭᠦᠷᠡᠰᠦᠲᠥ᠋ᠷᠥᠭᠴᠢ ᠎ ᠶᠢᠨ ᠳᠠᠪᠬᠤᠷ ᠢᠰᠦᠯ ᠤᠨ ᠢᠯᠭᠠᠷᠠᠭᠤᠯᠤᠯᠳᠠ ᠶᠢ 21 ᠲᠦᠮᠡᠨ ᠲᠤᠨ ᠪᠠᠭᠠᠰᠬᠠᠨ᠂ ᠡᠷᠭᠢᠨ ᠲᠣᠭᠤᠷᠢᠨ ᠤ ᠠᠷᠠᠳ ᠤᠯᠠᠨ ᠳᠤ 6000 ᠭᠠᠷᠤᠢ ᠲᠦᠮᠡᠨ ᠲᠥᠭᠦᠷᠢᠭ ᠤᠨ ᠤᠷᠤᠯᠭ᠎ᠠ ᠡᠭᠦᠳᠦᠨ ᠥᠭᠴᠦ᠂ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠤᠭᠰᠠᠨ ᠤ ᠳᠠᠷᠠᠭ᠎ᠠ ᠬᠤᠣᠷ ᠦᠭᠡᠶᠢᠳᠡᠭᠦᠯᠦᠨ ᠰᠢᠢᠳᠪᠦᠷᠢᠯᠡᠬᠦ ᠳᠤ ᠰᠢᠨ᠎ᠡ ᠰᠡᠳᠬᠢᠴᠡ ᠬᠠᠩᠭᠠᠭᠰᠠᠨ ᠪᠠᠶᠢᠨ᠎ᠠ᠃     ᠮᠠᠨ ᠤ ᠣᠷᠣᠨ ᠬᠠᠤᠯᠢ ᠬᠡᠷᠡᠭᠵᠢᠭᠦᠯᠬᠦ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠥᠦ ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ︾᠎ ᠢ ᠨᠡᠶᠢᠲᠡᠯᠡᠨ᠂ ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠥᠦ ᠪᠦᠷᠬᠦᠪᠴᠢ ᠶᠢᠨ ᠦᠢᠯᠡᠳᠪᠦᠷᠢᠯᠡᠯ᠂ ᠪᠣᠷᠤᠯᠠᠭᠤᠯᠭ᠎ᠠ᠂ ᠬᠡᠷᠡᠭᠯᠡᠯᠲᠡ᠂ ᠬᠤᠷᠢᠶᠠᠨ ᠠᠪᠬᠤ᠂ ᠰᠢᠢᠳᠪᠦᠷᠢᠯᠡᠬᠦ᠂ ᠳᠠᠭᠢᠨ ᠠᠰᠢᠭᠯᠠᠬᠤ ᠵᠡᠷᠭᠡ ᠡᠯ᠎ᠡ ᠭᠤᠭᠴᠤᠭ᠎ᠠ ᠶᠢᠨ ᠬᠠᠷᠢᠭᠤᠴᠠᠯᠭ᠎ᠠ᠂ ᠡᠭᠦᠷᠭᠡ ᠪᠣᠯᠣᠨ ᠬᠠᠤᠯᠢ ᠠᠴᠠ ᠵᠥᠷᠢᠴᠡᠭᠰᠡᠨ ᠰᠢᠳᠬᠡᠯ ᠢ ᠲᠣᠳᠣᠷᠬᠠᠶᠢᠯᠠᠵᠤ᠂ ᠲᠠᠷᠢᠶᠠᠯᠠᠩ ᠤᠨ ᠬᠠᠶᠠᠭᠳᠠᠮᠠᠯ ᠰᠦᠯᠢᠶᠥᠦ ᠪᠦᠷᠬᠦᠪᠴᠢ ᠶᠢᠨ ᠪᠣᠬᠢᠷᠳᠤᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠠᠢ᠃ ᠪᠠᠰᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠶᠢ ᠴᠢᠩᠭᠠᠳᠬᠠᠬᠤ ᠠᠷᠪᠠᠨ ᠵᠤᠷᠪᠤᠰ ᠠᠷᠭ᠎ᠠ ᠬᠡᠮᠵᠢᠶ᠎ᠡ︾᠎ ᠶᠢ ᠲᠣᠭᠲᠠᠭᠠᠵᠤ᠂ ᠡᠬᠢ ᠰᠤᠷᠪᠤᠯᠵᠢ ᠠᠴᠠ ᠨᠢ ᠬᠠᠮᠢᠶᠠᠷᠤᠨ ᠡᠵᠡᠮᠳᠡᠬᠦ᠂ ᠭᠤᠣᠯ ᠴᠣᠭᠴᠠ ᠶᠢᠨ ᠬᠠᠷᠢᠭᠤᠴᠠᠯᠭ᠎ᠠ᠂ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ᠂ ᠨᠡᠶᠢᠲᠡᠯᠢᠭ ᠵᠢᠱᠢᠶ᠎ᠡ ᠦᠵᠡᠭᠦᠯᠭᠦ᠂ ᠥᠷᠭᠡᠨ ᠢᠶᠠᠷ ᠳᠠᠶᠢᠴᠢᠯᠠᠵᠤ ᠤᠬᠠᠭᠤᠯᠬᠤ᠂ ᠬᠤᠷᠢᠶᠠᠨ ᠠᠪᠬᠤ ᠬᠡᠪ ᠵᠠᠭᠪᠤᠷ ᠢ ᠡᠭᠦᠳᠦᠨ ᠪᠠᠶᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠬᠤᠯᠪᠣᠭᠠᠨ ᠤ ᠲᠣᠭᠲᠠᠴᠠ ᠶᠢ ᠪᠠᠶᠢᠭᠤᠯᠬᠤ᠂ ᠱᠠᠩᠨᠠᠨ ᠲᠣᠷᠭᠠᠬᠤ ᠠᠷᠭ᠎ᠠ ᠬᠡᠮᠵᠢᠶ᠎ᠡ ᠵᠡᠷᠭᠡ ᠶᠢ ᠬᠡᠷᠡᠭᠵᠢᠭᠦᠯᠵᠦ᠂ ᠱᠠᠭᠠᠷᠳᠠᠯᠭ᠎ᠠ ᠶᠢ ᠴᠢᠨᠠᠭᠰᠢᠳᠠ ᠨᠠᠷᠢᠯᠢᠭᠵᠢᠭᠤᠯᠤᠨ᠂ ᠲᠠᠷᠢᠶᠠᠯᠠᠩ ᠤᠨ ᠰᠦᠯᠢᠶᠥᠦ ᠪᠦᠷᠬᠦᠪᠴᠢ ᠶᠢᠨ ᠪᠦᠭᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠲᠠᠷᠢᠶᠠᠯᠠᠩ ᠤᠨ ᠰᠦᠯᠢᠶᠥᠦ ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠳᠤ ᠵᠢᠷᠤᠮᠯᠠᠬᠤ ᠬᠠᠤᠯᠢ ᠲᠠᠢ᠂ ᠬᠠᠤᠯᠢ ᠶᠢ ᠵᠠᠪᠠᠯ ᠵᠢᠷᠤᠮᠯᠠᠬᠤ ᠶᠢ ᠪᠡᠶᠡᠯᠡᠭᠦᠯᠵᠦ ᠪᠤᠢ᠃     ᠣᠳᠣᠬᠠᠨ ᠳᠤ ᠪᠦᠭᠦ ᠣᠷᠣᠨ ᠤ ᠡᠯ᠎ᠡ ᠭᠠᠵᠠᠷ ᠤᠨ ᠬᠢᠨ ᠶᠠᠭ ᠰᠠᠶᠢᠬᠠᠨ ︽ᠴᠠᠭᠠᠨ ᠪᠣᠬᠢᠷᠳᠤᠯ︾᠎ ᠤᠨ ᠵᠠᠰᠠᠯᠲᠠ ᠶᠢᠨ ᠠᠵᠢᠯ ᠢ ᠬᠦᠴᠦᠯᠡᠨ ᠠᠬᠢᠭᠤᠯᠵᠤ᠂ ᠲᠠᠷᠢᠶᠠᠯᠠᠩ ᠤᠨ ᠠᠮᠢ ᠠᠬᠤᠢ ᠶᠢ ᠬᠠᠮᠠᠭᠠᠯᠠᠨ ᠰᠠᠶᠢᠵᠢᠷᠠᠭᠤᠯᠵᠤ ᠪᠠᠶᠢᠨ᠎ᠠ —     ᠦᠬᠠᠢ ᠬᠤᠲᠠ ᠠᠵᠤ ᠦᠢᠯᠡᠰ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠲᠠᠷᠢᠶᠠᠯᠠᠩ ᠤᠨ ᠬᠠᠶᠠᠭᠳᠠᠮᠠᠯ ᠰᠦᠯᠢᠶᠥᠦ ᠪᠦᠷᠬᠦᠪᠴᠢ ᠶᠢᠨ ᠪᠣᠬᠢᠷᠳᠤᠯ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢ ᠠᠬᠢᠭᠤᠯᠵᠤ᠂ ᠵᠢᠱᠢᠯᠲᠡ ᠪᠠᠷ 2027 ᠣᠨ ᠪᠤᠯᠲᠠᠯ᠎ᠠ ᠪᠦᠭᠦ ᠬᠤᠲᠠ ᠶᠢᠨ BDO ︵ᠠᠮᠢᠳᠤ ᠪᠣᠳᠠᠰ ᠤᠨ ᠵᠠᠳᠠᠷᠠᠬᠤ ᠰᠦᠯᠢᠶᠥᠦ ᠪᠦᠷᠬᠦᠪᠴᠢ ᠶᠢᠨ ᠭᠤᠣᠯ ᠦᠢᠯᠡᠳᠪᠦᠷᠢᠯᠡᠯ ᠤᠨ ᠲᠦᠭᠦᠬᠡᠢ ᠮᠠᠲ᠋ᠧᠷᠢᠶᠠᠯ ᠤᠨ ᠨᠢᠭᠡ︶᠎ ᠶᠢᠨ ᠦᠢᠯᠡᠳᠪᠦᠷᠢᠯᠡᠯ ᠤᠨ ᠴᠢᠳᠠᠪᠤᠷᠢ ᠶᠢ 289 ᠲᠦᠮᠡᠨ ᠲᠤᠨ ᠎ ᠳᠤ ᠬᠦᠷᠭᠡᠨ᠂ ᠪᠦᠭᠦ ᠪᠥᠮᠪᠥᠷᠴᠡᠭ ᠤᠨ ᠬᠠᠮᠤᠭ ᠤᠨ ᠶᠡᠭᠡ BDO᠎ ᠶᠢᠨ ᠨᠢᠭᠡ ᠴᠣᠭᠴᠠᠵᠢᠭᠰᠠᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢᠨ ᠬᠠᠮᠲᠤ ᠭᠠᠷᠤᠯᠲᠠ ᠶᠢᠨ ᠭᠠᠵᠠᠷ ᠤᠨ ᠳᠠᠪᠠᠭᠤᠯᠢᠭ ᠢᠶᠠᠨ ᠠᠰᠢᠭᠯᠠᠨ᠂ ᠠᠮᠢᠳᠤ ᠪᠣᠳᠠᠰ ᠤᠨ ᠵᠠᠳᠠᠷᠠᠬᠤ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠰᠢᠢᠳᠪᠦᠷᠢᠯᠡᠬᠦ ᠎ ᠳᠤ ᠬᠦᠴᠢᠷ ᠠᠰᠠᠭᠤᠳᠠᠯ ᠢ ᠪᠦᠭᠦ ᠣᠷᠣᠨ ᠪᠦᠰᠡ ᠪᠠᠷ ᠳᠡᠯᠭᠡᠷᠡᠭᠦᠯᠬᠦ ᠶᠢ ᠠᠬᠢᠭᠤᠯᠵᠤ ᠪᠠᠶᠢᠨ᠎ᠠ; ᠤᠯᠠᠭᠠᠨᠴᠠᠪ ᠬᠤᠲᠠ ᠬᠤᠲᠠ ᠶᠢᠨ ᠳᠡᠰ ᠤᠨ ᠰᠦᠯᠢᠶᠥᠦ ᠪᠦᠷᠬᠦᠪᠴᠢ ᠶᠢᠨ ᠳᠦᠷᠢᠮ ᠢ ᠨᠡᠶᠢᠲᠡᠯᠡᠵᠦ᠂ ᠥᠨᠳᠥᠷ ᠪᠠᠷᠢᠮᠵᠢᠶ᠎ᠠ ᠪᠠᠷ ᠬᠤᠷᠢᠶᠠᠨ ᠠᠪᠬᠤ ᠳᠤ ᠭᠢᠯᠪᠠᠷ ᠵᠤᠵᠠᠭᠠᠨ ᠰᠦᠯᠢᠶᠥᠦ ᠪᠦᠷᠬᠦᠪᠴᠢ ᠶᠢᠨ ᠦᠢᠯᠡᠳᠪᠦᠷᠢᠯᠡᠯ ᠎ ᠤᠨ ᠤᠷ᠎ᠠ ᠮᠡᠷᠭᠡᠰᠢᠯ ᠢ ᠣᠷᠣᠭᠤᠯᠤᠨ ᠠᠪᠴᠢᠷᠠᠵᠤ᠂ ᠬᠤᠷᠢᠶᠠᠨ ᠠᠪᠬᠤ ᠵᠠᠭᠪᠤᠷ ᠤᠨ ᠰᠢᠨ᠎ᠡ ᠶᠢ ᠡᠭᠦᠳᠦᠨ᠂ ᠰᠦᠯᠢᠶᠥᠦ ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠢᠳᠡᠪᠬᠢᠲᠡᠢ ᠠᠬᠢᠭᠤᠯᠵᠤ ᠪᠤᠢ; ᠣᠷᠳᠣᠰ ᠬᠤᠲᠠ ᠡᠳ᠋ ᠤᠨ ᠵᠠᠰᠠᠭ ᠤᠨ ᠲᠤᠰᠬᠠᠢ ᠵᠦᠢᠯ ᠤᠨ ᠪᠡᠯᠡ ᠮᠥᠩᠭᠦ ᠶᠢ 250 ᠲᠦᠮᠡᠨ ᠲᠥᠭᠦᠷᠢᠭ ᠲᠣᠬᠢᠷᠠᠭᠤᠯᠵᠤ᠂ ᠮᠦ ᠪᠦᠷᠢ ᠳᠤ 5 ᠲᠥᠭᠦᠷᠢᠭ ᠤᠨ ᠪᠠᠷᠢᠮᠵᠢᠶ᠎ᠠ ᠪᠠᠷ ᠥᠨᠳᠥᠷ ᠬᠦᠴᠦᠯᠡᠴᠡ ᠲᠠᠢ ᠵᠤᠵᠠᠭᠠᠨ ᠰᠦᠯᠢᠶᠥᠦ ᠪᠦᠷᠬᠦᠪᠴᠢ ᠬᠡᠷᠡᠭᠯᠡᠭᠰᠡᠳ ᠲᠤ ᠨᠡᠮᠡᠯᠲᠡ ᠨᠥᠬᠦᠪᠦᠷᠢ ᠣᠯᠭᠤᠬᠤ ᠶᠢᠨ ᠬᠠᠮᠲᠤ᠂ ᠡᠰᠢ ᠰᠦᠷᠡᠯ ᠪᠠ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠬᠠᠮᠲᠤᠷᠠᠭᠰᠠᠨ ᠠᠵᠢᠯᠯᠠᠭᠠᠨ ᠤ ᠬᠠᠮᠤᠭ ᠤᠨ ᠰᠢᠨ᠎ᠡ ᠲᠣᠮᠣ ᠮᠠᠰᠢᠨ ᠢ ᠣᠷᠣᠭᠤᠯᠤᠨ ᠠᠪᠴᠢᠷᠠᠵᠤ᠂ ᠵᠠᠰᠠᠭ ᠤᠨ ᠣᠷᠳᠣᠨ ᠠᠴᠠ ᠨᠡᠶᠢᠭᠡᠮᠴᠢᠯᠡᠭᠰᠡᠨ ᠦᠢᠯᠡᠴᠢᠯᠡᠭᠡ ᠶᠢ ᠬᠤᠳᠠᠯᠳᠤᠨ ᠠᠪᠬᠤ ᠠᠷᠭ᠎ᠠ ᠭᠡᠯᠪᠡᠷᠢ ᠶᠢ ᠬᠡᠷᠡᠭᠯᠡᠨ ᠮᠠᠰᠢᠨ ᠮᠧᠬᠠᠨᠢᠭ ᠢᠶᠠᠷ ᠲᠥᠪᠯᠡᠷᠡᠭᠦᠯᠦᠨ ᠬᠤᠷᠢᠶᠠᠨ ᠠᠪᠬᠤ ᠵᠢᠱᠢᠶ᠎ᠡ ᠦᠵᠡᠭᠦᠯᠵᠦ᠂ ᠲᠠᠷᠢᠶᠠᠴᠢᠳ ᠤᠨ ᠵᠤᠵᠠᠭᠠᠨ ᠰᠦᠯᠢᠶᠥᠦ ᠪᠦᠷᠬᠦᠪᠴᠢ ᠪᠠ ᠠᠮᠢᠳᠤ ᠪᠣᠳᠠᠰ ᠤᠨ ᠵᠠᠳᠠᠷᠠᠬᠤ ᠰᠦᠯᠢᠶᠥᠦ ᠪᠦᠷᠬᠦᠪᠴᠢ ᠬᠡᠷᠡᠭᠯᠡᠬᠦ ᠢᠳᠡᠪᠬᠢᠵᠢᠯ ᠢ ᠳᠡᠭᠡᠭᠰᠢᠯᠡᠭᠦᠯᠵᠤ ᠪᠠᠶᠢᠨ᠎ᠠ ᠁
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ