ᠮᠠᠨ ᠤ ᠣᠷᠣᠨ ︽ᠵᠠᠷ ᠮᠡᠳᠡᠭᠡ ᠪᠠᠷ ᠲᠠᠷᠢᠶᠠᠯᠠᠩ ᠢ ᠳᠡᠮᠵᠢᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠪᠤᠢ
ᠨᠡᠶᠢᠲᠡᠯᠡᠭᠰᠡᠨ ᠴᠠᠭ᠄
2024/8/28
     ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠮᠠᠨ  ᠤ ᠣᠷᠣᠨ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠳᠠᠬᠢ ᠵᠠᠷ ᠮᠡᠳᠡᠭᠡ ᠶᠢᠨ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ ᠡᠯ᠎ᠡ ᠭᠠᠵᠠᠷ ᠢ ᠵᠣᠬᠢᠶᠠᠨ ᠪᠠᠶᠢᠭᠤᠯᠤᠨ ︽ᠵᠠᠷ ᠮᠡᠳᠡᠭᠡ ᠪᠠᠷ ᠲᠠᠷᠢᠶᠠᠯᠠᠩ ᠢ ᠳᠡᠮᠵᠢᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠨ᠂ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ  ᠤ ᠪᠣᠷᠤᠯᠠᠭᠤᠯᠭ᠎ᠠ ᠶᠢ ᠠᠬᠢᠭᠤᠯᠤᠭᠰᠠᠨ ᠪᠠᠶᠢᠨ᠎ᠠ᠃     ᠣᠲᠤᠭ ᠬᠤᠰᠢᠭᠤ ︽ᠵᠠᠷ ᠮᠡᠳᠡᠭᠡ ᠪᠠᠷ ᠲᠠᠷᠢᠶᠠᠯᠠᠩ ᠢ ᠳᠡᠮᠵᠢᠬᠦ︾ ᠠᠵᠢᠯᠯᠠᠭ᠎ᠠ ᠪᠠᠷ ᠲᠠᠮᠵᠢᠨ ︽ᠦᠮᠡᠬᠡᠢ ᠨᠠᠭᠤᠷ ᠨᠤᠲᠤᠭ ᠤᠨ ᠲᠠᠭᠢᠶ᠎ᠠ︾ ᠶᠢᠨ ᠪᠦᠲᠦᠭᠡᠭᠳᠡᠬᠦᠨ  ᠤ ᠲᠦᠷᠦᠯ ᠲᠡᠮᠳᠡᠭ ᠢ ᠣᠷᠣᠨ ᠳᠠᠶᠠᠭᠠᠷ ᠲᠤ ᠠᠯᠳᠠᠷᠰᠢᠭᠤᠯᠪᠠ; ᠤᠯᠠᠭᠠᠨᠬᠠᠳᠠ ᠬᠤᠲᠠ 10 ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠵᠡᠷ ᠮᠡᠳᠡᠭᠡ  ᠪᠠᠷ ᠬᠠᠪᠰᠤᠷᠤᠨ ᠲᠡᠳᠬᠦᠬᠦ ᠡᠲᠡᠭᠡᠳ ᠪᠤᠯᠭᠠᠵᠤ᠂ ᠨᠥᠯᠥᠭᠡᠯᠡᠬᠦ ᠬᠦᠴᠦᠨ ᠪᠦᠬᠦᠢ ᠸᠢᠳᠢᠤ᠋ ᠪᠦᠲᠦᠭᠡᠯ ᠦᠢᠯᠡᠳᠴᠦ ᠨᠡᠶᠢᠲᠡᠯᠡᠨ᠂ ᠮᠠᠯ ᠠᠵᠤ ᠠᠬᠤᠢ ᠲᠠᠷᠢᠶᠠᠯᠠᠩ ᠤᠨ ᠲᠥᠷᠥᠯ ᠲᠡᠮᠳᠡᠭ ᠤᠨ ᠨᠡᠷ᠎ᠡ ᠠᠯᠳᠠᠷᠰᠢᠯ ᠢ ᠴᠢᠨᠠᠭᠰᠢᠳᠠ ᠳᠡᠭᠡᠭᠰᠢᠯᠡᠭᠦᠯᠪᠡ ᠁ ᠣᠶᠢᠯᠠᠭᠠᠭᠰᠠᠨ ᠢᠶᠠᠷ᠂ ᠣᠳᠣᠬᠠᠨ ᠪᠤᠯᠲᠠᠯ᠎ᠠ ᠪᠦᠭᠦ ᠣᠷᠣᠨ ᠳᠤ ᠨᠢᠭᠡᠨᠲᠡ 86 ᠵᠠᠷ ᠮᠡᠳᠡᠭᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠰᠣᠩᠭᠤᠨ 114 ᠵᠦᠢᠯ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠠᠮᠤᠷᠤᠭᠰᠠᠨ ᠪᠣᠷᠤᠯᠠᠭᠤᠯᠭ᠎ᠠ ᠶᠢᠨ ᠬᠠᠮᠵᠢᠯᠴᠠᠭ᠎ᠠ ᠪᠠᠶᠢᠭᠤᠯᠵᠤ᠂ 111 ᠬᠤᠪᠢ ᠲᠠᠷᠢᠶᠠᠯᠠᠩ ᠪᠠ ᠠᠵᠤ ᠠᠬᠤᠶᠢᠯᠠᠯ ᠢ ᠲᠤᠰᠠᠯᠠᠬᠤ ᠵᠠᠷ ᠮᠡᠳᠡᠭᠡ ᠦᠢᠯᠡᠳᠴᠦ ᠨᠡᠶᠢᠲᠡᠯᠡᠬᠦ ᠶᠢᠨ ᠬᠠᠮᠲᠤ ᠤᠯᠠᠨ ᠭᠡᠯᠪᠡᠷᠢ ᠶᠢᠨ ᠵᠠᠷ ᠮᠡᠳᠡᠭᠡ ᠶᠢᠨ ᠪᠦᠲᠦᠭᠡᠯ ᠢ ᠳᠡᠯᠭᠡᠨ ᠦᠵᠡᠭᠦᠯᠭᠦ ᠠᠵᠢᠯᠯᠠᠭ᠎ᠠ ᠪᠠᠷ ᠳᠠᠮᠵᠢᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠤᠨ ᠨᠡᠷ᠎ᠡ ᠠᠯᠳᠠᠷᠰᠢᠯ ᠪᠣᠯᠣᠨ ᠨᠥᠯᠥᠭᠡᠯᠡᠬᠦ ᠬᠦᠴᠦᠨ ᠢ ᠠᠬᠢᠭᠤᠯᠤᠭᠰᠠᠨ ᠪᠠᠶᠢᠨ᠎ᠠ᠃     ᠡᠨᠡ ᠵᠢᠯ ᠤᠨ 3 ᠰᠠᠷ᠎ᠠ ᠳᠤ ︽ᠵᠠᠷ ᠮᠡᠳᠡᠭᠡ ᠪᠠᠷ ᠲᠠᠷᠢᠶᠠᠯᠠᠩ ᠢ ᠳᠡᠮᠵᠢᠬᠦ︾ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠭᠠᠰᠢ᠂ ᠮᠠᠨ ᠤ ᠣᠷᠣᠨ ᠤ ᠡᠯ᠎ᠡ ᠭᠠᠵᠠᠷ  ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠳᠠᠲᠠᠢ ᠠᠷᠭ᠎ᠠ ᠬᠡᠮᠵᠢᠶ᠎ᠡ ᠠᠪᠴᠤ᠂ ᠵᠠᠷ ᠮᠡᠳᠡᠭᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠲᠤᠬᠠᠢ ᠶᠢᠨ ᠭᠠᠵᠠᠷ ᠣᠷᠣᠨ ᠤ ᠪᠠᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠠ ᠮᠠᠯ ᠠᠵᠤ ᠠᠬᠤᠢ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠤᠨ ᠲᠥᠷᠥᠯ ᠲᠡᠮᠳᠡᠭ ᠢ ᠴᠣᠭᠴᠠᠯᠠᠬᠤ ᠳᠤ ᠣᠷᠤᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠦᠢᠯᠡᠳᠦᠭᠰᠡᠨ ᠵᠠᠷ ᠮᠡᠳᠡᠭᠡ ᠶᠢᠨ ᠪᠦᠲᠦᠭᠡᠯ ᠤᠨ ᠶᠠᠰᠤ ᠴᠢᠨᠠᠷ ᠢ 2023 ᠣᠨ ᠤ ᠬᠢ ᠠᠴᠠ ᠢᠯᠡᠳᠲᠡ ᠳᠡᠭᠡᠭᠰᠢᠯᠡᠭᠦᠯᠪᠡ᠃ 5 ᠰᠠᠷ᠎ᠠ ᠠᠴᠠ ᠨᠠᠭᠠᠰᠢ᠂ ᠡᠯ᠎ᠡ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯ᠎ᠡ ᠱᠠᠲᠤᠨ ᠤ ᠠᠳᠠᠯᠢ ᠪᠤᠰᠤ ᠵᠠᠭᠤᠴᠢᠯᠠᠭᠤᠷ ᠢᠶᠠᠷ ᠣᠯᠠᠨ ᠭᠡᠯᠪᠡᠷᠢ ᠶᠠᠩᠵᠤ ᠶᠢᠨ ᠤᠬᠠᠭᠤᠯᠭ᠎ᠠ ᠮᠡᠳᠡᠭᠡᠯᠡᠯ ᠥᠷᠨᠢᠭᠦᠯᠵᠦ᠂ ᠲᠣᠰ ᠭᠠᠵᠠᠷ ᠣᠷᠣᠨ ᠤ ᠪᠠᠨ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠠᠵᠤ ᠦᠢᠯᠡᠰ ᠤᠨ ᠪᠦᠲᠦᠭᠡᠭᠳᠡᠬᠦᠨ ᠤ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠪᠦᠭᠦ ᠬᠦᠴᠦᠨ ᠢᠶᠠᠷ ᠳᠡᠭᠡᠭᠰᠢᠯᠡᠭᠦᠯᠪᠡ᠃ ᠤᠯᠠᠭᠠᠨᠬᠠᠳᠠ ᠬᠤᠲᠠ ᠲᠠᠷᠢᠶᠠᠯᠠᠩ ᠳᠤ ᠬᠤᠯᠪᠣᠭᠳᠠᠬᠤ 24 ᠠᠵᠤ ᠠᠬᠤᠶᠢᠯᠠᠯ᠂ 36 ᠲᠥᠷᠥᠯ ᠤᠨ ᠪᠦᠲᠦᠭᠡᠭᠳᠡᠬᠦᠨ ᠢ 2024 ᠣᠨ ᠤ ︽ᠵᠠᠷ ᠮᠡᠳᠡᠭᠡ ᠪᠠᠷ ᠲᠠᠷᠢᠶᠠᠯᠠᠩ ᠢ ᠳᠡᠮᠵᠢᠬᠦ︾ ᠠᠵᠢᠯᠯᠠᠭ᠎ᠠ ᠶᠢᠨ ᠲᠠᠨᠢᠯᠴᠠᠭᠤᠯᠬᠤ ᠨᠡᠷᠡᠰ ᠲᠤ ᠵᠢᠭᠰᠠᠭᠠᠨ ᠤᠷᠤᠭᠤᠯᠪᠠ; ᠣᠷᠳᠣᠰ ᠬᠤᠲᠠ ︽ᠳᠤᠯᠠᠭᠠᠨ ᠬᠤᠲᠠ ᠶᠢᠨ ᠲᠠᠩᠰᠤᠭ ᠠᠮᠲᠠ︾ ᠬᠤᠲᠠ ᠶᠢᠨ ᠲᠠᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠪᠦᠭᠦ ᠲᠠᠯ᠎ᠠ ᠪᠠᠷ ᠪᠤᠶ ᠪᠤᠯᠭᠠᠪᠠ; ᠬᠥᠯᠥᠨ ᠪᠤᠶᠢᠷ ᠬᠤᠲᠠ ︽ᠥᠪᠥᠷ ᠮᠣᠩᠭᠤᠯ ᠨᠡᠷᠡᠮᠵᠢᠲᠦ︾ ᠲᠦᠷᠦᠯ ᠲᠡᠮᠳᠡᠭ ᠤᠨ ᠦᠨᠡᠮᠯᠡᠯ ᠣᠯᠣᠭᠰᠠᠨ ᠠᠵᠤ ᠠᠬᠤᠶᠢᠯᠠᠯ ᠢᠶᠠᠷ ᠭᠤᠣᠯᠳᠠᠯᠭ᠎ᠠ ᠪᠣᠯᠭᠠᠨ ᠦᠢᠯᠡᠳᠦᠭᠰᠡᠨ ᠵᠠᠷ ᠮᠡᠳᠡᠭᠡ ᠶᠢᠨ ᠪᠦᠲᠦᠭᠡᠯ ᠢᠶᠠᠨ ᠭᠦᠭᠡᠬᠤᠳᠠ — ᠪᠡᠭᠡᠵᠢᠩ ᠬᠦᠷᠬᠦ ᠲᠦᠷᠭᠡᠨ ᠤ ᠲᠡᠮᠦᠷ ᠵᠠᠮ᠂ ᠪᠡᠭᠡᠵᠢᠩ — ᠱᠠᠩᠬᠠᠢ ᠬᠦᠷᠬᠦ ᠲᠦᠷᠭᠡᠨ ᠤ ᠲᠡᠮᠦᠷ ᠵᠠᠮ ᠢᠶᠠᠷ ᠠᠶᠠᠯᠠᠵᠤ ᠪᠠᠶᠢᠭ᠎ᠠ 3 ᠪᠦᠯᠦᠭ ᠰᠡᠷᠭᠦᠨ ᠮᠠᠨᠳᠤᠯᠲᠠ ᠨᠡᠷᠡᠮᠵᠢᠲᠦ ᠲᠦᠷᠭᠡᠨ ᠤ ᠭᠠᠯᠲᠤ ᠲᠡᠷᠭᠡ ᠶᠢᠨ ᠵᠠᠷ ᠮᠡᠳᠡᠭᠡᠨ ᠤ ᠳᠡᠯᠭᠡᠴᠡ ᠳᠡᠭᠡᠷ᠎ᠡ ᠡᠷᠭᠢᠯᠳᠦᠭᠦᠯᠦᠨ ᠳᠡᠯᠭᠡᠨ ᠦᠵᠡᠭᠦᠯᠵᠦ ᠨᠡᠪᠲᠡᠷᠡᠭᠦᠯᠪᠡ᠃     ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠰᠠ ᠲᠤᠰᠬᠠᠢ ᠮᠡᠷᠭᠡᠵᠢᠯ ᠤᠨ ᠯᠧᠺᠲ᠋ᠣᠷ᠂ ᠶᠡᠭᠡ ᠳᠡᠭᠡᠳᠦ ᠰᠤᠷᠭᠠᠭᠤᠯᠢ ᠶᠢᠨ ᠫᠷᠤᠹᠧᠰᠰᠤᠷ ᠪᠣᠯᠣᠨ ᠠᠵᠢᠯ ᠲᠥᠷᠥᠯ ᠤᠨ ᠳᠣᠲᠣᠭᠠᠳᠤ ᠳᠤ ᠨᠡᠷ᠎ᠡ ᠲᠥᠷᠥ ᠲᠠᠢ ᠲᠤᠰᠬᠠᠢ ᠮᠡᠷᠭᠡᠵᠢᠯᠲᠡᠨ ᠢ ᠤᠷᠢᠵᠤ ᠵᠢᠭᠠᠨ ᠰᠤᠷᠭᠠᠯᠲᠠ ᠶᠢᠨ ᠪᠦᠯᠭᠦᠮ ᠪᠠᠶᠢᠭᠤᠯᠤᠨ ᠤᠯᠠᠭᠠᠨᠬᠠᠳᠠ ᠬᠤᠲᠠ᠂ ᠬᠥᠯᠥᠨ ᠪᠤᠶᠢᠷ ᠬᠤᠲᠠ᠂ ᠰᠢᠯᠢ ᠶᠢᠨ ᠭᠤᠣᠯ ᠠᠶᠢᠮᠠᠭ ᠤᠨ ᠬᠡᠰᠡᠭ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠦᠷᠴᠦ ᠢᠨᠲ᠋ᠧᠷ ᠰᠦᠯᠵᠢᠶᠡᠨ ᠤ ᠵᠠᠷ ᠮᠡᠳᠡᠭᠡᠨ ᠤ ᠲᠣᠭᠲᠠᠭᠠᠯ ᠳᠤ ᠨᠡᠶᠢᠴᠡᠬᠦ ᠵᠢᠯᠣᠭᠤᠳᠤᠯᠭ᠎ᠠ ᠵᠢᠴᠢ ᠰᠦᠯᠵᠢᠶᠡᠨ ᠤ ᠡᠵᠡᠩᠨᠡᠨ ᠪᠣᠷᠣᠯᠠᠭᠤᠯᠬᠤ ᠤᠷ᠎ᠠ ᠴᠢᠳᠠᠪᠤᠷᠢ  ᠶᠢᠨ ᠪᠣᠯᠪᠠᠰᠤᠷᠠᠯ ᠥᠷᠨᠢᠭᠦᠯᠵᠦ᠂ ᠨᠡᠶᠢᠲᠡ 253 ᠠᠵᠤ ᠠᠬᠤᠶᠢᠯᠠᠯ᠂ 360 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠤ᠂ ᠠᠵᠤ ᠠᠬᠤᠶᠢᠯᠠᠯ ᠤᠨ ᠰᠦᠯᠵᠢᠶᠡᠨ  ᠤ ᠡᠵᠡᠩᠨᠡᠨ ᠪᠣᠷᠣᠯᠠᠭᠤᠯᠬᠤ ᠠᠷᠭ᠎ᠠ ᠪᠠᠷᠢᠯ ᠢ ᠠᠰᠢᠭᠯᠠᠨ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠢᠶᠠᠨ ᠥᠷᠭᠡᠳᠬᠡᠬᠦ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠭᠰᠡᠨ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ