ᠮᠠᠨ ᠤ ᠣᠷᠣᠨ ︽ᠦᠨᠳᠦᠰᠦᠨ ᠲᠠᠷᠢᠶᠠᠨ ᠭᠠᠵᠠᠷ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠤᠷᠢᠳ ᠢᠶᠠᠷ ᠪᠦᠲᠦᠭᠡᠨ ᠪᠠᠶᠢᠭᠤᠯᠬᠤ︾ ᠴᠢᠬᠤᠯᠠ | ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠠᠨᠨᠠᠭᠤᠷ ᠬᠤᠲᠠ ᠶᠢᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠪᠦᠭᠦ | ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠠᠵᠢᠯ ᠢ ᠠᠬᠢᠭᠤᠯᠬᠤ ᠪᠠᠷ ᠭᠠᠷᠳᠠᠴᠠ | ᠪᠣᠯᠭᠠᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ ᠨᠡᠮᠡᠭᠳᠡᠭᠦᠯᠵᠦ᠂ ᠲᠤᠷᠰᠢᠯᠲᠠ ᠬᠢᠵᠦ ᠵᠢᠱᠢᠶ᠎ᠡ ᠦᠵᠡᠭᠦᠯᠭᠦ ᠶᠢ ᠴᠢᠩᠭᠠᠳᠬᠠᠨ᠂ ᠲᠣᠭᠲᠠᠴᠠ ᠶᠢᠨ ᠰᠢᠨ᠎ᠡ ᠶᠢ | ᠡᠭᠦᠳᠬᠦ ᠶᠢ ᠴᠢᠬᠤᠯᠠᠴᠢᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ ᠪᠤᠢ᠃ | ᠮᠠᠨ ᠤ ᠣᠷᠣᠨ 2011 ᠣᠨ ᠠᠴᠠ ᠨᠠᠭᠠᠰᠢ 5237 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠪᠦᠲᠦᠭᠡᠨ | ᠪᠠᠶᠢᠭᠤᠯᠤᠯᠲᠠ ᠶᠢᠨ ᠶᠡᠷᠦᠩᠬᠡᠢ ᠬᠡᠮᠵᠢᠶ᠎ᠡ ᠪᠣᠯᠣᠨ ᠥᠨᠳᠥᠷ ᠦᠷ᠎ᠡ ᠠᠰᠢᠭᠲᠤ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠪᠠᠷ ᠴᠥᠮ ᠪᠦᠭᠦ ᠤᠯᠤᠰ ᠤᠨ | ᠡᠮᠦᠨ᠎ᠡ ᠡᠩᠨᠡᠭᠡᠨ ᠳᠤ ᠣᠷᠣᠪᠠ᠃ ᠡᠭᠦᠨ ᠳᠤ ᠪᠠᠶᠠᠨᠨᠠᠭᠤᠷ ᠬᠤᠲᠠ ᠪᠦᠭᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠭᠤᠣᠯᠳᠠᠯᠭ᠎ᠠ ᠲᠠᠢ ᠠᠶᠢᠮᠠᠭ ᠬᠤᠲᠠ ᠪᠣᠯᠤᠭᠰᠠᠨ ᠤ ᠬᠤᠪᠢ ᠳᠤ᠂ 2011 ᠣᠨ ᠠᠴᠠ ᠨᠠᠭᠠᠰᠢ ᠨᠢᠭᠡᠨᠲᠡ 1021 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠪᠦᠲᠦᠭᠡᠨ ᠪᠠᠶᠢᠭᠤᠯᠵᠤ ᠳᠠᠭᠤᠰᠬᠠᠭᠠᠳ ᠪᠦᠭᠦ ᠬᠤᠲᠠ ᠶᠢᠨ 1089 ᠲᠦᠮᠡᠨ ᠮᠦ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ 93.7% ᠶᠢ | ᠡᠵᠡᠯᠡᠪᠡ᠃ ᠪᠠᠶᠠᠨᠨᠠᠭᠤᠷ ᠬᠤᠲᠠ ︽ᠭᠤᠷᠪᠠ ᠶᠢ ᠡᠪᠳᠡᠵᠦ᠂ ᠲᠠᠪᠤ ᠶᠢ ᠨᠢᠭᠡᠳᠦᠯᠲᠡᠢ ᠪᠠᠶᠢᠯᠭᠠᠨ᠂ ᠨᠢᠭᠡ ᠶᠢ ᠰᠢᠨ᠎ᠡ ᠪᠠᠷ ᠬᠤᠪᠢᠶᠠᠷᠢᠯᠠᠨ ᠡᠵᠡᠩᠨᠡᠬᠦ︾ ᠪᠦᠲᠦᠭᠡᠨ | ᠪᠠᠶᠢᠭᠤᠯᠤᠯᠲᠠ ᠶᠢᠨ ᠵᠠᠭᠪᠤᠷ ᠢ ᠠᠩᠬ᠎ᠠ ᠡᠭᠦᠳᠦᠭᠰᠡᠨ ᠪᠥᠭᠡᠳ 10 ᠭᠠᠷᠤᠢ ᠵᠢᠯ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠳᠡᠯᠭᠡᠷᠡᠭᠦᠯᠦᠭᠦᠰᠢᠲᠡᠢ ᠲᠤᠷᠰᠢᠯᠭ᠎ᠠ ᠶᠢ ᠪᠦᠷᠢᠯᠳᠦᠭᠦᠯᠦᠭᠰᠡᠨ ᠪᠠᠶᠢᠨ᠎ᠠ᠃ | — ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠠᠴᠠ ᠲᠤᠷᠰᠢᠯᠲᠠ ᠶᠢᠨ ᠴᠡᠭ ᠤᠨ ᠭᠠᠵᠠᠷ ᠣᠷᠣᠨ ᠳᠤ ᠶᠡᠭᠡ | ᠳᠡᠮᠵᠢᠯᠭᠡ ᠦᠵᠡᠭᠦᠯᠵᠦ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠤᠷᠢᠳ ᠢᠶᠠᠷ ᠪᠠᠲᠤᠯᠠᠨ᠂ ︽ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ︾᠂ ︽ᠪᠦᠲᠦᠭᠡᠨ | ᠪᠠᠶᠢᠭᠤᠯᠬᠤ ᠪᠠ ᠡᠵᠡᠩᠨᠡᠬᠦ ᠶᠢ ᠨᠢᠭᠡ ᠴᠣᠭᠴᠠᠵᠢᠭᠤᠯᠬᠤ︾ ᠵᠡᠷᠭᠡ ᠪᠦᠲᠦᠭᠡᠨ ᠪᠠᠶᠢᠭᠤᠯᠵᠤ ᠬᠠᠮᠢᠶᠠᠷᠬᠤ ᠵᠠᠭᠪᠤᠷ ᠲᠤ ᠲᠤᠷᠰᠢᠯᠲᠠ ᠶᠢᠨ ᠰᠢᠨ᠎ᠡ ᠶᠢ ᠡᠭᠦᠳᠴᠦ᠂ | ᠨᠢᠳᠤᠨᠤᠨ ᠨᠡᠶᠢᠭᠡᠮ ᠤᠨ ᠡᠳ᠋ ᠬᠥᠷᠥᠩᠭᠡ ᠶᠢᠨ ᠪᠡᠯᠡ ᠮᠥᠩᠭᠦ ᠶᠢ 1.2 ᠳ᠋ᠦᠩᠰᠢᠭᠤᠷ ᠲᠥᠭᠦᠷᠢᠭ ᠰᠢᠩᠭᠡᠬᠡᠨ ᠠᠪᠴᠠᠢ᠃ ᠬᠤᠵᠢᠷᠯᠢᠭ ᠭᠠᠵᠠᠷ ᠢ ᠶᠡᠷᠦᠩᠬᠡᠶᠢᠯᠡᠨ | ᠠᠰᠢᠭᠯᠠᠬᠤ ᠵᠡᠷᠭᠡ ᠲᠥᠷᠥᠯ ᠵᠦᠢᠯ ᠢ ᠪᠦᠭᠦ ᠤᠰᠤᠯᠠᠯᠲᠠ ᠶᠢᠨ ᠣᠷᠣᠨ ᠤ ᠲᠤᠷᠰᠢᠯᠲᠠ ᠶᠢᠨ ᠴᠡᠭ ᠤᠨ ᠭᠠᠵᠠᠷ ᠤᠷᠤᠭᠤ ᠢᠯᠡᠭᠦᠦ ᠬᠡᠯᠪᠡᠶᠢᠯᠭᠡᠵᠦ᠂ ᠲᠠᠷᠢᠶᠠᠨ ᠭᠠᠵᠠᠷ | ᠤᠨ ᠪᠦᠲᠦᠭᠡᠨ ᠪᠠᠶᠢᠭᠤᠯᠤᠯᠲᠠ ᠶᠢᠨ ︽ᠦᠯᠢᠭᠡᠷ ᠶᠠᠩᠵᠤ ᠣᠷᠣᠨ︾ ᠪᠣᠯᠭᠠᠨ ᠴᠣᠭᠴᠠᠯᠠᠪᠠ᠃ ︽ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠪᠦᠭᠦ ᠣᠷᠣᠨ | ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠲᠤᠬᠠᠢ | ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠲᠥᠷᠥᠯ ᠵᠦᠢᠯ ᠲᠣᠭᠲᠠᠭᠠᠬᠤ᠂ ᠨᠠᠮᠤᠷ ᠤᠨ ᠤᠯᠠᠷᠢᠯ ᠳᠤ ᠤᠷᠢᠳᠴᠢᠯᠠᠨ ᠪᠠᠷᠢᠯᠭ᠎ᠠ ᠡᠬᠢᠯᠡᠭᠦᠯᠬᠦ᠂ ᠵᠢᠯ ᠪᠦᠷᠢ | ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ ᠮᠥᠩᠭᠦ ᠶᠢ 5000 ᠲᠦᠮᠡᠨ ᠲᠥᠭᠦᠷᠢᠭ ᠲᠣᠬᠢᠷᠠᠭᠤᠯᠬᠤ ᠵᠡᠷᠭᠡ ᠬᠠᠲᠠᠭᠤ ᠴᠢᠩᠭ᠎ᠠ ᠠᠷᠭ᠎ᠠ ᠬᠡᠮᠵᠢᠶ᠎ᠡ ᠶᠢ | ᠬᠡᠷᠡᠭᠵᠢᠭᠦᠯᠪᠡ᠃ | — ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠪᠠ᠃ ᠨᠢᠳᠤᠨᠤᠨ ᠮᠠᠨ ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠣᠨ ᠤ ᠡᠭᠦᠷᠭᠡ ᠪᠠᠨ ᠲᠣᠬᠢᠷᠠᠭᠤᠯᠬᠤ ᠳᠠᠭᠠᠨ ᠤᠯᠤᠰ ᠤᠨ 2 ᠪᠦᠭᠦ ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠲᠤ 128 ᠲᠦᠮᠡᠨ ᠮᠦ ᠲᠣᠬᠢᠷᠠᠭᠤᠯᠵᠤ᠂ ᠪᠦᠭᠦ ᠣᠷᠣᠨ ᠤ 32% ᠢ ᠡᠵᠡᠯᠡᠪᠡ᠃ ︽ᠭᠤᠷᠪᠠᠨ | ᠱᠠᠲᠤ ᠪᠠᠷ ᠬᠤᠯᠪᠤᠭᠠᠯᠠᠨ ᠬᠥᠳᠡᠯᠦᠯᠴᠡᠬᠦ︾ ᠨᠢᠭᠡᠳᠦᠯᠲᠡᠢ ᠵᠢᠯᠣᠭᠤᠳᠤᠯᠭ᠎ᠠ ᠪᠠᠷ ᠳᠠᠮᠵᠢᠨ ᠠᠬᠢᠴᠠ ᠶᠢ ᠲᠦᠷᠭᠡᠳᠬᠡᠬᠦ᠂ ᠶᠠᠰᠤ ᠴᠢᠨᠠᠷ ᠢ ᠬᠠᠮᠢᠶᠠᠷᠤᠨ ᠡᠵᠡᠮᠳᠡᠬᠦ᠂ | ᠲᠣᠭᠠᠴᠠᠭ᠎ᠠ ᠬᠢᠬᠦ ᠶᠢ ᠪᠠᠲᠤᠯᠠᠬᠤ᠂ ᠨᠡᠶᠢᠲᠡᠯᠢᠭ ᠵᠢᠱᠢᠶ᠎ᠡ ᠦᠵᠡᠭᠦᠯᠭᠦ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠵᠡᠷᠭᠡ ᠶᠢ | ᠤᠷᠤᠭᠰᠢᠲᠠᠢ ᠠᠬᠢᠭᠤᠯᠪᠠ᠃ ᠣᠳᠣᠬᠠᠨ ᠳᠤ ᠡᠨᠡ ᠵᠢᠯ ᠤᠨ 158 ᠲᠦᠮᠡᠨ ᠮᠦ ᠶᠢᠨ ᠲᠥᠷᠥᠯ ᠵᠦᠢᠯ ᠢ ᠨᠢᠭᠡᠨᠲᠡ ᠪᠦᠭᠦ ᠲᠠᠯ᠎ᠠ ᠪᠠᠷ ᠡᠬᠢᠯᠡᠭᠦᠯᠵᠡᠢ᠃ | — ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠪᠡ᠃ ᠤᠯᠤᠰ ᠤᠨ ᠪᠦᠭᠦ ᠣᠷᠣᠨ ᠪᠦᠰᠡ ᠶᠢᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠦᠭᠦ ᠰᠢᠶᠠᠨ | ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠵᠦ᠂ ᠨᠢᠭᠡ ᠠᠶᠢᠮᠠᠭ | ᠬᠤᠲᠠ ᠳᠤ ᠨᠢᠭᠡ ᠪᠦᠭᠦ ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠲᠠᠢ | ᠪᠠᠶᠢᠯᠭᠠᠬᠤ ᠠᠵᠢᠯ ᠤᠨ ᠪᠠᠶᠢᠷᠢᠰᠢᠯ ᠢ ᠪᠤᠢ ᠪᠤᠯᠭᠠᠵᠤ᠂ ᠪᠤᠰᠤᠳ ᠭᠠᠵᠠᠷ ᠣᠷᠣᠨ ᠢ ᠳᠠᠶᠢᠴᠢᠯᠠᠨ ᠱᠠᠲᠤ ᠳᠠᠷᠠᠭᠠᠯᠠᠨ ᠠᠬᠢᠭᠤᠯᠪᠠ᠃ ᠪᠦᠭᠦ ᠣᠷᠣᠨ ᠪᠦᠰᠡ ᠶᠢᠨ | ᠲᠤᠷᠰᠢᠯᠲᠠ ᠪᠠᠷ ᠭᠤᠣᠯᠳᠠᠯᠭ᠎ᠠ ᠪᠣᠯᠭᠠᠨ ᠪᠦᠭᠦ ᠤᠯᠤᠰ ᠤᠨ ︽ᠲᠣᠮᠣ ᠲᠠᠷᠢᠶᠠᠨ ᠭᠠᠵᠠᠷ︾ ᠤᠨ ᠵᠢᠱᠢᠶ᠎ᠡ ᠦᠵᠡᠭᠦᠯᠭᠦ ᠠᠵᠢᠯ ᠢ ᠪᠦᠭᠦ ᠬᠦᠴᠦᠨ ᠢᠶᠠᠷ ᠢᠶᠠᠨ | ᠪᠦᠲᠦᠭᠡᠨ ᠪᠠᠶᠢᠭᠤᠯᠪᠠ᠃ ᠲᠤᠬᠠᠶᠢᠯᠠᠪᠠᠯ᠄ ᠲᠠᠯ᠎ᠠ ᠭᠠᠵᠠᠷ ᠲᠤ ︽ᠨᠢᠭᠡ ᠡᠷᠦᠭᠡ ᠳᠤ ᠨᠢᠭᠡ ᠳᠥᠷᠪᠡᠯᠵᠢᠨ ᠲᠠᠷᠢᠶ᠎ᠠ ᠲᠠᠢ ᠪᠠᠶᠢᠯᠭᠠᠬᠤ︾᠂ ᠠᠭᠤᠯᠠᠷᠬᠠᠭ ᠣᠷᠣᠨ ᠳᠤ | ︽ᠨᠢᠭᠡ ᠡᠷᠦᠭᠡ ᠳᠤ ᠨᠢᠭᠡ ᠱᠠᠲᠤᠨ ᠲᠠᠷᠢᠶ᠎ᠠ ᠲᠠᠢ ᠪᠠᠶᠢᠯᠭᠠᠬᠤ︾᠂ ᠳᠣᠪᠣᠷᠬᠠᠭ ᠣᠷᠣᠨ ᠳᠤ ︽ᠨᠢᠭᠡ ᠡᠷᠦᠭᠡ ᠳᠤ ᠨᠢᠭᠡ ᠵᠤᠷᠪᠤᠰ ᠲᠠᠷᠢᠶ᠎ᠠ ᠲᠠᠢ ᠪᠠᠶᠢᠯᠭᠠᠬᠤ︾ ᠶᠢ | ᠭᠦᠭᠵᠢᠭᠦᠯᠪᠡ; ᠭᠠᠵᠠᠷ ᠳᠡᠭᠡᠷᠡᠬᠢ ᠤᠰᠤᠨ ᠤ ᠤᠰᠤᠯᠠᠯᠲᠠ ᠶᠢᠨ ᠣᠷᠣᠨ ᠳᠤ ᠶᠡᠭᠡ ᠤᠰᠤ ᠪᠠᠷ ᠨᠡᠯᠦᠶᠢᠲᠡᠯ᠎ᠡ ᠤᠰᠤᠯᠠᠬᠤ ᠶᠢ ᠪᠠᠭᠠᠰᠬᠠᠬᠤ᠂ ᠭᠠᠵᠠᠷ ᠳᠣᠣᠷᠠᠬᠢ | ᠤᠰᠤᠨ ᠤ ᠤᠰᠤᠯᠠᠯᠲᠠ ᠶᠢᠨ ᠣᠷᠣᠨ ᠳᠤ ᠳᠤᠰᠤᠯᠭᠠᠨ ᠤᠰᠤᠯᠠᠯᠲᠠ ᠶᠢ ᠨᠡᠮᠡᠭᠳᠡᠭᠦᠯᠬᠦ᠂ ᠬᠠᠭᠤᠷᠠᠢ ᠲᠠᠷᠢᠶᠠᠯᠠᠭ᠎ᠠ ᠶᠢᠨ ᠣᠷᠣᠨ ᠳᠤ ᠤᠰᠤᠯᠠᠯᠲᠠ ᠶᠢ ᠨᠡᠮᠡᠵᠦ | ᠨᠥᠬᠦᠪᠦᠷᠢᠯᠡᠬᠦ ︽ᠶᠡᠭᠡ ᠪᠠᠷ ᠤᠰᠤ ᠠᠷᠪᠢᠯᠠᠬᠤ︾ ᠶᠢ ᠭᠡᠷᠡᠭᠵᠢᠭᠦᠯᠪᠡ; 2011 ᠣᠨ ᠠᠴᠠ ᠨᠠᠭᠠᠰᠢ ᠪᠦᠲᠦᠭᠡᠨ ᠪᠠᠶᠢᠭᠤᠯᠤᠭᠰᠠᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠲᠥᠷᠥᠯ ᠵᠦᠢᠯ ᠢ ᠨᠢᠭᠡᠳᠦᠯᠲᠡᠢ ᠬᠠᠮᠢᠶᠠᠷᠤᠨ ᠬᠠᠮᠠᠭᠠᠯᠠᠬᠤ ︽ᠶᠡᠭᠡ ᠬᠠᠮᠢᠶᠠᠷᠤᠯᠲᠠ ᠬᠠᠮᠠᠭᠠᠯᠠᠯᠲᠠ︾ ᠶᠢ ᠠᠬᠢᠭᠤᠯᠪᠠ︔ 7 ᠶᠡᠭᠡ ᠲᠥᠷᠥᠯ ᠤᠨ | 14 ᠵᠦᠢᠯ ᠤᠨ ᠨᠡᠶᠢᠲᠡᠯᠢᠭ ᠵᠠᠭᠪᠤᠷ ᠢ ᠪᠤᠢ ᠪᠣᠯᠭᠠᠨ ᠳᠡᠯᠭᠡᠷᠡᠭᠦᠯᠪᠡ᠃ |